ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠮᠠᠨ᠎ᠤ ᠤᠷᠤᠨ᠎ᠤ 2 ᠪᠦᠲᠦᠭᠡᠯ ᠳᠤᠮᠳᠠᠳᠤ ᠤᠯᠤᠰ᠎ᠤᠨ ᠰᠢ ᠵᠦᠴᠦᠭᠡ᠎ᠶ᠋ᠢᠨ ᠨᠠᠢᠷ᠎ᠲᠤ ᠰᠤᠩᠭᠤᠭᠳᠠᠪᠠ
ᠨᠡᠶ᠋ᠢᠲᠡᠯᠡᠭᠰᠡᠨ ᠴᠠᠭ᠄ 2025-08-04

ᠦᠪᠡᠷᠳᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠠᠴᠠ ᠤᠢᠯᠠᠭᠠᠭᠰᠠᠨ᠎ᠢᠶᠠᠷ᠂ ᠮᠠᠨ᠎ᠤ ᠤᠷᠤᠨ᠎ᠤ ᠪᠥᠵᠢᠭ᠌ᠲᠦ ᠵᠦᠴᠦᠭᠡ 《ᠮᠣᠷᠢᠲᠤ ᠴᠡᠷᠢᠭ》 ᠪᠤᠯᠤᠨ ᠶᠠᠷᠢᠶᠠᠲᠤ ᠵᠦᠴᠦᠭᠡ 《ᠲᠩᠷᠢ᠎ᠶ᠋ᠢᠨ ᠬᠠᠶᠠᠭᠠᠨ᠎ᠳᠠᠬᠢ ᠲᠠᠯ᠎ᠠ ᠨᠤᠲᠤᠭ》 ᠬᠡᠬᠦ ᠬᠤᠶᠠᠷ ᠪᠦᠳᠦᠭᠡᠯ ᠳᠤᠮᠳᠠᠳᠤ ᠤᠯᠤᠰ᠎ᠤᠨ ᠤᠳᠭ᠎ᠠ ᠤᠷᠠᠯᠢᠭ᠎ᠤᠨ ᠬᠣᠯᠪᠣᠭ᠎ᠠ᠂ ᠳᠤᠮᠳᠠᠳᠤ ᠤᠯᠤᠰ᠎ᠤᠨ ᠰᠢ ᠵᠦᠴᠦᠭᠡᠴᠢᠳ᠎ᠤᠨ ᠨᠡᠢᠭᠡᠮᠯᠢᠭ᠎ᠠᠴᠠ ᠬᠠᠮᠲᠤᠷᠠᠨ ᠡᠷᠭᠢᠯᠡᠭ᠌ᠰᠡᠨ ᠠᠷᠪᠠ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢ ᠵᠦᠴᠦᠭᠡ᠎ᠶ᠋ᠢᠨ ᠨᠠᠢᠷ᠎ᠲᠤ ᠰᠤᠩᠭᠤᠭᠳᠠᠪᠠ᠃

ᠳᠤᠮᠳᠠᠳᠤ ᠤᠯᠤᠰ᠎ᠤᠨ ᠰᠢ ᠵᠦᠴᠦᠭᠡ᠎ᠶ᠋ᠢᠨ ᠨᠠᠢᠷ ᠪᠣᠯ ᠪᠦᠬᠦ᠌ ᠤᠯᠤᠰ᠎ᠤᠨ ᠰᠢ ᠵᠦᠴᠦᠭᠡ᠎ᠶ᠋ᠢᠨ ᠡᠲᠡᠭᠡᠳ᠎ᠤᠨ ᠱᠢᠯᠢᠳᠡᠭ ᠰᠢ ᠵᠦᠴᠦᠭᠡ᠎ᠶ᠋ᠢᠨ ᠵᠣᠬᠢᠶᠠᠨ ᠪᠦᠲᠦᠭᠡᠯᠭᠡ᠎ᠶ᠋ᠢᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠌ ᠴᠢᠬᠤᠯᠠ ᠲᠠᠪᠴᠠᠩ ᠪᠠᠢᠵᠤ᠂ 2 ᠵᠢᠯ᠎ᠳᠦ ᠨᠢᠭᠡ ᠤᠳᠠᠭ᠎ᠠ ᠶᠠᠪᠤᠭ᠍ᠳᠠᠳᠠᠭ᠃ ᠠᠷᠪᠠ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢ ᠵᠦᠴᠦᠭᠡ᠎ᠶ᠋ᠢᠨ ᠨᠠᠢᠷ ᠡᠨᠡ ᠵᠢᠯ᠎ᠤᠨ 9 ᠰᠠᠷ᠎ᠠ᠎ᠳᠤ ᠬᠠᠩᠵᠧᠦ᠍᠎ᠳᠦ ᠶᠠᠪᠤᠭ᠍ᠳᠠᠨ᠎ᠠ᠃ ᠲᠤᠬᠠᠶ᠎ᠶ᠋ᠢᠨ ᠦᠶ᠎ᠡ᠎ᠳᠦ ᠪᠥᠬᠥ᠌ ᠤᠯᠤᠰ᠎ᠤᠨ ᠡᠯ᠎ᠡ ᠮᠤᠵᠢ᠂ ᠱᠢᠭᠤᠳ ᠬᠠᠷᠢᠶ᠎ᠠ ᠬᠣᠲᠠ ᠪᠠ ᠥᠪᠡᠷᠲᠡᠭᠡᠨ ᠵᠠᠰᠠᠬᠤ ᠣᠷᠣᠨ ᠤ᠋ ᠰᠤᠳᠤᠨ ᠪᠦᠳᠦᠬᠡᠯ᠎ᠤᠳ ᠳᠤᠮᠳᠠᠳᠤ ᠤᠯᠤᠰ᠎ᠤᠨ ᠥᠯᠢᠭᠡᠷ᠎ᠢ ᠶᠠᠷᠢᠵᠤ᠂ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠬᠤ ᠪᠣᠯᠤᠨ᠎ᠠ᠃

ᠪᠦᠵᠢᠭᠳᠦ ᠵᠦᠴᠦᠭᠡ 《ᠮᠣᠷᠢᠲᠤ ᠴᠡᠷᠢᠭ》 ᠪᠣᠯ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠠᠴᠠ ᠵᠤᠬᠢᠶᠠᠨ ᠪᠦᠳᠦᠭᠡᠭᠰᠡᠨ ᠳᠤᠮᠳᠠᠳᠤ ᠤᠯᠤᠰ᠎ᠤᠨ ᠲᠠᠢᠰᠠᠨ᠎ᠤ ᠤᠷᠠᠯᠢᠭ᠎ᠤᠨ ᠲᠡᠦᠬᠡᠨ ᠳᠡᠭᠡᠷᠡᠬᠢ ᠠᠩᠬᠠᠳᠠᠭ᠍ᠴᠢ ᠮᠣᠷᠢᠲᠤ ᠴᠡᠷᠢᠭ᠎ᠢᠶᠠᠷ ᠰᠡᠳᠦᠪᠯᠡᠭ᠌ᠰᠡᠨ ᠲᠣᠮᠣ ᠬᠡᠯᠪᠡᠷᠢ᠎ᠶ᠋ᠢᠨ ᠤᠤᠭᠠᠯ ᠪᠥᠵᠢᠭ᠌ᠲᠦ ᠵᠦᠴᠦᠭᠡ ᠪᠠᠢᠵᠦ᠂ ᠥᠪᠥᠷ ᠮᠣᠩᠭᠣᠯ᠎ᠤᠨ ᠮᠣᠷᠢᠲᠤ ᠴᠡᠷᠢᠭ᠎ᠤᠨ ᠨᠠᠮ᠎ᠳᠠᠭᠠᠨ ᠦᠨᠡᠨᠴᠢ ᠱᠢᠳᠤᠷᠭᠤ᠂ ᠤᠯᠤᠰ᠎ᠤᠨ ᠲᠥᠯᠥᠭᠡ ᠵᠣᠷᠢᠭ᠍ᠲᠠᠶ᠎ᠪᠠᠷ ᠠᠮᠢ ᠪᠡᠶ᠎ᠡ᠎ᠪᠡᠨ ᠦᠷᠡᠭ᠌ᠳᠡᠭᠦᠯᠬᠦ᠌ ᠬᠠᠢᠷ᠎ᠠ ᠰᠡᠳᠭᠢᠯᠭᠡ ᠪᠤᠯᠤᠨ ᠵᠤᠷᠢᠭ ᠰᠠᠨᠠᠭ᠎ᠠ᠎ᠶ᠋ᠢ ᠦᠵᠡᠭᠦᠯᠵᠡᠶ᠃ 2017 ᠣᠨ᠎ᠳᠦ ᠤᠯᠤᠰ᠎ᠤᠨ ᠤᠷᠠᠯᠢᠭ᠎ᠤᠨ ᠰᠠᠭᠤᠷᠢ ᠮᠥᠩᠭᠥᠨ᠎ᠦ ᠲᠤᠰᠠᠯᠠᠮᠵᠢ᠎ᠶ᠋ᠢ ᠭᠥᠷᠳᠡᠨ᠂ 2020 ᠣᠨ᠎ᠳᠦ ᠠᠷᠪᠠᠨ ᠬᠣᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬᠤ᠎ᠠ ᠱᠠᠩᠨᠠᠯ》᠎ᠢ ᠭᠥᠷᠳᠡᠵᠦ᠂ 2021 ᠣᠨ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠱᠢᠯᠢᠳᠡᠭ ᠲᠠᠢᠰᠠᠨ᠎ᠤ ᠤᠷᠠᠯᠢᠭ᠎ᠤᠨ ᠪᠦᠲᠦᠭᠡᠯ᠎ᠤᠨ ᠦᠵᠡᠭᠦᠯᠭᠡ᠎ᠶ᠋ᠢᠨ ᠲᠤᠭᠯᠠᠯᠳᠠ᠎ᠳᠦ ᠰᠣᠩᠭᠣᠭ᠍ᠳᠠᠵᠤ᠂ 2022 ᠣᠨ᠎ᠳᠦ ᠠᠷᠪᠠᠨ ᠳᠣᠯᠣᠳᠤᠭᠠᠷ ᠬᠤᠭᠤᠴᠠᠭᠠᠨ᠎ᠤ 《ᠸᠸᠨ ᠬᠤᠸᠠ ᠲᠣᠮᠣ ᠱᠠᠩᠨᠠᠯ》᠎ᠢ ᠭᠥᠷᠳᠡᠵᠠᠢ᠃

ᠶᠠᠷᠢᠶᠠᠲᠤ ᠵᠦᠴᠦᠭᠡ 《ᠲᠩᠷᠢ᠎ᠶ᠋ᠢᠨ ᠬᠠᠶᠠᠭᠠᠨ᠎ᠳᠠᠬᠢ ᠲᠠᠯ᠎ᠠ ᠨᠤᠲᠤᠭ》ᠨᠢ᠎ᠪᠠᠷᠠᠭᠤᠨ ᠣᠷᠣᠨ᠎ᠳᠦ ᠰᠠᠢᠨ ᠲᠤᠷ᠎ᠠ᠎ᠠᠴᠠ᠎ᠪᠠᠨ ᠦᠢᠯᠡᠴᠢᠯᠡᠬᠦ ᠲᠥᠯᠥᠪᠯᠡᠭᠡ᠎ᠶ᠋ᠢᠨ ᠰᠠᠢᠨ ᠳᠤᠷᠠᠴᠤᠳ᠎ᠢᠶᠠᠷ ᠰᠡᠳᠦᠪᠯᠡᠵᠦ᠍᠂ ᠳᠡᠳᠡᠨ᠎ᠤ ᠬᠦᠰᠡᠯ ᠵᠡᠭᠦᠳᠦ᠍᠎ᠪᠠᠨ ᠬᠥᠭᠡᠭᠡᠴᠡᠯᠳᠦᠭ᠌ᠰᠡᠨ᠂ ᠬᠠᠷᠠᠮ ᠦᠭᠡᠢ ᠬᠤᠪᠢ ᠨᠡᠮᠡᠷᠢ ᠦᠵᠡᠭᠦᠯᠦᠭ᠌ᠰᠡᠨ ᠰᠡᠳᠭᠢᠯ ᠬᠥᠳᠡᠯᠭᠡᠮ᠎ᠡ ᠦᠯᠢᠭᠡᠷ᠎ᠢ ᠲᠤᠭᠯᠠᠨ᠂ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠤᠨ ᠦᠨᠳᠦᠰᠦᠲᠡᠨ ᠨᠤᠭᠦᠳ᠎ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠤᠨ ᠰᠡᠳᠭᠢᠯ ᠬᠥᠳᠡᠯᠭᠡᠮ᠎ᠡ ᠦᠵᠡᠭ᠌ᠳᠡᠯ᠎ᠢ ᠳᠠᠬᠢᠨᠲᠠ ᠢᠯᠡᠷᠡᠬᠦᠯᠵᠡᠢ᠃ ᠲᠣᠰ ᠶᠠᠷᠢᠶᠠᠲᠤ ᠵᠦᠴᠦᠭᠡ ᠨᠢ ᠤᠷᠢᠳ ᠬᠣᠵᠢᠳ 2018 ᠣᠨ᠎ᠤ ᠤᠯᠤᠰ᠎ᠤᠨ ᠤᠷᠠᠯᠢᠭ᠎ᠤᠨ ᠰᠠᠭᠤᠷᠢ ᠮᠥᠩᠭᠥᠨ᠎ᠤ ᠵᠠᠯᠠᠭᠤ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠴᠢᠳᠠᠪᠤᠷᠢᠲᠠᠨ᠎ᠢ ᠳᠡᠮᠵᠢᠨ ᠲᠤᠰᠠᠯᠠᠬᠤ ᠲᠥᠷᠥᠯ ᠵᠦᠶ᠋ᠯ᠂ 2019 ᠣᠨ᠎ᠤ ᠤᠯᠤᠰ᠎ᠤᠨ ᠤᠷᠠᠯᠢᠭ᠎ᠤᠨ ᠰᠠᠭᠤᠷᠢ ᠮᠥᠩᠭᠥᠨ᠎ᠤ ᠡᠷᠬᠢᠯᠳᠡᠳᠦ ᠮᠦᠩᠬᠦ᠎ᠪᠠᠷ ᠲᠤᠰᠠᠯᠠᠬᠤ ᠲᠥᠷᠥᠯ ᠵᠦᠶ᠋ᠯ ᠪᠠ ᠦᠷ᠎ᠡ ᠪᠦᠲᠦᠭᠡᠯ᠎ᠢ ᠬᠡᠷᠡᠭ᠌ᠯᠡᠬᠦ᠌ ᠲᠥᠷᠥᠯ ᠵᠦᠶ᠋ᠯ᠂ 2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠂ 2024 ᠣᠨ᠎ᠤ ᠤᠯᠤᠰ᠎ᠤᠨ ᠤᠷᠠᠯᠢᠭ᠎ᠤᠨ ᠰᠠᠭᠤᠷᠢ ᠮᠥᠩᠭᠥᠨ᠎ᠤ ᠳᠠᠮᠵᠢᠭᠤᠯᠭ᠎ᠠ ᠰᠣᠯᠢᠯᠴᠠᠭ᠎ᠠ ᠳᠡᠯᠭᠡᠷᠡᠭᠦᠯᠦᠯᠲᠡ᠎ᠶ᠋ᠢ ᠳᠡᠮᠵᠢᠨ ᠲᠤᠰᠠᠯᠠᠬᠤ ᠲᠥᠷᠥᠯ ᠵᠦᠶ᠋ᠯ᠎ᠢᠶᠡᠷ ᠰᠤᠩᠭᠤᠭᠳᠠᠵᠦ᠂ ᠤᠯᠠᠨ ᠱᠠᠩᠨᠠᠯ ᠬᠦᠬᠢᠬᠦᠯᠦᠯ ᠲᠤᠰᠴᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ