2025 ᠣᠨ᠎ᠳᠤ᠂ ᠥᠪᠥᠷ ᠮᠣᠩᠭᠣᠯ᠎ᠤᠨ ᠬᠢᠨ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠡᠯᠡ ᠮᠥᠩᠭᠥ᠎ᠶᠢ ᠨᠡᠶ᠋ᠢᠲᠡ 2.64 ᠳ᠋ᠦᠩᠰᠢᠭᠤᠷ ᠲᠥᠭᠥᠷᠢᠭ ᠨᠢᠭᠡᠳᠦᠯᠲᠡᠢ ᠲᠥᠯᠥᠪᠯᠡᠵᠦ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠦᠨ ᠦᠷ᠎ᠡ ᠠᠰᠢᠭ᠋᠎ᠢᠶᠡᠨ ᠨᠡᠮᠡᠭᠳᠡᠭᠦᠯᠬᠦ᠎ᠶᠢ ᠨᠢ ᠳᠡᠮᠵᠢᠵᠦ᠍᠂ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ ᠠᠵᠢᠯᠯᠠᠭᠠᠨ᠎ᠳᠤ ᠬᠦᠴᠦᠨ ᠨᠡᠮᠡᠷᠢᠯᠡᠪᠡ᠃
ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠯᠦ᠍ᠭᠡ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ》᠎ᠳᠤ ᠵᠠᠰᠠᠪᠤᠷᠢ ᠣᠷᠣᠭᠤᠯᠵᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠪᠡᠯᠡ ᠮᠥᠩᠭᠥ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠤᠪᠢᠶᠠᠷᠢᠯᠠᠬᠤ ᠠᠵᠢᠯ᠎ᠢ ᠭᠣᠣᠯᠴᠢᠯᠠᠨ ᠬᠠᠮᠢᠶᠠᠷᠴᠤ᠌᠂ ᠡᠳ᠋᠎ᠦᠨ ᠵᠠᠰᠠᠭ᠎ᠤᠨ ᠲᠢᠩᠬᠢᠮ ᠲᠥᠰᠥᠪ᠎ᠢ ᠨᠠᠢᠷᠠᠭᠤᠯᠤᠨ ᠵᠣᠬᠢᠶᠠᠬᠤ᠂ ᠪᠡᠯᠡ ᠮᠥᠩᠭᠥ ᠰᠠᠯᠭᠠᠨ ᠥᠭᠬᠦ᠎ᠶᠢ ᠬᠠᠷᠢᠭᠤᠴᠠᠬᠤ᠎ᠪᠠᠷ ᠲᠣᠳᠣᠷᠬᠠᠢ ᠲᠣᠭ᠍ᠲᠠᠭᠠᠵᠤ᠂ ᠲᠤᠰᠬᠠᠢ ᠪᠡᠯᠡ ᠮᠥᠩᠭᠥ᠎ᠶᠢ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠰᠠᠭᠤᠷᠢ ᠪᠡᠯᠡᠳᠬᠡᠮᠵᠢ᠂ ᠢᠵᠢ ᠲᠦᠬᠦᠷ ᠵᠢᠴᠢ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠬᠢᠭᠡᠳ ᠵᠢᠭᠤᠯᠴᠢᠯᠠᠯ᠎ᠤᠨ ᠲᠥᠬᠦᠭᠡᠷᠦᠮᠵᠢ᠎ᠶ᠋ᠢ ᠥᠭᠡᠷᠡᠴᠢᠯᠡᠨ ᠱᠢᠨᠡᠳᠭᠡᠬᠦ᠌᠂ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠠᠬᠢᠭᠤᠯᠬᠤ᠂ ᠠᠵᠤ ᠦᠢᠯᠡᠰ᠎ᠦᠨ ᠲᠥᠷᠥᠯ ᠵᠦᠢᠯ᠎ᠢ ᠪᠣᠢᠵᠢᠭᠤᠯᠬᠤ ᠪᠠ ᠴᠢᠬᠤᠯᠠ ᠶᠡᠬᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠡᠷᠭᠡ ᠬᠦᠷᠢᠶᠡᠨ᠎ᠳᠦ ᠭᠣᠣᠯᠳᠠᠯᠭ᠎ᠠ᠎ᠲᠠᠢ ᠣᠷᠣᠭᠤᠯᠵᠤ᠂ ᠠᠵᠤ ᠦᠢᠯᠡᠰ᠎ᠦᠨ ᠵᠥᠭᠡᠯᠡᠨ ᠬᠠᠲᠠᠭᠤ ᠬᠡᠷᠡᠭᠰᠡᠯ᠎ᠦᠨ ᠣᠷᠴᠢᠨ ᠲᠣᠭᠣᠷᠢᠨ᠎ᠢ ᠬᠦᠴᠦᠯᠡᠨ ᠰᠠᠢᠵᠢᠷᠠᠭᠤᠯᠵᠤ᠂ ᠵᠢᠭᠤᠯᠴᠢᠯᠠᠭ᠍ᠴᠢᠳ᠎ᠢ ᠲᠠᠲᠠᠬᠤ ᠬᠦᠴᠦᠨ᠎ᠢᠶᠡᠨ ᠨᠡᠮᠡᠭᠳᠡᠭᠦᠯᠦᠨ᠎ᠡ᠃ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠴᠢᠩᠭᠠᠳᠬᠠᠬᠤ ᠲᠠᠯ᠎ᠠ᠎ᠪᠠᠷ᠂ ᠪᠡᠯᠡ ᠮᠥᠩᠭᠥ᠎ᠶᠢᠨ ᠬᠤᠪᠢᠶᠠᠷᠢᠯᠠᠯᠲᠠ᠎ᠶᠢ ᠨᠠᠷᠢᠯᠢᠭ ᠣᠨᠣᠴᠠᠲᠠᠢ᠎ᠪᠠᠷ ᠬᠦᠴᠦᠯᠡᠨ᠎ᠡ᠄ 7533 ᠲᠦᠮᠡᠨ ᠲᠥᠭᠥᠷᠢᠭ᠎ᠢ ᠮᠦᠽᠧᠢ᠂ ᠳᠤᠷᠠᠰᠬᠠᠯ᠎ᠤᠨ ᠣᠷᠳᠣᠨ᠎ᠢ ᠵᠠᠷᠤᠳᠠᠯ ᠬᠤᠷᠢᠶᠠᠬᠤ ᠦᠭᠡᠢ᠎ᠪᠡᠷ ᠨᠡᠭᠡᠭᠡᠯᠲᠠ ᠲᠠᠢ ᠪᠣᠯᠭᠠᠬᠤ᠎ᠳᠤ ᠨᠥᠬᠥᠪᠦᠷᠢ ᠥᠭ᠌ᠬᠦ᠎ᠳᠦ ᠬᠡᠷᠡᠭᠯᠡᠵᠦ᠂ 1.28 ᠳ᠋ᠦᠩᠰᠢᠭᠤᠷ ᠲᠥᠭᠥᠷᠢᠭ᠎ᠢ ᠤᠯᠠᠨ ᠨᠡᠶ᠋ᠢᠲᠡ᠎ᠶᠢᠨ ᠨᠣᠮ᠎ᠤᠨ ᠰᠠᠩ᠂ ᠤᠷᠠᠨ ᠵᠢᠷᠤᠭ᠎ᠤᠨ ᠣᠷᠳᠣᠨ᠂ ᠰᠣᠶᠣᠯ᠎ᠤᠨ ᠣᠷᠳᠣᠨ (ᠦᠷᠲᠡᠭᠡ)᠎ᠢ ᠵᠠᠷᠤᠳᠠᠯ ᠬᠤᠷᠢᠶᠠᠬᠤ ᠦᠭᠡᠢ᠎ᠪᠡᠷ ᠨᠡᠭᠡᠭᠡᠯᠲᠠ ᠲᠠᠢ ᠪᠣᠯᠭᠠᠬᠤ᠎ᠶ᠋ᠢ ᠳᠡᠮᠵᠢᠵᠦ᠍᠂ ᠡᠳᠡᠭᠡᠷ ᠰᠣᠶᠣᠯ᠎ᠤᠨ ᠲᠠᠯᠠᠪᠤᠷ ᠣᠷᠳᠣᠨ᠎ᠢ ᠵᠢᠭᠤᠯᠴᠢᠯᠠᠯ᠎ᠤᠨ ᠵᠠᠮ ᠱᠤᠭᠤᠮ᠎ᠳᠤ ᠠᠭᠤᠰᠤᠯᠴᠠᠭᠤᠯᠬᠤ᠎ᠶᠢ ᠠᠬᠢᠭᠤᠯᠬᠤ᠎ᠶᠢᠨ ᠬᠠᠮᠲᠤ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠭᠣᠣᠯᠳᠠᠯᠭ᠎ᠠ ᠪᠣᠯᠬᠤ ᠲᠦᠷᠦᠯ ᠵᠦᠢᠯ ᠪᠠ ᠴᠢᠬᠤᠯᠠ ᠶᠡᠬᠡ ᠠᠵᠢᠯᠯᠠᠭ᠎ᠠ᠎ᠶᠢ ᠳᠡᠮᠵᠢᠵᠦ᠂ ᠵᠢᠭᠤᠯᠴᠢᠯᠠᠯ᠎ᠳᠤ ᠨᠡᠩ ᠤᠯᠠᠨ ᠰᠣᠶᠣᠯ᠎ᠤᠨ ᠠᠭᠤᠯᠤᠭ᠍ᠳᠠᠬᠤᠨ ᠨᠡᠮᠡᠷᠢᠯᠡᠬᠦ᠌ ᠪᠣᠯᠣᠨ᠎ᠠ᠃