ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠷᠢᠰ ᠨᠡᠪᠲᠡᠷᠡᠭᠦᠯᠭᠡ᠎ᠶ᠋ᠢᠨ ᠦᠵᠡᠭᠦᠯᠭᠡ — ᠮᠣᠩᠭᠣᠯ ᠦᠨᠳᠦᠰᠦᠲᠡᠨ᠎ᠤ ᠬᠦᠭᠡᠮᠡᠢ
ᠨᠡᠶ᠋ᠢᠲᠡᠯᠡᠭᠰᠡᠨ ᠴᠠᠭ᠄ 2025-07-25

ᠮᠣᠩᠭᠣᠯ ᠦᠨᠳᠦᠰᠦᠲᠡᠨ᠎ᠤ ᠬᠦᠭᠡᠮᠡᠢ 

ᠬᠦᠭᠡᠮᠡᠢ ᠪᠣᠯ ᠮᠣᠩᠭᠣᠯ ᠦᠨᠳᠦᠰᠦᠲᠡᠨ᠎ᠳᠤ ᠯᠡ ᠪᠠᠢᠳᠠᠭ ᠨᠢᠭᠡ ᠵᠦᠢ᠍ᠯ᠎ᠤᠨ ᠭᠠᠢᠬᠠᠮᠱᠢᠭ᠍ᠲᠤ ᠳᠠᠭᠤᠨ᠎ᠤ ᠤᠷᠠᠯᠢᠭ ᠪᠣᠯᠣᠨ᠎ᠠ᠄ ᠳᠠᠭᠤᠴᠢᠨ ᠵᠦᠪᠬᠡᠨ ᠥᠪᠡᠷ᠎ᠤᠨ ᠳᠠᠭᠤ ᠡᠭᠦᠰᠬᠡᠬᠦ ᠡᠷᠬᠡᠲᠡᠨ᠎ᠢᠶᠠᠷ᠎ᠢᠶᠠᠨ ᠢᠵᠢᠯ ᠨᠢᠭᠡᠨ ᠴᠠᠭ᠎ᠲᠤ ᠬᠣᠶᠠᠷ ᠳᠠᠭᠤᠨ ᠮᠦᠷ᠎ᠢ ᠵᠡᠷᠭᠡ᠎ᠪᠠᠷ ᠳᠠᠭᠤᠯᠠᠵᠤ ᠭᠠᠷᠭ᠋ᠠᠳᠠᠭ᠃ ᠬᠦᠭᠡᠮᠡᠢ᠎ᠶ᠋ᠢᠨ ᠳᠠᠭᠤᠨ ᠮᠦᠷ᠎ᠤᠨ ᠬᠠᠷᠢᠴᠠᠭ᠋ᠠᠨ᠎ᠤ ᠦᠨᠳᠦᠰᠦᠨ ᠪᠦᠲᠦᠴᠡ᠎ᠨᠢ ᠪᠠᠷᠭᠢᠯ ᠬᠣᠭᠣᠯᠠᠢ᠎ᠶ᠋ᠢᠨ ᠢᠳᠡᠯᠢᠭ ᠳᠠᠭᠤᠨ᠎ᠢᠶᠠᠷ ᠦᠷᠭᠦᠯᠵᠢᠯᠡᠭᠰᠡᠨ ᠤᠷᠲᠤ ᠠᠶ᠎ᠠ ᠵᠢ ᠡᠭᠡᠰᠢᠭᠯᠡᠬᠦ᠎ᠶ᠋ᠢᠨ ᠬᠠᠮᠲᠤ᠂ ᠡᠨᠡ ᠬᠦ᠌ ᠤᠷᠲᠤ ᠠᠶ᠎ᠠ ᠳᠡᠭᠡᠷ᠎ᠡ᠎ᠪᠠᠨ ᠲᠤᠪ ᠲᠤᠩᠭ᠋ᠠᠯᠠᠭ ᠴᠡᠭᠡᠯ ᠬᠣᠭᠣᠯᠠᠢ᠎ᠶ᠋ᠢᠨ ᠢᠰᠭᠡᠷᠦᠯᠲᠡ ᠠᠶᠠᠯᠭᠤ ᠭᠠᠷᠭ᠋ᠠᠵᠤ ᠳᠡᠮᠡᠢ ᠣᠯᠠᠨ ᠬᠠᠷᠠᠭᠳᠠᠳᠠᠭ ᠦᠭᠡᠢ ᠨᠡᠢᠯᠡᠮᠡᠯ ᠬᠥᠭ᠎ᠦᠨ ᠳᠠᠭᠤᠤ ᠬᠥᠭᠵᠢᠮ᠎ᠤᠨ ᠬᠡᠯᠪᠡᠷᠢ᠎ᠶ᠋ᠢ ᠪᠦᠷᠢᠯᠳᠦᠭᠦᠯᠳᠡᠭ᠃ ᠪᠠᠰᠠ 《ᠢᠰᠭᠡᠷᠦᠯ ᠬᠦᠭᠡᠮᠡᠢ》᠂ 《ᠳᠣᠷᠭᠢᠶᠡᠨ ᠬᠦᠭᠡᠮᠡᠢ》᠂ 《ᠨᠡᠢᠯᠡᠮᠡᠯ ᠬᠦᠭᠡᠮᠡᠢ》 ᠭᠡᠬᠦ ᠮᠡᠲᠦ᠎ᠪᠠᠷ ᠬᠤᠪᠢᠶᠠᠵᠤ ᠪᠣᠯᠣᠨ᠎ᠠ᠃ 

ᠬᠦᠭᠡᠮᠡᠢ᠎ᠨᠢ ᠭᠣᠣᠯᠳᠠᠭᠤ ᠥᠪᠥᠷ ᠮᠣᠩᠭᠣᠯ᠎ᠤᠨ ᠰᠢᠯᠢ᠎ᠶ᠋ᠢᠨ ᠭᠣᠣᠯ ᠠᠢᠮᠠᠭ᠂ ᠬᠥᠯᠥᠨ ᠪᠤᠢ᠍ᠷ ᠬᠤᠳᠠ ᠵᠢᠴᠢ ᠬᠥᠬᠡᠬᠣᠲᠠ ᠵᠡᠷᠭᠡ ᠭᠠᠵᠠᠷ ᠣᠷᠣᠨ᠎ᠢᠶᠠᠷ ᠲᠠᠷᠬᠠᠵᠤ᠂ ᠰᠢᠨᠵᠢᠶᠠᠩ᠎ᠤᠨ ᠠᠯᠲᠠᠶ ᠠᠭᠤᠯᠠ ᠣᠷᠴᠢᠮ᠎ᠤᠨ ᠮᠣᠩᠭᠣᠯ ᠦᠨᠳᠦᠰᠦᠲᠡᠨ᠎ᠤ ᠰᠠᠭᠤᠭ᠎ᠠ ᠭᠠᠵᠠᠷ ᠵᠢᠴᠢ ᠮᠣᠩᠭᠣᠯ ᠤᠯᠤᠰ᠂ ᠤᠷᠤᠰ᠎ᠤᠨ ᠲᠤᠸᠠ ᠣᠷᠣᠨ᠎ᠳᠤ ᠴᠤ ᠡᠢᠮᠦᠷᠬᠦᠦ ᠳᠠᠭᠤᠯᠠᠬᠤ ᠠᠷᠭ᠎ᠠ᠎ᠶ᠋ᠢ ᠣᠯᠵᠤ ᠰᠣᠨᠣᠰᠳᠠᠭ᠃ 

ᠬᠦᠭᠡᠮᠡᠢ ᠪᠣᠯ ᠮᠣᠩᠭᠣᠯ ᠦᠨᠳᠦᠰᠦᠲᠡᠨ᠎ᠤ ᠬᠠᠮᠤᠭ ᠡᠷᠲᠡᠨ᠎ᠤ ᠤᠷᠠᠯᠢᠭ᠎ᠤᠨ ᠬᠡᠯᠪᠡᠷᠢ᠎ᠶ᠋ᠢᠨ ᠨᠢᠭᠡ ᠪᠠᠢᠵᠤ᠂ ᠲᠡᠷᠡ ᠨᠢ ᠢᠵᠠᠭᠤᠷ᠎ᠤᠨ ᠵᠠᠷᠢᠮ ᠳᠠᠭᠤᠯᠠᠬᠤ ᠡᠯᠧᠮᠧᠨ᠋ᠲ᠎ᠢ ᠢᠯᠡᠭᠦᠬᠡᠨ ᠬᠠᠳᠠᠭ᠋ᠠᠯᠠᠵᠤ᠂ ᠦᠨᠳᠦᠰᠦᠲᠡᠨ᠎ᠤ ᠤᠢ ᠴᠡᠭᠡᠵᠢᠨ᠎ᠤ ᠭᠦᠨ᠎ᠠᠴᠠ ᠡᠭᠦᠰᠦᠭᠰᠡᠨ ᠥᠨᠢ ᠡᠷᠲᠡᠨ᠎ᠤ ᠴᠤᠤᠷᠢᠶ᠎ᠠ᠂ ᠮᠣᠩᠭᠣᠯ ᠦᠨᠳᠦᠰᠦᠲᠡᠨ᠎ᠤ ᠭᠠᠷᠮᠠᠭ᠋ᠠᠢ ᠡᠭᠦᠳᠦᠯᠲᠡ ᠪᠣᠯᠬᠤ ᠶᠤᠮ᠃ ᠲᠡᠷᠡ᠎ᠨᠢ ᠮᠣᠩᠭᠣᠯ ᠦᠨᠳᠦᠰᠦᠲᠡᠨ᠎ᠤ ᠠᠷᠠᠳ ᠲᠦᠮᠡᠨ᠎ᠤ ᠪᠠᠢᠭᠠᠯᠢ ᠶᠢᠷᠲᠢᠨᠴᠦ ᠪᠠ ᠳᠡᠯᠡᠬᠡᠢ᠎ᠶ᠋ᠢᠨ ᠲᠦᠮᠡᠨ ᠪᠣᠳᠠᠰ᠎ᠤᠨ ᠭᠦᠨ ᠳᠠᠪᠬᠤᠷᠭ᠎ᠠ᠎ᠶ᠋ᠢᠨ ᠭᠦᠨ ᠤᠬᠠᠭ᠋ᠠᠨ᠎ᠤ ᠲᠤᠬᠠᠢ ᠪᠣᠳᠣᠯᠬᠢᠯᠠᠯ ᠪᠠ ᠣᠢᠯᠠᠭᠠᠯᠲᠠ᠎ᠶ᠋ᠢ ᠳᠠᠮᠵᠢᠭᠤᠯᠤᠨ᠂ ᠮᠣᠩᠭᠣᠯ ᠦᠨᠳᠦᠰᠦᠲᠡᠨ᠎ᠤ ᠡᠶ᠎ᠡ ᠵᠣᠬᠢᠴᠠᠯ ᠲᠠᠢ᠎ᠪᠠᠷ ᠣᠷᠣᠰᠢᠨ ᠲᠣᠭᠲᠠᠨᠢᠵᠤ ᠬᠥᠭ᠌ᠵᠢᠬᠦ᠌᠎ᠶ᠋ᠢ ᠬᠥᠭᠡᠭᠡᠴᠡᠯᠳᠦᠭ᠌ᠰᠡᠨ ᠣᠨᠣᠯᠵᠢᠬᠤᠨ ᠪᠣᠯᠣᠨ ᠡᠷᠡᠭᠦᠯ ᠥᠭᠡᠳᠡᠷᠬᠡᠭ ᠭᠤᠸ᠎ᠠ ᠲᠠᠭ᠋ᠠᠰᠢᠶᠠᠯ᠎ᠤᠨ ᠳᠤᠷ᠎ᠠ ᠰᠣᠨᠢᠷᠬᠠᠯ᠎ᠢ ᠢᠯᠡᠳᠬᠡᠵᠡᠢ᠃ ᠮᠣᠩᠭᠣᠯ ᠦᠨᠳᠦᠰᠦᠲᠡᠨ᠎ᠤ ᠲᠡᠦᠬᠡ᠂ ᠰᠣᠶᠣᠯ ᠎ᠯᠤᠭ᠎ᠠ ᠨᠢᠭᠲᠠ ᠬᠣᠯᠪᠣᠭᠳᠠᠵᠤ᠂ ᠬᠥᠮᠥᠨ ᠲᠥᠷᠥᠯᠬᠢᠲᠡᠨ᠎ᠤ ᠰᠤᠳᠤᠯᠤᠯ᠂ ᠦᠨᠳᠦᠰᠦᠲᠡᠨ᠎ᠤ ᠰᠤᠳᠤᠯᠤᠯ᠂ ᠵᠠᠩ ᠥᠢ᠍ᠯᠨ᠎ᠶ᠋ᠢᠨ ᠰᠤᠳᠤᠯᠤᠯ᠎ᠳᠤ ᠴᠦᠮ ᠴᠢᠬᠤᠯᠠ ᠦᠨ᠎ᠡ ᠦᠷᠲᠡᠭ᠎ᠲᠠᠢ ᠶᠤᠮ᠃ 

2006 ᠣᠨ᠎ᠳᠤ᠂ ᠮᠣᠩᠭᠣᠯ ᠦᠨᠳᠦᠰᠦᠲᠡᠨ᠎ᠤ ᠬᠦᠭᠡᠮᠡᠢ᠎ᠨᠢ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠢᠭᠡᠳᠦᠭᠡᠷ ᠪᠦᠯᠦᠭ᠎ᠤᠨ ᠲᠥᠯᠥᠭᠡᠯᠡᠬᠦ ᠴᠢᠨᠠᠷᠲᠠᠢ ᠲᠦᠷᠦᠯ ᠵᠦᠢ᠍ᠯ᠎ᠳᠤ ᠰᠣᠩᠭᠣᠭᠳᠠᠪᠠ᠃ 

2009 ᠣᠨ᠎ᠳᠤ᠂ ᠮᠣᠩᠭᠣᠯ ᠦᠨᠳᠦᠰᠦᠲᠡᠨ᠎ᠤ ᠬᠦᠭᠡᠮᠡᠢ ᠳᠠᠭᠤᠯᠠᠬᠤ ᠤᠷᠠᠯᠢᠭ᠎ᠨᠢ ᠤᠯᠠᠨ ᠤᠯᠤᠰ᠎ᠤᠨ ᠬᠣᠯᠪᠣᠭ᠋ᠠᠲᠤ ᠪᠠᠢᠭᠤᠯᠭ᠎ᠠ᠎ᠶ᠋ᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠬᠥᠮᠥᠨ ᠲᠥᠷᠥᠯᠬᠢᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠭᠴᠢ ᠪᠦᠲᠦᠭᠡᠯ᠎ᠤᠨ ᠨᠡᠷᠡᠰ᠎ᠤᠨ ᠵᠢᠭᠰᠠᠭ᠋ᠠᠯᠲᠠ᠎ᠳᠤ ᠰᠣᠩᠭᠣᠭᠳᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ