ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
【5A】 ᠬᠥᠯᠥᠨ ᠪᠣᠶ᠋ᠢᠷ ᠬᠣᠲᠠ ᠎ᠳᠡᠬᠢ ᠳᠤᠮᠳᠠᠳᠤ ᠣᠷᠣᠰ᠎ᠤᠨ ᠬᠢᠯᠢ᠎ᠶᠢᠨ ᠵᠢᠭᠤᠯᠴᠢᠯᠠᠯ᠎ᠤᠨ ᠣᠷᠣᠨ
ᠨᠡᠶ᠋ᠢᠲᠡᠯᠡᠭᠰᠡᠨ ᠴᠠᠭ᠄ 2025-07-18

ᠮᠠᠨᠵᠤᠤᠷ ᠬᠣᠲᠠ ᠎ᠳᠡᠬᠢ ᠳᠤᠮᠳᠠᠳᠤ ᠣᠷᠣᠰ᠎ᠤᠨ ᠬᠢᠯᠢ᠎ᠶᠢᠨ ᠵᠢᠭᠤᠯᠴᠢᠯᠠᠯ᠎ᠤᠨ ᠣᠷᠣᠨ ᠪᠣᠯ ᠬᠥᠯᠥᠨ ᠪᠣᠶ᠋ᠢᠷ᠎ᠤᠨ ᠠᠩᠬᠠᠳᠠᠭ᠍ᠴᠢ ᠤᠯᠤᠰ᠎ᠤᠨ ᠲᠠᠰ᠎ᠤᠨ AAAAA ᠵᠢᠭᠤᠯᠴᠢᠯᠠᠯ᠎ᠤᠨ ᠦᠵᠡᠮᠵᠢ᠎ᠶᠢᠨ ᠣᠷᠣᠨ ᠪᠠᠢᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠦᠲᠦᠭᠡᠨ ᠪᠠᠢᠭᠤᠯᠬᠤ᠎ᠪᠠᠷ ᠪᠠᠢᠭ᠎ᠠ 15 ᠨᠠᠷᠠᠲᠤ ᠲᠡᠮᠳᠡᠭᠲᠦ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠳᠤ ᠬᠠᠮᠤᠷᠤᠨ ᠣᠷᠣᠭᠣᠯᠣᠭ᠍ᠰᠠᠨ ᠪᠠᠢᠨ᠎ᠠ᠃

ᠤᠯᠤᠰ᠎ᠤᠨ ᠡᠭᠦᠳᠡᠨ᠎ᠦ ᠦᠵᠡᠮᠵᠢ᠎ᠶᠢᠨ ᠣᠷᠣᠨ ᠪᠣᠯ ᠳᠤᠮᠳᠠᠳᠤ ᠤᠷᠤᠰ᠎ᠤᠨ ᠬᠢᠯᠢ᠎ᠶᠢᠨ ᠵᠢᠭᠣᠯᠴᠢᠯᠠᠯ᠎ᠤᠨ ᠣᠷᠣᠨ᠎ᠤ ᠳᠣᠲᠣᠷᠠᠬᠢ ᠬᠠᠮᠤᠭ᠎ᠠᠴᠠ ᠢᠯᠡᠭᠦᠦ ᠪᠡᠯᠭᠡ ᠲᠡᠮᠳᠡᠭ᠌᠎ᠤᠨ ᠴᠢᠨᠠᠷᠲᠠᠢ ᠦᠵᠡᠮᠵᠢ᠎ᠶᠢᠨ ᠣᠷᠣᠨ ᠪᠣᠯᠬᠣ ᠨᠢ ᠳᠠᠮᠵᠢᠭ ᠦᠭᠡᠢ ᠶᠤᠮ᠃ ᠲᠠᠪᠣᠳᠠᠬᠢ ᠦᠶ᠎ᠡ᠎ᠶ᠋ᠢᠨ ᠤᠯᠤᠰ᠎ᠤᠨ ᠡᠭᠦᠳᠡ ᠰᠡᠬᠦᠢᠨ ᠰᠦᠨᠳᠡᠷᠯᠡᠵᠦ ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ》 ᠭᠡᠬᠦ ᠳᠣᠯᠣᠭᠠᠨ ᠲᠣᠮᠣ᠌ ᠬᠢᠲᠠᠳ ᠦᠰᠦᠭ ᠨᠢ ᠨᠡᠷᠡᠨ᠎ᠦ ᠭᠡᠷᠡᠯ᠎ᠳᠦ ᠭᠢᠯᠠᠯᠵᠠᠨ ᠭᠡᠷᠡᠯᠲᠥᠨ᠂ ᠤᠯᠤᠰ ᠣᠷᠣᠨ᠎ᠤ ᠡᠷᠬᠡ ᠰᠦᠷ ᠪᠠ ᠬᠦᠴᠦᠨ ᠴᠢᠳᠠᠯ᠎ᠢ  ᠬᠠᠷᠠᠭᠣᠯᠣᠨ᠎ᠠ᠃ ᠤᠯᠤᠰ᠎ᠤᠨ ᠡᠭᠦᠳᠡᠨ᠎ᠦ ᠳᠡᠷᠭᠡᠲᠡ ᠵᠣᠭᠰᠣᠬᠤ᠎ᠳᠤ᠂ ᠨᠢᠭᠡ ᠲᠠᠯ᠎ᠠ᠎ᠳᠤ ᠨᠢ ᠬᠥᠭᠵᠢᠨ ᠴᠡᠴᠡᠭᠯᠡᠭᠰᠡᠨ ᠮᠠᠨᠵᠤᠤᠷ ᠬᠤᠳᠠ ᠪᠠᠢᠵᠤ᠂ ᠥᠨᠳᠥᠷ ᠠᠰᠠᠷ ᠰᠦᠨᠳᠡᠷᠯᠡᠵᠦ᠂ ᠲᠡᠷᠭᠡ ᠤᠨᠤᠭ᠎ᠠ ᠴᠤᠪᠤᠷᠠᠯᠳᠤᠨ᠎ᠠ᠂ ᠨᠥᠭᠥᠭᠡ ᠲᠠᠯ᠎ᠠ᠎ᠳᠦ ᠨᠢ ᠣᠷᠣᠰ᠎ᠤᠨ ᠠᠷᠣ ᠪᠠᠶ᠋ᠢᠭᠠᠯᠰᠺ ᠵᠢᠵᠢᠭ ᠪᠠᠯᠭᠠᠰᠤ ᠰᠡᠭᠦᠢᠨ᠂ ᠬᠠᠷᠢ ᠤᠯᠤᠰ᠎ᠤᠨ ᠥᠩᠭᠡ ᠦᠵᠡᠮᠵᠢ ᠨᠢᠳᠦᠨ᠎ᠳᠦ ᠲᠣᠳᠣᠬᠠᠨ ᠬᠠᠷᠠᠭ᠍ᠳᠠᠨ᠂ ᠦᠨᠳᠦᠰᠦᠲᠡᠨ᠎ᠦ ᠣᠮᠣᠭ᠍ᠰᠢᠯᠲᠣ ᠰᠡᠳᠬᠢᠯᠭᠡ ᠠᠶᠠᠨᠳᠠᠭᠠᠨ ᠪᠤᠶ ᠪᠣᠯᠣᠨ᠎ᠠ᠃ 

ᠬᠡᠷᠪᠡ ᠤᠯᠤᠰ᠎ᠤᠨ ᠡᠭᠦᠳᠡᠨ᠎ᠦ ᠦᠵᠡᠮᠵᠢ᠎ᠶᠢᠨ ᠣᠷᠣᠨ᠎ᠢ ᠲᠡᠦᠬᠡ᠎ᠶ᠋ᠢᠨ ᠪᠠ ᠰᠦᠷ ᠵᠢᠪᠬᠤᠯᠠᠩᠲᠤ᠎ᠶ᠋ᠢᠨ ᠲᠥᠯᠥᠭᠡᠯᠡᠭᠴᠢ ᠭᠡᠵᠦ ᠬᠡᠯᠡᠪᠡᠯ᠂ ᠣᠭ᠍ᠰᠠᠷᠠᠭ᠎ᠠ ᠬᠡᠣᠬᠡᠯᠳᠠᠢ᠎ᠶ᠋ᠢᠨ ᠦᠵᠡᠮᠵᠢ᠎ᠶ᠋ᠢᠨ ᠣᠷᠣᠨ᠎ᠳᠤ ᠵᠡᠭᠦᠳᠦ ᠵᠡᠷᠭᠡᠯᠭᠡᠨ᠂ ᠪᠠᠶᠠᠷ ᠪᠠᠶᠠᠰᠤᠯ ᠪᠠ ᠣᠷᠣᠰ᠎ᠤᠨ ᠵᠠᠩ ᠦᠢᠯᠡ᠎ᠪᠡᠷ ᠪᠢᠯᠬᠠᠨ᠎ᠠ᠃ ᠣᠭ᠍ᠰᠠᠷᠠᠭ᠎ᠠ ᠬᠡᠣᠬᠡᠯᠳᠠᠢ᠎ᠶ᠋ᠢᠨ ᠦᠵᠡᠮᠵᠢ᠎ᠶ᠋ᠢᠨ ᠣᠷᠣᠨ᠎ᠳᠤ ᠠᠯᠬᠣᠨ ᠣᠷᠣᠬᠤ᠎ᠳᠤ 30 ᠮᠧᠲᠷ ᠥᠨᠳᠥᠷ ᠲᠣᠮᠣ᠌ ᠬᠡᠯᠪᠡᠷᠢ ᠎ᠶ᠋ᠢᠨ ᠣᠭ᠍ᠰᠠᠷᠠᠭ᠎ᠠ ᠬᠡᠣᠬᠡᠯᠳᠠᠢ ᠬᠠᠷᠠᠭᠳᠠᠨ᠎ᠠ᠂ ᠡᠨᠡ ᠪᠣᠯ ᠳᠡᠯᠡᠬᠡᠢ ᠳᠡᠭᠡᠷᠡᠬᠢ ᠬᠠᠮᠤᠭ᠎ᠤᠨ ᠲᠣᠮᠣ᠌ ᠣᠭ᠍ᠰᠠᠷᠠᠭ᠎ᠠ ᠬᠡᠣᠬᠡᠯᠳᠠᠢ᠎ᠶ᠋ᠢᠨ ᠪᠠᠷᠢᠯᠭ᠎ᠠ ᠪᠣᠯᠣᠨ᠎ᠠ᠂ ᠲᠡᠷᠡ ᠨᠢ ᠦᠵᠡᠮᠵᠢ᠎ᠶ᠋ᠢᠨ ᠣᠷᠣᠨ᠎ᠤ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ ᠪᠣᠯᠬᠤ᠎ᠪᠠᠷ ᠪᠠᠷᠠᠬᠤ ᠦᠭᠡᠢ᠂  ᠨᠡᠩ ᠴᠤ᠌ ᠢᠳᠡᠭᠡᠨ ᠤᠮᠳᠠᠭᠠᠨ᠂ ᠵᠤᠭ᠎ᠠ ᠴᠡᠩᠭᠡᠯ᠎ᠢ ᠨᠢᠭᠡ ᠴᠣᠭ᠍ᠴᠠᠵᠢᠭᠣᠯᠣᠭ᠍ᠰᠠᠨ ᠶᠡᠷᠦᠩᠬᠡᠢᠯᠡᠭᠰᠡᠨ ᠴᠢᠨᠠᠷᠲᠠᠢ ᠵᠢᠭᠣᠯᠴᠢᠯᠠᠯ᠎ᠦᠨ ᠲᠠᠯᠠᠪᠤᠷ ᠪᠣᠯᠬᠤ ᠶᠤᠮ᠃ 

ᠣᠭ᠍ᠰᠠᠷᠠᠭ᠎ᠠ ᠬᠡᠣᠬᠡᠯᠳᠠᠢ᠎ᠶ᠋ᠢᠨ ᠪᠠᠷᠢᠯᠭ᠎ᠠ᠎ᠶ᠋ᠢᠨ ᠭᠠᠳᠠᠷ ᠲᠠᠯ᠎ᠠ᠎ᠶᠢᠨ ᠨᠢᠭᠣᠷ᠎ᠦᠨ ᠪᠤᠳᠤᠭᠲᠤ ᠵᠢᠷᠤᠭ ᠨᠢ ᠭᠤᠷᠪᠠᠨ ᠬᠡᠰᠡᠭ᠎ᠢᠶᠡᠷ ᠪᠦᠷᠢᠯᠳᠣᠵᠣ᠂ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠤᠷᠤᠰ᠎ᠤᠨ ᠪᠢᠴᠢᠬᠠᠨ ᠦᠬᠢᠨ᠎ᠦ ᠳᠦᠷᠢ ᠲᠦᠷᠬᠦ᠌᠎ᠪᠡᠷ ᠪᠦᠷᠢᠯᠳᠦᠵᠦ᠂ ᠲᠤᠰ ᠲᠤᠰ ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠢ ᠲᠥᠯᠥᠭᠡᠯᠡᠵᠦ᠂ ᠮᠠᠨᠵᠤᠤᠷ ᠬᠣᠲᠠ ᠨᠢ ᠳᠡᠭᠡᠷ᠎ᠡ ᠳᠣᠷᠠᠳᠣᠭ᠍ᠰᠠᠨ ᠭᠤᠷᠪᠠᠨ ᠤᠯᠤᠰ᠎ᠤᠨ ᠵᠠᠩ ᠦᠢᠯᠡ᠎ᠶ᠋ᠢ ᠬᠠᠪᠰᠣᠷᠭᠠᠭ᠍ᠰᠠᠨ ᠣᠨᠴᠠᠯᠢᠭ᠋᠎ᠢ ᠲᠣᠪᠤᠢᠯᠭᠠᠨ ᠢᠯᠡᠷᠡᠭᠦᠯᠪᠡ᠃ ᠡᠷᠬᠢᠨ ᠲᠣᠭᠣᠷᠢᠨ᠎ᠳᠦ ᠨᠢ ᠶᠠᠩᠵᠤ ᠪᠦᠷᠢ᠎ᠶᠢᠨ ᠥᠩᠭᠡ ᠢᠯᠭᠠᠷᠠᠭᠰᠠᠨ ᠪᠢᠴᠢᠬᠠᠨ ᠣᠭ᠍ᠰᠠᠷᠠᠭ᠎ᠠ ᠬᠡᠣᠬᠡᠯᠳᠠᠢ ᠬᠦᠷᠢᠶᠡᠯᠡᠨ᠂ ᠲᠡᠳᠡᠭᠡᠷ ᠨᠢ ᠴᠥᠮ ᠥᠪᠡᠷᠮᠢᠴᠡ ᠵᠢᠷᠤᠭ ᠳᠦᠷᠰᠦ ᠪᠠ ᠥᠯᠢᠭᠡᠷ᠎ᠲᠠᠢ ᠪᠠᠢᠵᠤ᠂ ᠣᠷᠣᠰ᠎ᠤᠨ ᠠᠷᠠᠳ᠎ᠤᠨ ᠤᠷᠠᠯᠢᠭ᠋᠎ᠤᠨ ᠷᠢᠳᠢ ᠰᠢᠳᠢ᠎ᠶᠢ ᠠᠴᠢᠶᠠᠯᠠᠵᠤ᠂ ᠬᠥᠮᠥᠰ᠎ᠢ ᠥᠪᠡᠷ᠎ᠦᠨ ᠡᠷᠬᠡ ᠦᠭᠡᠢ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠯᠭᠡᠨ᠂ ᠬᠡᠦᠬᠡᠳ᠎ᠦᠳ ᠨᠠᠩ ᠴᠦ᠍ ᠡᠨᠳᠡ ᠪᠠᠬᠠᠷᠬᠠᠨ ᠬᠣᠷᠭᠣᠳᠠᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ