ᠣᠢᠷ᠎ᠠ᠎ᠳᠤ᠂ ᠤᠯᠤᠰ᠎ᠤᠨ ᠮᠡᠳᠡᠯᠭᠡ ᠥᠮᠴᠢᠯᠡᠬᠦ᠌ ᠡᠷᠬᠡ᠎ᠶᠢᠨ ᠲᠣᠪᠴᠢᠶ᠎ᠠ᠎ᠠᠴᠠ ᠵᠢᠯᠣᠭᠤᠳᠴᠤ᠌᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠥᠮᠴᠢᠯᠡᠬᠦ᠌ ᠡᠷᠬᠡ᠎ᠶᠢᠨ ᠲᠣᠪᠴᠢᠶ᠎ᠠ᠂ ᠪᠤᠭᠤᠲᠤ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠬᠢᠯᠡᠵᠦ᠍᠂ ᠵᠧᠵᠢᠶᠠᠩ ᠮᠣᠵᠢ᠎ᠶᠢᠨ ᠮᠡᠳᠡᠯᠭᠡ ᠥᠮᠴᠢᠯᠡᠬᠦ᠌ ᠡᠷᠬᠡ᠎ᠶᠢᠨ ᠲᠣᠪᠴᠢᠶ᠎ᠠ᠂ ᠭᠤᠸᠠᠩᠳᠦ᠋ᠩ ᠮᠣᠵᠢ᠎ᠶᠢᠨ ᠮᠡᠳᠡᠯᠭᠡ ᠥᠮᠴᠢᠯᠡᠬᠦ᠌ ᠡᠷᠬᠡ᠎ᠶᠢᠨ ᠲᠣᠪᠴᠢᠶ᠎ᠠ᠎ᠠᠴᠠ ᠬᠠᠮᠵᠢᠯᠴᠠᠨ ᠡᠷᠬᠢᠯᠡᠭᠰᠡᠨ ᠥᠪᠥᠷ ᠮᠣᠩᠭᠣᠯ ᠵᠧᠵᠢᠶᠠᠩ ᠭᠤᠸᠠᠩᠳᠦ᠋ᠩ᠎ᠤᠨ ᠣᠷᠣᠨ ᠪᠦᠰᠡ ᠠᠯᠤᠰᠯᠠᠭᠰᠠᠨ ᠲᠤᠰᠬᠠᠢ ᠠᠰᠢᠭ᠋᠎ᠢ ᠤᠯᠠᠷᠢᠭᠤᠯᠤᠨ ᠵᠣᠯᠭᠠᠭᠤᠯᠬᠤ ᠠᠵᠢᠯᠯᠠᠭ᠎ᠠ ᠪᠤᠭᠤᠲᠤ ᠬᠣᠲᠠ᠎ᠳᠤ ᠡᠬᠢᠯᠡᠪᠡ᠃ ᠥᠪᠥᠷ ᠮᠣᠩᠭᠣᠯ᠂ ᠵᠧᠵᠢᠶᠠᠩ᠂ ᠭᠤᠸᠠᠩᠳᠦ᠋ᠩ ᠭᠤᠷᠪᠠᠨ ᠮᠤᠵᠢ (ᠣᠷᠣᠨ)᠎ᠶᠢᠨ ᠬᠢᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ᠎ᠪᠠᠷ ᠳᠠᠮᠵᠢᠭᠤᠯᠤᠨ᠂ 《ᠤᠮᠠᠷᠠᠲᠤ ᠣᠷᠣᠨ᠎ᠤ ᠬᠣᠪᠣᠷ ᠱᠢᠷᠣᠢ᠎ᠶ᠋ᠢ ᠡᠮᠦᠨᠡᠲᠦ ᠣᠷᠣᠨ᠎ᠳᠤ ᠠᠭᠤᠰᠤᠯᠴᠠᠭᠤᠯᠬᠤ》 ᠲᠤᠰᠬᠠᠢ ᠠᠰᠢᠭ᠋᠎ᠤᠨ ᠤᠯᠠᠷᠢᠭᠤᠯᠤᠯᠲᠠ᠎ᠶ᠋ᠢᠨ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠡᠭᠦᠨ᠎ᠢᠶᠡᠷ ᠳᠠᠮᠵᠢᠨ 《ᠲᠤᠰᠬᠠᠢ ᠠᠰᠢᠭ᠋᠎ᠤᠨ ᠮᠡᠷᠭᠡᠵᠢᠯ — ᠠᠵᠤ ᠦᠢᠯᠡᠰ᠎ᠦᠨ ᠬᠡᠷᠡᠭᠯᠡᠯᠲᠡ》᠎ᠶᠢᠨ ᠲᠦᠭᠵᠢᠷᠡᠯ ᠴᠡᠭ᠎ᠢ ᠨᠡᠪᠲᠡᠷᠡᠭᠦᠯᠬᠦ ᠪᠣᠯᠣᠨ᠎ᠠ᠃
ᠥᠪᠥᠷ ᠮᠣᠩᠭᠣᠯ᠎ᠳᠤ ᠡᠯᠪᠡᠭ ᠳᠡᠯᠪᠡᠭ ᠬᠣᠪᠣᠷ ᠰᠢᠷᠣᠢ᠎ᠶᠢᠨ ᠡᠬᠢ ᠪᠠᠶᠠᠯᠢᠭ᠋ᠲᠡᠢ ᠪᠠᠢᠵᠤ᠂ ᠤᠯᠤᠰ᠎ᠤᠨ ᠬᠣᠪᠣᠷ ᠰᠢᠷᠣᠢ᠎ᠶᠢᠨ ᠠᠵᠤ ᠦᠢᠯᠡᠰ᠎ᠦᠨ ᠰᠠᠭᠤᠷᠢᠨ ᠭᠠᠵᠠᠷ ᠪᠣᠯᠣᠨ᠎ᠠ; ᠵᠧᠵᠢᠶᠠᠩ᠂ ᠭᠤᠸᠠᠩᠳᠦ᠋ᠩ ᠬᠣᠶᠠᠷ ᠮᠤᠵᠢ᠎ᠶᠢᠨ ᠰᠢᠨ᠎ᠡ᠎ᠶᠢ ᠡᠭᠦᠳᠬᠦ ᠴᠢᠳᠠᠪᠤᠷᠢ ᠲᠣᠪᠣᠢᠮ᠎ᠠ ᠪᠠᠢᠳᠠᠭ᠃ ᠲᠣᠰ ᠤᠳᠠᠭᠠᠨ᠎ᠤ ᠠᠵᠢᠯᠯᠠᠭ᠎ᠠ ᠨᠢ ᠬᠣᠪᠣᠷ ᠰᠢᠷᠣᠢ᠂ ᠵᠣᠬᠢᠶᠠᠮᠠᠯ ᠣᠶᠤᠨ᠂ ᠳ᠋ᠠᠢᠲ᠋ᠠ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠬᠡᠷᠡᠭᠴᠡᠭᠡᠨ᠎ᠦ ᠦᠵᠦᠭᠦᠷ — ᠬᠠᠩᠭᠠᠯᠭ᠎ᠠ᠎ᠶᠢᠨ ᠦᠵᠦᠭᠦᠷ — ᠦᠢᠯᠡᠴᠢᠯᠡᠭᠡᠨ᠎ᠦ ᠦᠵᠦᠭᠦᠷ》᠎ᠤᠨ ᠣᠨᠣᠴᠠᠲᠠᠢ᠎ᠪᠠᠷ ᠵᠣᠯᠭᠠᠭᠤᠯᠬᠤ ᠲᠠᠪᠴᠠᠩ᠎ᠢ ᠪᠠᠶ᠋ᠢᠭᠤᠯᠬᠤ᠎ᠪᠠᠷ ᠭᠣᠣᠯ ᠪᠣᠯᠭᠠᠵᠤ᠂ ᠥᠪᠥᠷ ᠮᠣᠩᠭᠣᠯ᠎ᠤᠨ ᠬᠣᠪᠣᠷ ᠰᠢᠷᠣᠢ᠎ᠶᠢᠨ ᠡᠬᠢ ᠪᠠᠶᠠᠯᠢᠭ᠋᠎ᠢ ᠵᠧᠵᠢᠶᠠᠩ᠂ ᠭᠤᠸᠠᠩᠳᠦ᠋ᠩ᠎ᠤᠨ ᠲᠡᠷᠢᠭᠦᠨ᠎ᠦ ᠮᠡᠷᠭᠡᠵᠢᠯ ᠯᠦ᠍ᠭᠡ ᠭᠦᠨᠵᠡᠭᠡᠢ ᠠᠭᠤᠰᠤᠯᠴᠠᠭᠤᠯᠬᠤ᠎ᠪᠠᠷ ᠳᠡᠮᠵᠢᠨ᠂ 《ᠮᠡᠷᠭᠡᠵᠢᠯ᠎ᠦᠨ ᠪᠣᠭᠣᠮᠲᠠ ᠰᠢᠪᠲᠤᠯᠤᠯᠲᠠ — ᠲᠤᠰᠬᠠᠢ ᠠᠰᠢᠭ᠋᠎ᠤᠨ ᠤᠯᠠᠷᠢᠭᠤᠯᠤᠯᠲᠠ — ᠠᠵᠤ ᠦᠢᠯᠡᠰ᠎ᠤᠨ ᠲᠠᠰ ᠳᠡᠪᠰᠢᠯᠲᠡ》᠎ᠶᠢᠨ ᠪᠥᠬᠥ ᠬᠡᠯᠬᠢᠶᠡᠨ᠎ᠦ ᠬᠠᠮᠵᠢᠯᠴᠠᠨ ᠬᠥᠭᠵᠢᠬᠦ᠎ᠶᠢ ᠲᠦᠯᠬᠢᠨ ᠠᠬᠢᠭᠤᠯᠤᠭᠰᠠᠨ ᠪᠠᠢᠨ᠎ᠠ᠃
ᠵᠣᠯᠭᠠᠭᠤᠯᠬᠤ ᠠᠵᠢᠯᠯᠠᠭ᠎ᠠ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠥᠮᠴᠢᠯᠡᠬᠦ᠌ ᠡᠷᠬᠡ᠎ᠶᠢᠨ ᠲᠣᠪᠴᠢᠶ᠎ᠠ ᠨᠢ ᠪᠤᠭᠤᠲᠤ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠯᠤᠭ᠎ᠠ 《ᠴᠢᠨᠠᠷ ᠰᠠᠢᠲᠠᠢ᠎ᠪᠠᠷ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌ ᠲᠠᠯ᠎ᠠ᠎ᠳᠠᠬᠢ ᠮᠡᠳᠡᠯᠭᠡ ᠥᠮᠴᠢᠯᠡᠬᠦ᠌ ᠡᠷᠬᠡ᠎ᠶ᠋ᠢᠨ ᠬᠦᠴᠦᠷᠬᠡᠭ ᠬᠣᠲᠠ᠎ᠶᠢ ᠬᠠᠮᠲᠤ᠎ᠪᠠᠷ ᠪᠠᠶ᠋ᠢᠭᠤᠯᠬᠤ ᠬᠠᠮᠲᠤᠷᠠᠯᠴᠠᠭᠠᠨ᠎ᠤ ᠵᠥᠪᠯᠡᠨ ᠲᠣᠭ᠍ᠲᠠᠭᠠᠭ᠍ᠰᠠᠨ ᠪᠢᠴᠢᠭ》᠎ᠲᠤ ᠭᠠᠷᠤᠨ ᠥᠰᠥᠭ ᠵᠢᠷᠤᠵᠤ᠂ ᠪᠤᠭᠤᠲᠤ᠎ᠶ᠋ᠢ 《ᠮᠡᠳᠡᠯᠭᠡ ᠥᠮᠴᠢᠯᠡᠬᠦ᠌ ᠡᠷᠬᠡ᠎ᠶ᠋ᠢᠨ ᠬᠦᠴᠦᠷᠬᠡᠭ ᠬᠣᠲᠠ》᠎ᠶ᠋ᠢᠨ ᠬᠡᠪ ᠳᠠᠭᠤᠷᠢᠶᠠᠯ ᠪᠣᠯᠭᠠᠨ ᠴᠣᠭ᠍ᠴᠠᠯᠠᠬᠤ᠎ᠳᠤ ᠬᠦᠴᠦᠨ ᠨᠡᠮᠡᠷᠢᠯᠡᠪᠡ; ᠪᠤᠭᠤᠲᠤ᠂ ᠣᠷᠳᠣᠰ᠂ ᠬᠠᠩᠵᠧᠦ᠂ ᠨᠢᠩᠪᠦ᠋ᠸᠧ᠂ ᠵᠢᠨ ᠬᠤᠸᠠ᠂ ᠵᠢᠶᠸ ᠶᠠᠩ ᠵᠡᠷᠭᠡ 6 ᠬᠤᠳᠠ 《ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠣᠷᠣᠨ ᠪᠦᠰᠡ ᠠᠯᠤᠰᠯᠠᠭᠰᠠᠨ ᠲᠤᠰᠬᠠᠢ ᠠᠰᠢᠭ᠋᠎ᠢ ᠤᠯᠠᠷᠢᠭᠤᠯᠬᠤ ᠬᠠᠮᠲᠤᠷᠠᠯᠴᠠᠭᠠᠨ᠎ᠤ ᠬᠣᠯᠪᠣᠭ᠎ᠠ》᠎ᠶᠢ ᠬᠠᠮᠲᠤ᠎ᠪᠠᠷ ᠪᠠᠢᠭᠤᠯᠵᠤ᠂ ᠣᠷᠣᠨ ᠪᠦᠰᠡ ᠠᠯᠤᠰᠯᠠᠭᠰᠠᠨ ᠲᠤᠰᠬᠠᠢ ᠠᠰᠢᠭ᠋᠎ᠢ ᠤᠯᠠᠷᠢᠭᠤᠯᠬᠤ ᠬᠠᠮᠲᠤᠷᠠᠯᠴᠠᠭ᠎ᠠ᠎ᠶᠢ ᠴᠢᠨᠠᠭᠰᠢᠳᠠ ᠥᠷᠭᠡᠳᠬᠡᠨ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠣᠷᠣᠨ ᠪᠦᠰᠡ ᠠᠯᠤᠰᠯᠠᠨ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠪᠡ᠃ ᠡᠭᠦᠨ᠎ᠦ ᠬᠠᠮᠲᠤ᠂ ᠬᠠᠮᠢᠶ᠎ᠠ ᠪᠦᠬᠦᠢ ᠠᠵᠤ ᠠᠬᠤᠢᠯᠠᠯ ᠬᠢᠭᠡᠳ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠲᠤᠰᠬᠠᠢ ᠠᠰᠢᠭ᠋᠎ᠤᠨ ᠮᠡᠷᠭᠡᠵᠢᠯ᠎ᠢᠶᠠᠨ ᠰᠢᠯᠵᠢᠭᠦᠯᠦᠨ ᠥᠭᠬᠦ᠂ ᠶᠡᠬᠡ ᠳᠡᠭᠡᠳᠦ ᠰᠤᠷᠭᠠᠭᠤᠯᠢ ᠬᠢᠭᠡᠳ ᠠᠵᠤ ᠠᠬᠤᠢᠯᠠᠯ ᠯᠤᠭ᠎ᠠ᠎ᠶ᠋ᠢᠨ ᠦᠢᠯᠡᠳᠪᠦᠷᠢᠯᠡᠬᠦ᠌ ᠵᠢᠭᠠᠬᠤ ᠰᠤᠳᠤᠯᠬᠤ ᠬᠠᠮᠲᠤᠷᠠᠯᠴᠠᠭ᠎ᠠ᠂ ᠲᠤᠰᠬᠠᠢ ᠠᠰᠢᠭ᠋᠎ᠢᠶᠠᠨ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠣᠯᠠᠨ ᠲᠥᠷᠥᠯ ᠬᠡᠯᠪᠡᠷᠢ᠎ᠶᠢᠨ ᠬᠠᠮᠲᠤᠷᠠᠯᠴᠠᠭᠠᠨ᠎ᠤ ᠭᠡᠷ᠎ᠡ᠎ᠶᠢᠨ ᠲᠣᠭᠲᠠᠯᠴᠠᠭ᠎ᠠ᠎ᠶᠢ ᠵᠡᠷᠭᠡ᠎ᠪᠡᠷ ᠳᠣᠬᠢᠷᠠᠯᠴᠠᠵᠤ᠂ ᠪᠥᠬᠥ ᠵᠣᠭᠣᠰ᠎ᠤᠨ ᠲᠣᠭ᠎ᠠ ᠨᠢ 3.79 ᠳ᠋ᠦᠩᠰᠢᠭᠤᠷ ᠲᠥᠭᠥᠷᠢᠭ᠎ᠲᠦ ᠬᠦᠷᠴᠦ᠂ ᠬᠣᠪᠣᠷ ᠰᠢᠷᠣᠢ᠂ ᠵᠣᠬᠢᠶᠠᠮᠠᠯ ᠣᠶᠤᠨ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ ᠪᠣᠯᠬᠤ ᠠᠵᠤ ᠦᠢᠯᠡᠰ᠎ᠦᠨ ᠬᠦᠷᠢᠶ᠎ᠡ᠎ᠶᠢ ᠬᠠᠮᠤᠷᠪᠠ᠃
ᠣᠢᠯᠠᠭᠠᠭᠰᠠᠨ᠎ᠢᠶᠠᠷ᠂ ᠥᠪᠥᠷ ᠮᠣᠩᠭᠣᠯ᠂ ᠵᠧᠵᠢᠶᠠᠩ᠂ ᠭᠤᠸᠠᠩᠳᠦ᠋ᠩ ᠭᠤᠷᠪᠠᠨ ᠮᠤᠵᠢ (ᠣᠷᠣᠨ) ᠨᠢ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭᠲᠠᠴᠠ᠎ᠶᠢ ᠪᠠᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠣᠯᠭᠠᠭᠤᠯᠬᠤ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠤᠨ᠂ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠨᠠᠩ ᠣᠯᠠᠨ ᠲᠤᠰᠬᠠᠢ ᠠᠰᠢᠭ᠋᠎ᠤᠨ ᠦᠷ᠎ᠡ ᠪᠦᠲᠦᠭᠡᠯ᠎ᠢ ᠤᠯᠠᠷᠢᠭᠤᠯᠤᠨ ᠨᠠᠢᠳᠠᠪᠤᠷᠢᠵᠢᠭᠤᠯᠬᠤ᠎ᠶᠢ ᠲᠦᠯᠬᠢᠨ ᠠᠬᠢᠭᠤᠯᠬᠤ ᠪᠣᠯᠣᠨ᠎ᠠ᠃