8 ᠰᠠᠷ᠎ᠠ᠎ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠤᠨ《ᠤᠮᠠᠷᠠᠲᠤ ᠬᠢᠯᠢ᠎ᠶᠢᠨ ᠨᠤᠮ᠎ᠤᠨ ᠪᠤᠯᠵᠤᠭ᠎ᠠ·ᠤᠩᠰᠢᠯᠭ᠎ᠠ᠎ᠶᠢᠨ ᠭᠤᠸ᠎ᠠ ᠰᠠᠢᠬᠠᠨ》 2025 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ᠎ᠦᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠨᠤᠮ᠎ᠤᠨ ᠦᠵᠡᠰᠭᠦᠯᠡᠩ 8 ᠰᠠᠷ᠎ᠠ᠎ᠶᠢᠨ 27᠎ᠡᠴᠡ 31 ᠤ ᠡᠳᠦᠷ ᠪᠣᠯᠲᠠᠯ᠎ᠠ ᠶᠠᠪᠤᠬᠲᠠᠨᠠ᠃
ᠲᠠᠨᠢᠯᠴᠠᠭᠤᠯᠤᠬᠰᠠᠨ᠎ᠢᠶᠠᠷ᠂ ᠲᠤᠰ ᠤᠳᠠᠭᠠᠨ᠎ᠤ ᠨᠣᠮ᠎ᠤᠨ ᠦᠵᠡᠰᠬᠦᠯᠡᠩ᠎ᠢ ᠥᠪᠥᠷ ᠮᠣᠩᠭᠣᠯ᠎ᠤᠨ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠬᠠᠮᠲᠤᠷᠠᠨ ᠳᠠᠭᠠᠭᠠᠴᠢᠯᠠᠨ ᠡᠷᠭᠢᠯᠡᠵᠦ᠂ ᠭᠣᠣᠯ ᠬᠤᠷᠠᠯ᠎ᠤᠨ ᠲᠠᠯᠠᠪᠠᠢ᠎ᠶᠢ ᠥᠪᠥᠷ ᠮᠣᠩᠭᠣᠯ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠲᠤᠬᠢᠷᠠᠭᠤᠯᠵᠦ᠂ ᠦᠨᠡᠨ ᠶᠣᠰᠣᠨ᠎ᠤ ᠭᠡᠷᠡᠯ ᠭᠢᠯᠪᠠᠭ᠎ᠠ᠂ ᠤᠮᠠᠷᠠᠲᠤ ᠬᠢᠯᠢ᠎ᠶᠢᠨ ᠰᠣᠶᠣᠯ᠂ ᠰᠣᠳᠣᠨ ᠨᠣᠮ᠂ ᠤᠯᠠᠨ ᠨᠡᠶ᠋ᠢᠲᠡ᠎ᠶᠢᠨ ᠨᠣᠮ᠂ ᠪᠠᠭᠠᠴᠤᠳ ᠬᠡᠦᠬᠡᠳ᠎ᠦᠨ ᠤᠩᠰᠢᠬᠤ ᠨᠣᠮ᠂ ᠲᠣᠭᠠᠴᠢᠯᠠᠭᠰᠠᠨ ᠣᠢᠯᠠᠭᠠᠯᠲᠠ᠂ ᠪᠤᠲᠠᠰ᠎ᠤᠨ ᠪᠤᠰᠤ ᠰᠤᠶᠤᠯ᠎ᠤᠨ ᠦᠪ᠎ᠤᠨ ᠰᠤᠶᠤᠯ᠎ᠤᠨ ᠪᠦᠲᠦᠭᠡᠭᠲᠡᠭᠦᠨ᠂ ᠨᠣᠮ᠎ᠤᠨ ᠰᠠᠩ ᠪᠠ ᠮᠦᠽᠧᠢ᠎ᠳᠦ ᠬᠠᠳᠠᠭᠠᠯᠠᠬᠲᠠᠵᠤ ᠪᠠᠢᠭ᠎ᠠ ᠨᠣᠮ᠎ᠤᠨ ᠰᠣᠯᠢᠯᠴᠠᠭ᠎ᠠ ᠵᠡᠷᠭᠡ ᠨᠠᠢ᠍ᠮᠠᠨ ᠶᠡᠬᠡ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠎ᠢ ᠲᠤᠬᠢᠷᠠᠭᠤᠯᠵᠦ᠂ ᠦᠵᠡᠭᠦᠯᠭᠡ᠎ᠶᠢᠨ ᠲᠠᠯᠠᠪᠠᠢ ᠨᠢ 18000 ᠲᠡᠭᠰᠢ ᠳᠥᠷᠪᠡᠯᠵᠢᠨ ᠮᠸᠲᠷ ᠪᠠᠢᠵᠤ᠂ ᠪᠦᠬᠦ ᠣᠷᠣᠨ᠎ᠤ 12 ᠠᠢᠮᠠᠭ ᠬᠤᠳᠠ᠎ᠶᠢᠨ ᠰᠢᠨᠬᠤᠸᠠ ᠨᠣᠮ᠎ᠤᠨ ᠳᠡᠯᠭᠡᠭᠦᠷ᠎ᠲᠦ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠤᠨ᠎ᠠ᠃ ᠨᠣᠮ᠎ᠤᠨ ᠦᠵᠡᠰᠬᠦᠯᠡᠩᠳᠦ ᠪᠦᠬᠦ ᠤᠯᠤᠰ᠎ᠤᠨ 300 ᠭᠠᠷᠤᠢ ᠬᠡᠪᠯᠡᠯ᠎ᠦᠨ ᠪᠠᠢᠭᠤᠯᠤᠮᠵᠢ ᠬᠤᠷᠠᠨ ᠴᠤᠭᠯᠠᠷᠠᠵᠤ᠂ ᠲᠤᠬᠠᠢ᠎ᠶᠢᠨ ᠲᠠᠯᠠᠪᠠᠢ᠎ᠳᠤ 10 ᠲᠦᠮᠡ ᠭᠠᠷᠤᠢ ᠵᠦᠢᠯ᠂ 100 ᠭᠠᠷᠤᠢ ᠲᠦᠮᠡᠨ ᠳᠡᠪᠲᠡᠷ ᠰᠣᠳᠣᠨ ᠨᠣᠮ ᠪᠢᠴᠢᠭ᠎ᠢ ᠲᠡᠯᠭᠡᠨ᠂ ᠭᠣᠣᠯ ᠰᠡᠳᠦᠪᠲᠦ ᠬᠡᠪᠯᠡᠯ᠂ ᠡᠷᠳᠡᠮ ᠰᠢᠨᠵᠢᠯᠡᠭᠡᠨ᠎ᠦ ᠲᠤᠰᠬᠠᠢ ᠪᠦᠲᠦᠭᠡᠯ᠂ ᠪᠠᠭᠠᠴᠤᠳ ᠬᠡᠦᠬᠡᠳ᠎ᠦᠨ ᠤᠩᠰᠢᠬᠤ ᠨᠣᠮ ᠵᠡᠷᠭᠡ ᠡᠯ᠎ᠡ ᠶᠡᠬᠡ ᠲᠦᠷᠦᠯ ᠵᠦᠢᠯ᠎ᠢ ᠪᠦᠬᠦ ᠲᠠᠯ᠎ᠠ᠎ᠪᠠᠷ ᠬᠠᠮᠤᠷᠴᠤ᠂ ᠮᠢᠩᠭ᠎ᠠ ᠭᠠᠷᠤᠢ ᠵᠦᠢᠯ᠎ᠤᠨ ᠰᠣᠶᠣᠯ᠎ᠤᠨ ᠪᠦᠲᠦᠭᠡᠭᠳᠡᠬᠦᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠰᠢᠯ᠎ᠤᠨ ᠦᠵᠡᠭᠦᠯᠭᠡᠲᠣᠭᠯᠠᠯᠲᠠ᠂ ᠲᠠᠮᠠᠭ᠎ᠠ ᠲᠠᠷᠤᠵᠦ ᠴᠤᠬᠯᠠᠭᠤᠯᠬᠤ ᠠᠵᠢᠯᠯᠠᠭ᠎ᠠ ᠪᠣᠯᠣᠨ ᠲᠣᠭᠠᠴᠢᠯᠠᠭᠰᠠᠨ ᠰᠣᠶᠣᠯ᠎ᠢ ᠪᠠᠶᠠᠴᠢᠯᠠᠨ ᠤᠢᠯᠠᠭᠠᠬᠤ ᠵᠡᠷᠭᠡ ᠪᠠᠶᠠᠯᠢᠭ᠋ ᠠᠭᠤᠯᠭ᠎ᠠ᠎ᠶᠢ ᠳᠡᠯᠭᠡᠨ ᠦᠵᠡᠭᠦᠯᠬᠦ ᠪᠤᠯᠤᠨ᠎ᠠ᠃
ᠨᠣᠮ᠎ᠤᠨ ᠦᠵᠡᠰᠭᠦᠯᠡᠩ᠎ᠳᠡᠬᠢ ᠭᠤᠤᠯ ᠰᠡᠲᠦᠪᠲᠦ ᠦᠵᠡᠭᠦᠯᠭᠡ 《ᠦᠨᠡᠨ ᠶᠣᠰᠣᠨ᠎ᠤ ᠭᠡᠷᠡᠯ ᠭᠢᠯᠪᠠᠭ᠎ᠠ — ᠨᠠᠮ᠎ᠤᠨ ᠰᠢᠨ᠎ᠡ ᠡᠭᠦᠳᠦᠯᠲᠡ᠎ᠶᠢᠨ ᠣᠨᠣᠯ᠎ᠤᠨ ᠬᠡᠪᠯᠡᠯ᠎ᠦᠨ ᠦᠷ᠎ᠡ ᠪᠦᠲᠦᠭᠡᠯ᠎ᠦᠨ ᠦᠵᠡᠭᠦᠯᠭᠡ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠬᠡ ᠰᠦᠷ᠎ᠲᠤ ᠲᠤᠯᠭᠤᠷ ᠪᠢᠴᠢᠭ ᠵᠤᠬᠢᠶᠠᠯ ᠪᠦᠲᠦᠭᠡᠯ᠂ ᠨᠠᠷᠢᠨ ᠰᠤᠳᠤᠯᠬᠤ ᠤᠩᠰᠢᠬᠤ ᠪᠢᠴᠢᠭ ᠵᠡᠷᠭᠡ ᠭᠣᠣᠯ ᠦᠷ᠎ᠡ ᠪᠦᠲᠦᠭᠡᠯ᠎ᠢ ᠰᠢᠰᠲᠧᠮ᠎ᠲᠠᠢ ᠳᠡᠯᠭᠡᠨ ᠦᠵᠡᠭᠦᠯᠤᠨ᠂ ᠤᠯᠠᠨ ᠵᠠᠭᠤᠴᠢᠲᠤ ᠮᠡᠷᠭᠡᠵᠢᠯ᠂ VR ᠪᠠᠶᠠᠴᠢᠯᠡᠨ ᠤᠢᠯᠠᠭᠠᠬᠤ᠂ ᠳᠦᠷᠰᠦ ᠰᠢᠩᠭᠡᠭᠡᠯᠲᠡ᠎ᠶᠢᠨ ᠦᠢᠯᠡᠳᠦᠯᠴᠡᠯ ᠵᠡᠷᠭᠡ ᠣᠳᠣᠬᠢᠴᠢᠯᠠᠭᠰᠠᠨ ᠠᠷᠭ᠎ᠠ ᠪᠠᠷᠢᠯ᠎ᠢ ᠠᠰᠢᠭ᠍ᠯᠠᠵᠤ᠂ ᠦᠵᠡᠭᠴᠢᠳ᠎ᠲᠦ ᠨᠠᠮ᠎ᠤᠨ ᠰᠢᠨ᠎ᠡ ᠡᠭᠦᠲᠦᠯᠲᠡ᠎ᠶ᠋ᠢᠨ ᠤᠨᠤᠯ᠎ᠤᠨ ᠦᠨᠡᠨ ᠶᠣᠰᠣᠨ᠎ᠤ ᠠᠤᠭ᠎ᠠ ᠬᠦᠴᠦᠨ ᠪᠣᠯᠣᠨ ᠦᠢᠯᠡᠳᠦᠯᠭᠡ᠎ᠶᠢᠨ ᠠᠤᠭ᠎ᠠ ᠬᠦᠴᠦᠨ᠎ᠢ ᠪᠦᠬᠦ ᠲᠠᠯ᠎ᠠ᠎ᠪᠠᠷ ᠣᠢᠯᠠᠭᠠᠭᠤᠯᠤᠨ᠎ᠠ; 《ᠤᠮᠠᠷᠠᠲᠤ ᠬᠢᠯᠢ᠎ᠶᠢᠨ ᠰᠣᠶᠣᠯ》 ᠭᠣᠣᠯ ᠰᠡᠳᠦᠪᠲᠦ ᠬᠡᠪᠯᠡᠭᠳᠡᠬᠦᠨ᠎ᠦ ᠦᠵᠡᠭᠦᠯᠭᠡ᠎ᠶᠢᠨ ᠲᠣᠭᠣᠷᠢᠭ᠋ ᠨᠢ ᠤᠮᠠᠷᠠᠲᠤ ᠬᠢᠯᠢ᠎ᠶᠢᠨ ᠰᠣᠶᠣᠯ᠎ᠤᠨ ᠭᠣᠣᠯ ᠰᠡᠳᠦᠪᠳᠤ ᠰᠣᠳᠣᠨ ᠨᠣᠮ ᠪᠢᠴᠢᠭ᠂ ᠬᠤᠷᠢᠶᠠᠨ ᠬᠠᠲᠠᠭᠠᠯᠠᠵᠦ ᠪᠠᠢᠭ᠎ᠠ ᠨᠣᠮ ᠪᠢᠴᠢᠭ ᠪᠣᠯᠣᠨ ᠣᠯᠠᠨ ᠵᠠᠭᠤᠴᠢᠯᠠᠭᠤᠷ᠎ᠤᠨ ᠲᠣᠭᠠᠴᠢᠯᠠᠭᠰᠠᠨ ᠬᠡᠪᠯᠡᠭᠳᠡᠬᠦᠨ᠎ᠢ ᠠᠩᠬ᠎ᠠ ᠤᠳᠠᠭ᠎ᠠ ᠪᠦᠬᠦ ᠲᠠᠯ᠎ᠠ᠎ᠪᠠᠷ ᠲᠡᠯᠭᠡᠨ ᠦᠵᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠭᠣᠣᠯ ᠰᠡᠳᠦᠪᠲᠦ ᠬᠡᠪᠯᠡᠭᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠳᠡᠯᠭᠡᠨ ᠦᠵᠡᠭᠦᠯᠦᠨ᠎ᠡ; ᠮᠠᠤ ᠳ᠋ᠦᠨ ᠤᠳᠬ᠎ᠠ ᠵᠣᠬᠢᠶᠠᠯ᠎ᠤᠨ ᠱᠠᠩᠨᠠᠯ ᠬᠦᠷᠲᠡᠭᠴᠢ ᠯᠢᠶᠠᠩ ᠰᠢᠶᠣᠣ ᠱᠧᠩ᠂ ᠠᠯᠳᠠᠷᠲᠤ ᠵᠣᠬᠢᠶᠠᠯᠴᠢ ᠸᠠᠩ ᠶᠤᠸᠠᠢ ᠸᠸᠨ᠂ ᠼᠤᠤ ᠸᠸᠨ ᠰᠢᠦᠸᠠᠨ ᠵᠡᠷᠭᠡ 30 ᠰᠣᠶᠣᠯ᠎ᠤᠨ ᠨᠡᠷᠡᠲᠦ ᠬᠥᠮᠥᠰ᠎ᠢ ᠤᠷᠢᠨ ᠣᠷᠣᠯᠴᠠᠭᠤᠯᠵᠤ᠂ ᠰᠣᠶᠣᠯ᠎ᠤᠨ ᠶᠠᠷᠢᠶᠠᠨ᠎ᠤ ᠲᠠᠪᠴᠠᠩ᠂ ᠶᠡᠬᠡ ᠪᠠᠭ᠍ᠰᠢ᠎ᠶ᠋ᠢᠨ ᠲᠠᠢᠯᠤᠮᠵᠢ᠂ ᠨᠤᠮ᠎ᠳᠤ ᠭᠠᠷᠤᠨ ᠦᠰᠦᠭ ᠵᠢᠷᠤᠬᠤ ᠪᠠ ᠶᠠᠷᠢᠯᠴᠠᠬᠤ ᠵᠡᠷᠭᠡ ᠭᠣᠢᠳᠠ ᠰᠠᠢᠬᠠᠨ ᠠᠵᠢᠯᠯᠠᠭ᠎ᠠ ᠦᠷᠨᠢᠭᠦᠯᠦᠨ᠎ᠡ; ᠨᠤᠮ᠎ᠤᠨ ᠦᠵᠡᠰᠭᠦᠯᠡᠩᠳᠤ ᠪᠠᠰᠠ 200 ᠲᠠᠯᠠᠪᠠᠢ ᠰᠣᠶᠣᠯ᠎ᠤᠨ ᠠᠵᠢᠯᠯᠠᠭ᠎ᠠ᠎ᠶᠢ ᠨᠠᠷᠢᠨ ᠨᠢᠮᠪᠠᠢ ᠲᠥᠯᠥᠪᠯᠡᠭᠰᠡᠨ ᠪᠦᠭᠡᠳ ᠬᠠᠷᠢᠯᠴᠠᠨ ᠦᠢᠯᠡᠳᠦᠯᠴᠡᠬᠦ ᠲᠦᠷᠦᠯ ᠵᠦᠢᠯ᠎ᠢ ᠲᠤᠬᠢᠷᠠᠭᠤᠯᠪᠠ᠃ ᠡᠭᠦᠨ᠎ᠡᠴᠡ ᠭᠠᠲᠠᠨ᠎ᠠ᠂ ᠨᠤᠮ᠎ᠤᠨ ᠦᠵᠡᠰᠭᠦᠯᠡᠩ ᠨᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠵᠦ᠂ ᠨᠡᠶ᠋ᠢᠲᠡ 700 ᠲᠦᠮᠡᠨ ᠲᠥᠭᠥᠷᠢᠭ᠎ᠦᠨ ᠠᠷᠠᠳ᠎ᠲᠤ ᠠᠰᠢᠭ᠋ ᠬᠦᠷᠲᠡᠭᠡᠬᠦ ᠠᠰᠠᠷᠠᠮᠵᠢ᠎ᠶᠢ ᠲᠤᠬᠢᠷᠠᠭᠤᠯᠤᠨ᠂ 30 ᠲᠦᠮᠡ ᠭᠠᠷᠤᠢ ᠨᠣᠮ ᠬᠤᠳᠠᠯᠳᠤᠨ ᠠᠪᠬᠤ ᠲᠡᠮᠳᠡᠭᠲᠦ ᠲᠠᠷᠬᠠᠭᠠᠬᠤ ᠪᠤᠯᠤᠨ᠎ᠠ᠃