ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠣᠯ᠎ᠤᠨ ᠮᠦᠽᠧᠢ᠎ᠶᠢᠨ ᠱᠢᠨ᠎ᠡ ᠎ᠡᠣᠷᠳᠣᠨ ᠬᠦᠷ ᠬᠦᠭ᠌ᠵᠢᠶᠡᠨ᠎ᠢᠶᠡᠷ ᠪᠢᠯᠬᠠᠵᠣ ᠲᠣᠷᠱᠢᠨ ᠠᠵᠢᠯᠯᠠᠭ᠍ᠰᠠᠨ ᠠᠩᠬᠠᠨ᠎ᠤ ᠰᠠᠷ᠎ᠠ᠎ᠳᠤ ᠬᠦᠯᠢᠶᠡᠨ ᠠᠪᠤᠭᠰᠠᠨ ᠦᠵᠡᠭᠴᠢᠳ᠎ᠦᠨ ᠲᠣᠭ᠎ᠠ 60 ᠲᠦᠮᠡᠨ ᠬᠥᠮᠥᠨ ᠤᠳᠠᠭ᠎ᠠ᠎ᠶᠢ ᠳᠠᠪᠠᠪᠠ
ᠨᠡᠶ᠋ᠢᠲᠡᠯᠡᠭᠰᠡᠨ ᠴᠠᠭ᠄ 2025-07-24

7 ᠳ᠋ᠤᠭᠠᠷ ᠰᠠᠷ᠎ᠠ᠎ᠶᠢᠨ 20᠎ᠤ ᠡᠳᠦᠷ᠂ ᠥᠪᠥᠷ ᠮᠣᠩᠭᠣᠯ᠎ᠤᠨ ᠮᠦᠽᠧᠢ᠎ᠶᠢᠨ ᠱᠢᠨ᠎ᠡ ᠣᠷᠳᠣᠨ᠎ᠤ ᠲᠤᠷᠰᠢᠨ ᠠᠵᠢᠯᠯᠠᠭ᠍ᠰᠠᠨ ᠠᠩᠬᠠᠨ᠎ᠤ ᠰᠠᠷ᠎ᠠ᠎ᠳᠤ᠂ 60 ᠲᠦᠮᠡᠨ ᠦᠵᠡᠭᠴᠢᠳ᠎ᠢ ᠤᠭᠲᠤᠨ ᠠᠪᠣᠯ᠎ᠠ᠃ ᠥᠪᠥᠷ ᠮᠣᠩᠭᠣᠯ᠎ᠤᠨ ᠮᠦᠽᠧᠢ᠎ᠶ᠋ᠢᠨ ᠰᠢᠨ᠎ᠡ ᠣᠷᠳᠣᠨ᠎ᠢ 6 ᠳ᠋ᠤᠭᠠᠷ ᠰᠠᠷ᠎ᠠᠶ᠋ᠢᠨ 20᠎ᠤ ᠡᠳᠦᠷ ᠲᠤᠷᠰᠢᠨ ᠠᠵᠢᠯᠯᠠᠭᠤᠯᠤᠭ᠍ᠰᠠᠨ᠎ᠠᠴᠠ ᠨᠠᠭᠠᠰᠢ᠂ ᠨᠡᠢᠲᠡ 63.5 ᠲᠦᠮᠡᠨ ᠬᠥᠮᠥᠨ ᠤᠳᠠᠭ᠎ᠠ᠎ᠶ᠋ᠢᠨ ᠦᠵᠡᠭ᠌ᠴᠢᠳ᠎ᠢ ᠬᠦᠯᠢᠶᠡᠨ ᠠᠪᠴᠤ᠂ ᠡᠳᠦᠷ ᠳᠤᠮᠳᠠᠴᠢ᠎ᠶ᠋ᠢᠨ ᠲᠣᠭᠣᠷᠢᠨ ᠦᠵᠡᠭᠰᠡᠨ ᠲᠣᠭ᠎ᠠ 2.4 ᠲᠦᠮᠡᠨ ᠬᠥᠮᠥᠨ ᠤᠳᠠᠭ᠎ᠠ᠎ᠳᠤ ᠬᠦᠷᠴᠡᠢ᠃ 

60 ᠲᠥᠮᠡᠳᠡᠬᠢ ᠠᠵᠠ᠎ᠲᠠᠢ ᠦᠵᠡᠭ᠌ᠴᠢ ᠵᠢᠶᠠᠩᠰᠤ ᠮᠣᠵᠢ᠎ᠶ᠋ᠢᠨ ᠥᠰᠢ ᠬᠣᠲᠠ᠎ᠡᠴᠡ ᠢᠷᠡᠵᠣ᠂ ᠥᠪᠥᠷ ᠮᠣᠩᠭᠣᠯ᠎ᠤᠨ ᠮᠦᠽᠧᠢ᠎ᠶᠢᠨ ᠠᠵᠢᠯᠲᠠᠳ ᠲᠡᠭᠦᠨ᠎ᠳᠦ ᠲᠣᠰᠭᠠᠢᠯᠠᠨ ᠰᠣᠶᠣᠯ᠎ᠤᠨ ᠪᠦᠲᠦᠭᠡᠯᠴᠢ ᠪᠦᠲᠦᠭᠡᠭ᠌ᠳᠡᠭᠦᠨ᠎ᠦ ᠪᠡᠯᠡᠭ ᠪᠣᠯᠣᠨ ᠲᠤᠰᠬᠠᠢ ᠲᠠᠢᠯᠪᠤᠷᠢᠯᠠᠯᠲᠠ᠎ᠶᠢᠨ ᠦᠢᠯᠡᠴᠢᠯᠡᠭᠡ ᠪᠡᠯᠡᠳᠬᠡᠵᠦ᠂ ᠴᠢᠩ ᠦᠨᠡᠨᠴᠢ ᠰᠡᠳᠬᠢᠯ᠎ᠢᠶᠡᠷ᠎ᠢᠶᠡᠨ ᠡᠨᠡ ᠬᠦ᠌ 《ᠰᠣᠶᠣᠯ᠎ᠤᠨ ᠪᠣᠯᠵᠣᠭ᠎ᠠ》᠎ᠶ᠋ᠢ ᠲᠡᠮᠳᠡᠭ᠌ᠯᠡᠵᠡᠢ᠃ᠣᠢᠯᠠᠭᠠᠭᠰᠠᠨ᠎ᠢᠶᠠᠷ᠂ ᠴᠣ ᠱᠢᠨ᠎ᠡ ᠲᠠᠰ ᠳᠡᠪᠱᠢᠭ᠌ᠰᠡᠨ ᠥᠪᠥᠷ ᠮᠣᠩᠭᠣᠯ᠎ᠤᠨ ᠮᠦᠽᠧᠢ ᠨᠢ ᠥᠪᠥᠷ ᠮᠣᠩᠭᠣᠯ᠎ᠤᠨ ᠡᠨᠡ ᠵᠤᠨ᠎ᠤ ᠬᠠᠮᠤᠭ᠎ᠠᠴᠠ ᠬᠥᠭᠵᠢᠶᠡᠨᠲᠡᠢ ᠵᠢᠭᠤᠯᠴᠢᠯᠠᠯ᠎ᠤᠨ ᠬᠠᠷᠠᠯᠲᠠᠲᠣ ᠭᠠᠵᠠᠷ ᠪᠣᠯᠵᠤ᠂ ᠬᠣᠲᠠ᠎ᠶᠢᠨ ᠵᠢᠭᠤᠯᠴᠢᠯᠠᠭ᠍ᠴᠢᠳ᠎ᠤᠨ ᠵᠠᠪᠠᠯ 《ᠺᠠᠷᠲᠯᠠᠬᠣ》 ᠰᠣᠶᠣᠯ᠎ᠤᠨ ᠰᠢᠨ᠎ᠡ ᠲᠡᠮᠳᠡᠭ᠌ᠲᠦ ᠭᠠᠵᠠᠷ ᠪᠣᠯᠤᠭᠰᠠᠨ ᠪᠠᠢᠨ᠎ᠠ᠂ ᠨᠢᠭᠡ ᠡᠳᠦᠷ᠎ᠲᠦ ᠬᠠᠮᠤᠭ ᠠᠷᠪᠢᠨ᠎ᠳᠤ᠎ᠪᠠᠨ 3.3 ᠲᠦᠮᠡᠨ ᠬᠥᠮᠥᠨ ᠤᠳᠠᠭ᠎ᠠ᠎ᠶ᠋ᠢᠨ ᠦᠵᠡᠭ᠌ᠴᠢᠳ᠎ᠢ ᠬᠦᠯᠢᠶᠡᠨ ᠠᠪᠴᠤ᠂ ᠮᠦᠽᠧᠢ᠎ᠶ᠋ᠢᠨ ᠭᠠᠭ᠍ᠴᠠ ᠡᠳᠦᠷ᠎ᠤᠨ ᠲᠣᠭᠣᠷᠢᠨ ᠦᠵᠡᠭᠰᠡᠨ ᠬᠡᠮᠵᠢᠶᠡᠨ᠎ᠦ ᠲᠡᠦᠬᠡᠨ ᠲᠡᠮᠳᠡᠭ᠌ᠯᠡᠯ᠎ᠢ ᠱᠢᠨᠡᠳᠭᠡᠪᠡ᠃ ᠲᠣᠷᠱᠢᠨ ᠠᠵᠢᠯᠯᠠᠬᠣ ᠬᠤᠭᠤᠴᠠᠭᠠᠨ᠎ᠳᠤ᠂ ᠥᠪᠥᠷ ᠮᠣᠩᠭᠣᠯ᠎ᠤᠨ ᠮᠦᠽᠧᠢ᠎ᠶᠢᠨ ᠬᠢᠨ ᠦᠵᠡᠭᠴᠢᠳ᠎ᠦᠨ ᠬᠠᠷᠢᠭᠤ ᠲᠤᠰᠭᠠᠭ᠍ᠰᠠᠨ ᠡᠯ᠎ᠡ ᠵᠦᠢᠯ᠎ᠦᠨ ᠰᠠᠨᠠᠭᠤᠯᠭ᠎ᠠ᠎ᠶᠢ ᠴᠤᠭᠯᠠᠭᠤᠯᠵᠤ᠂ ᠨᠠᠷᠢᠨ ᠬᠢᠨᠠᠮᠠᠭᠠᠢ ᠬᠠᠷᠢᠭᠤᠯᠲᠠ ᠦᠭ᠌ᠴᠦ ᠨᠠᠢᠳᠠᠪᠤᠷᠢᠵᠢᠭᠣᠯᠵᠠᠢ᠃ ᠵᠡᠭᠦᠨ ᠪᠠᠷᠠᠭᠤᠨ ᠲᠡᠷᠭᠡᠨ ᠵᠣᠭ᠍ᠰᠣᠭᠠᠯ᠎ᠳᠤ 91 ᠲᠡᠷᠭᠡ ᠵᠣᠭᠰᠤᠭᠠᠬᠤ ᠪᠠᠢᠷᠢ᠎ᠶ᠋ᠢ ᠰᠢᠨ᠎ᠡ᠎ᠪᠡᠷ ᠨᠡᠮᠡᠭᠳᠡᠭᠦᠯᠵᠦ᠂ ᠤᠯᠠᠨ ᠨᠡᠶ᠋ᠢᠲᠡ᠎ᠶᠢᠨ ᠣᠷᠣᠨ ᠪᠦᠰᠡ᠎ᠳᠦ ᠠᠮᠠᠷᠠᠬᠣ ᠰᠠᠭᠤᠳᠠᠯ᠎ᠢ 20 ᠨᠡᠮᠡᠵᠦ᠂ ᠱᠠᠲᠤᠯᠢᠭ᠋ ᠠᠮᠠᠷᠠᠬᠣ ᠲᠣᠭᠣᠷᠢᠭ᠎ᠲᠤ 100 ᠳᠡᠪᠢᠰᠬᠡᠷ ᠲᠣᠬᠢᠷᠠᠭᠤᠯᠵᠤ᠂ ᠤᠰᠤ ᠬᠤᠳᠠᠯᠳᠤᠬᠤ 8 ᠠᠦ᠋ᠲ᠋ᠣ᠋ ᠮᠠᠰᠢᠨ᠂ ᠳᠤᠷᠠᠰᠬᠠᠯ᠎ᠤᠨ ᠲᠠᠮᠠᠭ᠎ᠠ ᠬᠤᠳᠠᠯᠳᠤᠬᠤ 12 ᠠᠦ᠋ᠲ᠋ᠣ᠋ ᠮᠠᠰᠢᠨ᠎ᠢ ᠲᠣᠬᠢᠷᠠᠭᠣᠯᠪᠠ᠃ 

7 ᠳ᠋ᠤᠭᠠᠷ ᠰᠠᠷ᠎ᠠ᠎ᠶᠢᠨ 15᠎ᠤ ᠡᠳᠦᠷ᠎ᠡᠴᠡ 8 ᠳ᠋ᠤᠭᠠᠷ ᠰᠠᠷ᠎ᠠ᠎ᠶᠢᠨ 31᠎ᠦ ᠡᠳᠦᠷ ᠪᠣᠯᠲᠠᠯ᠎ᠠ᠂ ᠥᠪᠥᠷ ᠮᠣᠩᠭᠣᠯ᠎ᠤᠨ ᠮᠦᠽᠧᠢ᠎ᠶᠢᠨ ᠨᠡᠭᠡᠭᠡᠬᠦ᠌ ᠴᠠᠭ᠎ᠢ 18᠄00 ᠪᠣᠯᠲᠠᠯ᠎ᠠ ᠤᠷᠲᠤᠳᠬᠠᠨ᠎ᠠ᠃ ᠵᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠨᠡᠩ ᠴᠣ ᠰᠢᠨ᠎ᠡ  ᠲᠦᠷ ᠴᠠᠭ᠎ᠤᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠢᠴᠢᠶᠡᠯ᠂ ᠳᠡᠯᠭᠡᠨ ᠦᠵᠡᠭᠦᠯᠦᠭᠴᠢ᠎ᠶᠢᠨ ᠲᠠᠢᠯᠤᠮᠵᠢ᠂ ᠪᠢᠴᠢᠬᠠᠨ ᠵᠠᠰᠠᠨ ᠰᠡᠯᠪᠢᠭᠴᠢ ᠪᠠ ᠪᠢᠴᠢᠬᠠᠨ ᠳᠡᠯᠭᠡᠨ ᠦᠵᠡᠭᠦᠯᠦᠭᠴᠢ ᠵᠡᠷᠭᠡ ᠬᠦᠳᠡᠯᠭᠡᠭᠡᠨ᠎ᠢ ᠵᠠᠯᠭᠠᠭ᠎ᠠ᠎ᠪᠠᠷ ᠦᠷᠨᠢᠭᠦᠯᠦᠨ᠎ᠡ᠃ ᠤᠯᠠᠨ ᠶᠠᠩᠵᠤ᠎ᠶᠢᠨ ᠭᠣᠣᠯ ᠰᠡᠳᠦᠪᠲᠦ ᠦᠵᠡᠭᠦᠯᠭᠡ᠎ᠡᠴᠡ ᠪᠠᠭ᠎ᠠ ᠠᠲᠠᠯ᠎ᠠ ᠰᠠᠢᠬᠠᠨ ᠣᠷᠣᠨ ᠵᠠᠢ ᠬᠦᠷᠲᠡᠯ᠎ᠡ᠂ ᠬᠠᠷᠢᠯᠴᠠᠨ ᠬᠥᠳᠡᠯᠦᠯᠴᠡᠵᠦ ᠬᠠᠢᠨ ᠰᠦᠪᠡᠭᠴᠢᠯᠡᠬᠦ᠎ᠡᠴᠡ ᠰᠣᠶᠣᠯ᠎ᠤᠨ ᠬᠠᠮᠲᠤ᠎ᠶᠢᠨ ᠮᠡᠳᠡᠷᠡᠮᠵᠢ᠎ᠳᠦ ᠬᠦᠷᠲᠡᠯ᠎ᠡ᠂ ᠥᠪᠥᠷ ᠮᠣᠩᠭᠣᠯ᠎ᠤᠨ ᠮᠦᠽᠧᠢ᠎ᠶᠢᠨ ᠬᠢᠨ ᠨᠡᠩ ᠤᠯᠠᠨ ᠡᠰᠢᠲᠦ ᠳᠦᠷᠰᠦ ᠪᠠᠢᠳᠠᠯ᠎ᠢᠶᠠᠷ ᠬᠥᠮᠥᠨ ᠪᠦᠬᠦᠨ᠎ᠦ ᠰᠣᠶᠣᠯ᠎ᠤᠨ ᠲᠤᠬᠠᠢ ᠬᠦᠰᠡᠯ ᠡᠷᠡᠮᠡᠯᠵᠡᠯ᠎ᠢ ᠨᠢ ᠬᠠᠩᠭᠠᠵᠤ ᠪᠠᠢᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ