ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠤᠯ᠎ᠤᠨ ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ ᠨᠢ ᠵᠠᠯᠠᠭᠤ ᠨᠠᠰᠤᠨ᠎ᠤ 《ᠰᠥᠨᠢ᠎ᠶᠢᠨ ᠠᠮᠢᠳᠤᠷᠠᠯ》᠎ᠢ ᠭᠡᠷᠡᠯᠲᠦᠭᠦᠯᠵᠦ ᠦᠰᠦᠨ ᠪᠤᠶ᠋ᠢᠵᠢᠯᠲᠠ᠎ᠶᠢᠨ ᠰᠢᠨ᠎ᠡ ᠤᠷᠤᠯᠳᠤᠭᠠᠨ᠎ᠤ ᠵᠠᠮ᠎ᠳᠦ ᠬᠦᠴᠦᠨ ᠨᠡᠮᠡᠷᠢᠯᠡᠵᠦ ᠪᠣᠢ
ᠨᠡᠶ᠋ᠢᠲᠡᠯᠡᠭᠰᠡᠨ ᠴᠠᠭ᠄ 2025-08-06

ᠥᠪᠥᠷ ᠮᠣᠩᠭᠤᠯ᠎ᠤᠨ ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ᠎ᠨᠢ 《ᠵᠠᠯᠠᠭᠤᠴᠤᠳ᠎ᠲᠠᠢ ᠣᠢᠷᠠᠳᠴᠤ᠌᠂ ᠵᠠᠯᠠᠭᠤᠴᠤᠳ᠎ᠲᠤ ᠦᠢᠯᠡᠴᠢᠯᠡᠬᠦ》᠎ᠪᠠᠷ ᠭᠤᠤᠯ ᠪᠣᠯᠭᠠᠵᠤ᠂ 《ᠡᠬᠢ ᠪᠠᠶᠠᠯᠢᠭ᠋᠎ᠢ ᠨᠡᠢᠳᠬᠡᠬᠦ᠂ ᠬᠢᠴᠢᠶᠡᠯ᠎ᠢ ᠥᠪᠡᠷᠮᠢᠴᠡᠵᠢᠭᠦᠯᠬᠦ᠂ ᠦᠢᠯᠡᠴᠢᠯᠡᠭᠡ᠎ᠶᠢ ᠣᠨᠣᠴᠠᠵᠢᠭᠤᠯᠬᠤ》᠎ᠪᠠᠷ ᠠᠷᠭ᠎ᠠ ᠵᠠᠮ ᠪᠣᠯᠭᠠᠨ᠂ ᠵᠠᠯᠠᠭᠤᠴᠤᠳ᠎ᠤᠨ ᠳᠤᠷ᠎ᠠ ᠰᠣᠨᠢᠷᠬᠠᠯ᠎ᠢ ᠲᠠᠲᠠᠬᠤ᠂ ᠪᠣᠳᠠᠲᠤ ᠬᠡᠷᠡᠭᠴᠡᠭᠡ ᠱᠠᠭᠠᠷᠳᠠᠯᠭ᠎ᠠ ᠪᠠ ᠦᠰᠦᠨ ᠪᠤᠶ᠋ᠢᠵᠢᠬᠤ ᠬᠥᠭᠵᠢᠯᠲᠡ᠎ᠶᠢᠨ ᠬᠡᠷᠡᠭᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠥᠬᠦ ᠣᠷᠣᠨ᠎ᠤ ᠵᠠᠯᠠᠭᠤᠴᠤᠳ᠎ᠲᠤ ᠪᠠᠶᠠᠯᠢᠭ᠋ ᠰᠠᠶ᠋ᠢᠬᠠᠨ ᠬᠢᠴᠢᠶᠡᠯ ᠬᠠᠩᠭᠠᠵᠤ᠂ ᠥᠷᠭᠡᠨ ᠣᠯᠠᠨ ᠵᠠᠯᠠᠭᠤᠴᠤᠳ᠎ᠤᠨ ᠠᠩᠬᠠᠷᠤᠯ ᠎ᠢ ᠶᠡᠬᠡᠲᠡ ᠲᠠᠲᠠᠭ᠍ᠰᠠᠨ ᠪᠠ ᠬᠦᠷᠢᠶᠡᠯᠡᠯ᠎ᠢ ᠣᠯᠤᠭᠰᠠᠨ ᠪᠠᠶ᠋ᠢᠨ᠎ᠠ᠃ ᠣᠳᠣᠬᠠᠨ ᠪᠣᠯᠲᠠᠯ᠎ᠠ᠂ ᠪᠥᠬᠦ ᠣᠷᠣᠨ᠎ᠤ 103 ᠬᠤᠰᠢᠭᠤ ᠰᠢᠶᠠᠨ (ᠬᠤᠲᠠ᠂ ᠲᠣᠭᠤᠷᠢᠭ᠋) ᠨᠡᠶ᠋ᠢᠲᠡ ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ᠎ᠶᠢ 217 ᠡᠷᠭᠢᠯᠡᠵᠦ᠂ ᠨᠡᠶ᠋ᠢᠲᠡ 1570 ᠭᠠᠷᠤᠶ ᠲᠠᠯᠠᠪᠤᠷ ᠠᠵᠢᠯᠯᠠᠭ᠎ᠠ ᠥᠷᠨᠢᠭᠦᠯᠵᠦ᠂ ᠵᠠᠯᠠᠭᠤᠴᠤᠳ᠎ᠢ 3.3 ᠲᠦᠮᠡ ᠭᠠᠷᠤᠶ ᠬᠥᠮᠦᠨ ᠤᠳᠠᠭ᠎ᠠ ᠬᠠᠮᠤᠷᠴᠤ᠂ ᠵᠠᠯᠠᠭᠤᠴᠤᠳ᠎ᠢ ᠠᠯᠬᠤᠮ ᠠᠯᠬᠤᠮ᠎ᠢᠶᠠᠷ ᠬᠥᠲᠥᠯᠦᠨ ᠳᠠᠭᠠᠭᠤᠯᠬᠤ᠂ ᠬᠠᠷᠢᠯᠴᠠᠬᠤ᠂ ᠲᠡᠳᠡᠨ᠎ᠳᠤ ᠦᠢᠯᠡᠴᠢᠯᠡᠬᠦ᠎ᠶ᠋ᠢᠨ ᠰᠢᠨ᠎ᠡ ᠵᠢᠭ᠍ᠰᠠᠭᠠᠯ᠎ᠤᠨ ᠭᠠᠵᠠᠷ ᠪᠣᠯᠤᠭᠰᠠᠨ ᠪᠠᠶ᠋ᠢᠨ᠎ᠠ᠃

《ᠤᠷ᠎ᠠ ᠴᠢᠳᠠᠪᠤᠷᠢ᠎ᠶᠢᠨ ᠬᠢᠴᠢᠶᠡᠯ》᠎ᠢ ᠲᠣᠬᠢᠷᠠᠭᠤᠯᠵᠤ᠂ ᠠᠵᠢᠯ ᠮᠡᠷᠭᠡᠵᠢᠯ᠎ᠤᠨ ᠪᠣᠯᠪᠠᠰᠤᠷᠠᠯ ᠪᠠ ᠨᠠᠰᠤᠨ ᠲᠤᠷᠰᠢᠳᠠ᠎ᠶᠢᠨ ᠰᠤᠷᠤᠯᠴᠠᠯᠭ᠎ᠠ᠎ᠶᠢ ᠵᠡᠷᠭᠡ᠎ᠳᠤ ᠨᠢ ᠠᠬᠢᠭᠤᠯᠵᠤ ᠪᠣᠢ

ᠵᠠᠯᠠᠭᠤᠴᠤᠳ᠎ᠤᠨ ᠠᠵᠢᠯ ᠮᠡᠷᠭᠡᠵᠢᠯ᠎ᠤᠨ ᠬᠥᠭᠵᠢᠯᠲᠡ᠎ᠶᠢᠨ ᠬᠡᠷᠡᠭᠴᠡᠭᠡ᠎ᠳᠤ ᠰᠠᠭᠤᠷᠢᠯᠠᠨ᠂ ᠡᠪ ᠬᠠᠮᠲᠤ ᠵᠠᠯᠠᠭᠤᠴᠤᠳ᠎ᠤᠨ ᠡᠪᠯᠡᠯ ᠨᠢ ᠡᠬᠢ ᠪᠠᠶᠠᠯᠢᠭ᠋᠎ᠢ ᠨᠡᠢᠳᠬᠡᠵᠦ᠂ ᠲᠠᠪᠴᠠᠩ ᠪᠠᠶ᠋ᠢᠭᠤᠯᠤᠨ᠂ ᠵᠠᠯᠠᠭᠤᠴᠤᠳ᠎ᠤᠨ ᠠᠵᠢᠯ ᠮᠡᠷᠭᠡᠵᠢᠯ᠎ᠤᠨ ᠬᠥᠭᠵᠢᠯᠲᠡ᠎ᠶᠢᠨ ᠬᠡᠷᠡᠭᠴᠡᠭᠡ ᠯᠦ᠍ᠭᠡ ᠨᠢᠭ᠍ᠲᠠ ᠤᠶᠠᠯᠳᠤᠭᠤᠯᠤᠨ᠂ ᠣᠯᠠᠨ ᠡᠰᠢᠵᠢᠭᠰᠡᠨ᠂ ᠬᠡᠷᠡᠭᠯᠡᠭᠡᠨ᠎ᠤ ᠬᠡᠯᠪᠡᠷᠢ᠎ᠶᠢᠨ ᠤᠷ᠎ᠠ ᠴᠢᠳᠠᠪᠤᠷᠢ᠎ᠶᠢᠨ ᠬᠢᠴᠢᠶᠡᠯ᠎ᠢ ᠨᠡᠭᠡᠭᠡᠵᠦ᠂ 《ᠡᠳᠦᠷ᠎ᠲᠤ᠎ᠪᠠᠨ ᠠᠵᠢᠯᠯᠠᠬᠤ + ᠰᠥᠨᠢ᠎ᠳᠤ᠎ᠪᠠᠨ ᠰᠤᠷᠤᠯᠴᠠᠬᠤ》 ᠰᠤᠷᠤᠯᠴᠠᠯᠭ᠎ᠠ᠎ᠶᠢᠨ ᠬᠡᠪ ᠵᠠᠭᠪᠤᠷ᠎ᠢ ᠪᠠᠶ᠋ᠢᠭᠤᠯᠵᠤ᠂ ᠵᠠᠯᠠᠭᠤᠴᠤᠳ᠎ᠤᠨ ᠠᠵᠢᠯ ᠣᠯᠭᠣᠯᠲᠠ᠎ᠳᠤ ᠥᠷᠢᠰᠦᠯᠳᠦᠬᠦ ᠬᠦᠴᠦᠨ᠎ᠢ ᠨᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃

ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠪᠤᠭᠤᠲᠤ ᠬᠣᠲᠠ᠎ᠶᠢᠨ ᠵᠢᠦ ᠶᠤᠸᠠᠨ ᠲᠣᠭᠣᠷᠢᠭ᠋᠎ᠤᠨ ᠬᠣᠷᠢᠶ᠎ᠠ ᠨᠢ 《ᠡᠪᠯᠡᠯ ᠬᠠᠮᠲᠤ ᠵᠠᠯᠠᠭᠤᠴᠤᠳ᠎ᠤᠨ Class》 ᠭᠡᠬᠦ᠌ ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ᠎ᠶᠢᠨ ᠲᠥᠷᠥᠯ ᠵᠦᠢᠯ᠎ᠢ ᠭᠠᠷᠭᠠᠵᠤ᠂ ᠬᠠᠷᠢᠶ᠎ᠠ ᠣᠷᠣᠨ᠎ᠤ 35 ᠨᠠᠰᠤᠨ᠎ᠠᠴᠠ ᠳᠣᠷᠣᠭ᠍ᠰᠢᠬᠢ ᠵᠠᠯᠠᠭᠤᠴᠤᠳ᠎ᠲᠤ 《ᠡᠭᠦᠳᠡ ᠲᠣᠭᠰᠢᠬᠤ ᠠᠵᠢᠯᠯᠠᠭ᠎ᠠ》᠎ᠶᠢ ᠥᠷᠨᠢᠭᠦᠯᠵᠦ᠂ ᠠᠵᠢᠯ ᠣᠯᠣᠭᠠᠳᠤᠢ ᠵᠠᠯᠠᠭᠤᠴᠤᠳ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠎ᠢᠶᠠᠷ ᠠᠵᠢᠯ ᠡᠷᠬᠢᠯᠡᠭᠰᠡᠳ᠎ᠦᠨ ᠪᠣᠳᠠᠲᠤ ᠬᠡᠷᠡᠭᠴᠡᠭᠡ᠎ᠶᠢ ᠭᠣᠣᠯᠳᠠᠯᠭ᠎ᠠ ᠪᠣᠯᠭᠠᠨ ᠣᠢᠯᠠᠭᠠᠵᠤ᠂ 《ᠵᠠᠯᠠᠭᠤᠴᠤᠳ᠎ᠲᠤ ᠦᠢᠯᠡᠴᠢᠯᠡᠬᠦ᠂ ᠵᠠᠯᠠᠭᠤᠴᠤᠳ᠎ᠲᠤ ᠬᠦᠴᠦᠨ ᠨᠡᠮᠡᠷᠢᠯᠡᠬᠦ᠂ ᠵᠠᠯᠠᠭᠤᠴᠤᠳ᠎ᠢ ᠠᠮᠵᠢᠯᠲᠠ᠎ᠳᠦ ᠬᠦᠷᠭᠡᠬᠦ》 ᠣᠨᠴᠠᠯᠢᠭ᠍ᠲᠤ ᠠᠷᠭ᠎ᠠ ᠵᠠᠮ᠎ᠤᠳ᠎ᠢ ᠨᠡᠭᠡᠭᠡᠪᠡ᠃

《ᠰᠣᠶᠣᠯ᠎ᠤᠨ ᠬᠢᠴᠢᠶᠡᠯ》᠎ᠢ ᠳᠣᠬᠢᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ᠎ᠢ ᠣᠲᠣ᠌ ᠦᠶ᠎ᠡ᠎ᠶᠢᠨ ᠭᠤᠸ᠎ᠠ ᠲᠠᠭᠠᠰᠢᠶᠠᠯ᠎ᠤᠨ ᠰᠢᠨ᠎ᠡ ᠡᠭᠦᠳᠦᠯᠲᠡ ᠯᠦ᠍ᠭᠡ ᠣᠶᠠᠯᠳᠤᠭᠤᠯᠵᠤ ᠪᠣᠢ

ᠰᠣᠶᠣᠯ᠎ᠤᠨ ᠢᠲᠡᠭᠡᠯ ᠎ᠲᠡᠢ ᠪᠣᠯᠭᠠᠨ ᠬᠥᠮᠦᠵᠢᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠪ ᠬᠠᠮᠲᠤ ᠵᠠᠯᠠᠭᠤᠴᠤᠳ᠎ᠤᠨ ᠡᠪᠯᠡᠯ᠎ᠢ ᠪᠣᠳᠠᠰ᠎ᠤᠨ ᠪᠤᠰᠣ᠌ ᠰᠣᠶᠣᠯ᠎ᠤᠨ ᠥᠪ᠎ᠦᠨ ᠵᠠᠯᠭᠠᠮᠵᠢᠯᠠᠭ᠍ᠴᠢ ᠯᠤᠭ᠎ᠠ ᠬᠤᠯᠪᠣᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠰᠢᠯ᠂ ᠤᠮᠠᠷᠠᠲᠤ ᠬᠢᠵᠠᠭᠠᠷ᠎ᠤᠨ ᠰᠣᠶᠣᠯ᠎ᠢᠶᠠᠷ ᠠᠴᠢᠶᠠᠯᠠᠪᠤᠷᠢ ᠪᠣᠯᠭᠠᠨ᠂ ᠬᠠᠷᠢᠯᠴᠠᠨ ᠦᠢᠯᠡᠳᠦᠯᠴᠡᠬᠦ ᠪᠡᠶᠡᠴᠢᠯᠡᠨ ᠣᠢᠯᠠᠭᠠᠬᠤ ᠮᠠᠶᠢᠭ᠋᠎ᠤᠨ ᠬᠢᠴᠢᠶᠡᠯ᠎ᠢ ᠲᠥᠯᠥᠪᠯᠡᠵᠦ᠂ ᠵᠠᠯᠠᠭᠤᠴᠤᠳ᠎ᠢ ᠭᠠᠷ ᠬᠥᠳᠡᠯᠦᠨ ᠦᠢᠯᠡᠳᠦᠯᠭᠡᠵᠢᠭᠦᠯᠬᠦ ᠳᠤᠮᠳᠠ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶᠢ ᠮᠡᠳᠡᠷᠡᠭᠦᠯᠵᠦ᠂ ᠤᠯᠠᠮᠵᠢᠯᠠᠨ ᠵᠠᠯᠭᠠᠮᠵᠢᠯᠠᠬᠤ ᠳᠣᠲᠣᠭᠠᠳᠤ ᠬᠥᠳᠡᠯᠭᠡᠭᠴᠢ ᠬᠦᠴᠦᠨ᠎ᠢ ᠬᠥᠭᠵᠢᠭᠡᠪᠡ᠃

ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ 《ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ》᠎ᠶᠢᠨ ᠬᠢᠴᠢᠶᠡᠯ᠎ᠤᠨ ᠭᠡᠷ᠎ᠲᠤ᠂ ᠬᠤᠰᠤ ᠮᠣᠳᠣᠨ᠎ᠤ ᠬᠠᠯᠢᠰᠤ ᠎ᠪᠠᠷ ᠭᠠᠷ ᠤᠷᠠᠯᠠᠯ ᠵᠣᠬᠢᠶᠠᠬᠤ ᠬᠢᠴᠢᠶᠡᠯ ᠶᠠᠭ ᠬᠥᠭ᠌ᠵᠢᠶᠡᠨᠲᠡᠢ ᠶᠠᠪᠤᠭᠳᠠᠵᠤ ᠪᠠᠢᠯ᠎ᠠ᠃ ᠰᠤᠷᠤᠭ᠍ᠴᠢᠳ ᠴᠤᠭᠯᠠᠷᠠᠨ ᠰᠠᠭᠤᠵᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ᠎ᠶᠢᠨ ᠵᠢᠯᠣᠭᠤᠳᠣᠯᠭ᠎ᠠ᠎ᠪᠠᠷ᠂ ᠬᠤᠰᠤ ᠮᠣᠳᠣᠨ᠎ᠤ ᠬᠠᠯᠢᠰᠤ᠎ᠪᠠᠷ ᠴᠢᠬᠢᠨ᠎ᠦ ᠵᠠᠰᠠᠯ᠎ᠢ ᠨᠢᠮᠪᠠᠶ ᠤᠷᠠᠯᠠᠨ ᠵᠣᠬᠢᠶᠠᠨ᠎ᠠ᠃ ᠰᠤᠷᠤᠭ᠍ᠴᠢ ᠾᠧ ᠶᠠᠩ ᠶᠠᠩ ᠄ 《ᠬᠤᠰᠤ ᠮᠣᠳᠣᠨ᠎ᠤ ᠬᠠᠯᠢᠰᠤ᠎ᠪᠡᠷ ᠦᠢᠯᠡᠳᠬᠦ ᠤᠷ᠎ᠠ ᠮᠡᠷᠭᠡᠰᠢᠯ ᠨᠢ ᠪᠠᠶ᠋ᠢᠭᠠᠯᠢᠯᠢᠭ᠋ ᠠᠮᠢ ᠠᠬᠤᠢ᠎ᠪᠠᠷ ᠵᠢᠷᠤᠭᠯᠠᠯ ᠪᠣᠯᠭᠠᠵᠤ᠂ ᠴᠠᠭ ᠬᠤᠭᠤᠴᠠᠭᠠᠨ ᠎ᠤ ᠲᠤᠩᠭᠠᠯᠲᠠ ᠎ᠪᠠᠷ ᠪᠢᠷ ᠲᠠᠯᠪᠢᠨ᠂ ᠣᠷᠴᠣᠨ ᠦᠨᠳᠦᠰᠦᠲᠡᠨ᠎ᠤ ᠥᠪᠡᠷᠮᠢᠴᠡ ᠣᠨᠴᠠᠯᠢᠭ᠋᠎ᠢ ᠢᠯᠡᠷᠡᠭᠦᠯᠳᠡᠭ᠃ ᠮᠠᠨ᠎ᠤ ᠡᠨᠡ ᠦᠶ᠎ᠡ᠎ᠶᠢᠨ ᠵᠠᠯᠠᠭᠤᠴᠤᠳ ᠡᠨᠡ ᠬᠦ᠌ ᠤᠷ᠎ᠠ ᠮᠡᠷᠭᠡᠰᠢᠯ᠎ᠢᠶᠡᠨ ᠵᠠᠪᠠᠯ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠡᠷᠡᠭᠲᠡᠢ》 ᠭᠡᠵᠦ ᠳᠣᠭ᠍ᠳᠤᠯᠤᠩᠭᠤᠢ ᠬᠡᠯᠡᠨ᠎ᠡ᠃

《ᠵᠠᠬᠢᠶᠠᠯᠠᠭ᠎ᠠ᠎ᠶᠢᠨ ᠬᠢᠴᠢᠶᠡᠯ》᠎ᠢ ᠳᠣᠬᠢᠷᠠᠭᠤᠯᠵᠤ᠂ ᠬᠡᠷᠡᠭᠴᠡᠭᠡ᠎ᠪᠠᠷ᠎ᠨᠢ ᠲᠤᠬᠢᠷᠠᠭᠤᠯᠤᠨ ᠬᠦᠷᠭᠡᠬᠦ ᠪᠠ ᠪᠦᠯᠬᠦᠮ ᠴᠣᠭ᠍ᠴᠠ ᠎ᠶ᠋ᠢ ᠬᠠᠮᠤᠷᠬᠤ᠎ᠶᠢ ᠵᠡᠷᠭᠡ᠎ᠳᠤ ᠨᠢ ᠨᠠᠢᠳᠠᠪᠤᠷᠢᠵᠢᠭᠤᠯᠵᠤ ᠪᠣᠢ

ᠰᠢᠨ᠎ᠡ᠎ᠪᠠᠷ ᠬᠥᠭᠵᠢᠭᠰᠡᠨ ᠬᠦᠷᠢᠶᠡᠨ᠎ᠳᠠᠬᠢ ᠵᠠᠯᠠᠭᠤᠴᠤᠳ᠎ᠤᠨ ᠪᠦᠯᠬᠦᠮ ᠴᠣᠭ᠍ᠴᠠ᠎ᠶ᠋ᠢᠨ ᠬᠡᠷᠡᠭᠴᠡᠭᠡ᠎ᠳᠤ ᠴᠢᠭᠯᠡᠭᠦᠯᠦᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠢᠴᠢᠶᠡᠯ᠎ᠤᠨ ᠬᠡᠪ ᠵᠠᠭᠪᠤᠷ ᠎ᠲᠤ ᠰᠢᠨ᠎ᠡ᠎ᠶᠢ ᠡᠭᠦᠳᠴᠦ᠂ ᠴᠠᠭ᠎ᠢ ᠠᠮᠢᠳᠤᠯᠢᠭ᠍ᠵᠢᠭᠤᠯᠤᠨ ᠠᠰᠢᠭ᠍ᠯᠠᠬᠤ᠂ ᠭᠡᠷ᠎ᠲᠦ ᠨᠢ ᠬᠢᠴᠢᠶᠡᠯ ᠬᠦᠷᠭᠡᠬᠦ ᠵᠡᠷᠭᠡ ᠥᠪᠡᠷᠮᠢᠴᠡ ᠵᠠᠬᠢᠶᠠᠯᠠᠭ᠎ᠠ᠎ᠶᠢᠨ ᠬᠢᠴᠢᠶᠡᠯ᠎ᠢ ᠨᠡᠭᠡᠭᠡᠨ ᠬᠥᠭᠵᠢᠭᠦᠯᠵᠦ᠂ ᠤᠯᠠᠮᠵᠢᠯᠠᠯᠲᠤ ᠮᠠᠶᠢᠭ ᠎ᠤᠨ ᠬᠢᠴᠢᠶᠡᠯ ᠣᠷᠣᠬᠣ᠎ᠶ᠋ᠢᠨ ᠴᠠᠭ ᠪᠠ ᠣᠷᠣᠨ ᠵᠠᠢ᠎ᠶᠢᠨ ᠬᠢᠵᠠᠭᠠᠷᠯᠠᠯ᠎ᠢ ᠡᠪᠳᠡᠪᠡ᠃

ᠵᠠᠩ ᠵᠢᠶᠠ ᠴᠢ ᠪᠣᠯ ᠪᠤᠭᠤᠲᠤ ᠬᠤᠲᠠ᠎ᠶᠢᠨ ᠴᠢᠩᠱᠠᠨ ᠲᠣᠭᠤᠷᠢᠭ᠋᠎ᠤᠨ 《ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ》᠎ᠶᠢᠨ ᠥᠳᠥᠨ ᠪᠥᠮᠪᠦᠭᠡ᠎ᠶᠢᠨ ᠳᠠᠰᠬᠠᠯᠵᠢᠭᠤᠯᠤᠭ᠍ᠴᠢ ᠪᠣᠯᠣᠨ᠎ᠠ᠂ ᠥᠩᠭᠡᠷᠡᠭᠰᠡᠨ᠎ᠤ ᠬᠢᠴᠢᠶᠡᠯ ᠣᠷᠣᠬᠤ ᠭᠠᠵᠠᠷ ᠯᠤᠭ᠎ᠠ ᠠᠳᠠᠯᠢ ᠥᠬᠡᠶ᠂ ᠲᠣᠰ ᠤᠳᠠᠭᠠᠨ᠎ᠤ ᠬᠢᠴᠢᠶᠡᠯ ᠎ᠢ ᠲᠣᠨᠣᠭᠯᠠᠯ ᠦᠢᠯᠡᠳᠬᠦ ᠬᠦᠷᠢᠶᠡᠯᠡᠩ ᠲᠣᠭᠤᠷᠢᠭ᠋᠎ᠲᠤ ᠣᠷᠤᠬᠤ ᠎ᠪᠠᠷ ᠪᠣᠯᠵᠤ᠂ ᠠᠵᠤ ᠠᠬᠤᠶ᠋ᠢᠯᠠᠯ᠎ᠤᠨ ᠵᠠᠯᠠᠭᠤᠴᠤᠳ᠎ᠲᠤ ᠨᠢᠭᠡ ᠤᠳᠠᠭᠠᠨ᠎ᠤ 《ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ》᠎ᠶᠢᠨ ᠨᠡᠭᠦᠳᠡᠯ ᠬᠢᠴᠢᠶᠡᠯ᠎ᠢ ᠠᠪᠴᠢᠷᠠᠵᠤ ᠥᠭᠴᠡᠶ᠃ 《ᠪᠢᠳᠡ ᠤᠯᠠᠮᠵᠢᠯᠠᠯᠲᠤ ᠮᠠᠶᠢᠭ ᠎ᠤᠨ ᠰᠥᠨᠢ᠎ᠶ᠋ᠢᠨ ᠰᠤᠷᠭᠠᠭᠤᠯᠢ᠎ᠶᠢᠨ ᠲᠣᠭᠲᠠᠮᠠᠯ ᠬᠢᠴᠢᠶᠡᠯᠯᠡᠬᠦ ᠬᠡᠪ ᠵᠠᠭᠪᠤᠷ᠎ᠢ ᠡᠪᠳᠡᠵᠦ᠂ 《ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ〉᠎ᠢ ᠨᠡᠭᠦᠳᠡᠯ ᠬᠡᠯᠪᠡᠷᠢ᠎ᠪᠠᠷ ᠵᠠᠷᠤᠳᠠᠯ ᠬᠤᠷᠢᠶᠠᠬᠤ ᠦᠭᠡᠢ ᠎ᠪᠠᠷ ᠰᠥᠨᠢ᠎ᠶᠢᠨ ᠰᠤᠷᠭᠠᠭᠤᠯᠢ᠎ᠶᠢᠨ ᠬᠢᠴᠢᠶᠡᠯ᠎ᠢ ᠠᠵᠤ ᠠᠬᠤᠶ᠋ᠢᠯᠠᠯ᠎ᠳᠤ ᠬᠦᠷᠭᠡᠪᠡ》 ᠭᠡᠵᠦ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠪᠤᠭᠤᠲᠤ ᠬᠤᠲᠠ᠎ᠶᠢᠨ ᠴᠢᠩᠱᠠᠨ ᠲᠤᠭᠤᠷᠢᠭ᠋᠎ᠤᠨ ᠬᠤᠷᠢᠶᠠᠨ᠎ᠤ ᠱᠦᠵᠢ ᠵᠠᠩ ᠯᠦ᠍ ᠬᠡᠯᠡᠪᠡ᠃

ᠤᠢ᠍ᠢᠷ᠎ᠠ᠎ᠶᠢᠨ ᠵᠢᠯ᠎ᠦᠳ᠎ᠡᠴᠡ᠂ ᠪᠦᠬᠦ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ᠎ᠨᠤᠭᠤᠳ ᠨᠢ ᠤᠯᠤᠰ ᠲᠦᠷᠦᠴᠢ ᠴᠢᠨᠠᠷ᠂ ᠲᠡᠷᠢᠭᠦᠨ᠎ᠤ ᠴᠢᠨᠠᠷ᠂ ᠤᠯᠠᠨ ᠲᠦᠮᠡᠨᠴᠢ ᠴᠢᠨᠠᠷᠲᠠᠢ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ 《ᠵᠠᠯᠠᠭᠤᠴᠤᠳ᠎ᠤᠨ ᠭᠡᠷ ᠪᠦᠯᠢ · ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ》᠎ᠶᠢᠨ ᠲᠦᠷᠦᠯ ᠵᠦᠢᠯ ᠨᠢ ᠬᠥᠮᠦᠰ᠎ᠤᠨ ᠰᠡᠳᠬᠢᠯ᠎ᠳᠤ ᠬᠠᠳᠠᠩᠰᠢᠵᠤ᠂ ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ᠎ᠪᠠᠷ ᠠᠴᠢᠶᠠᠯᠠᠪᠤᠷᠢ ᠪᠣᠯᠭᠠᠵᠤ᠂ ᠵᠠᠯᠠᠭᠤᠴᠤᠳ᠎ᠤᠨ ᠰᠤᠷᠤᠯᠴᠠᠬᠤ ᠠᠷᠭ᠎ᠠ ᠬᠡᠯᠪᠡᠷᠢ᠎ᠳᠤ ᠰᠢᠨ᠎ᠡ᠎ᠶᠢ ᠡᠭᠦᠳᠴᠦ᠂ ᠵᠠᠯᠠᠭᠤᠴᠤᠳ᠎ᠲᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠪᠣᠳᠠᠰ᠎ᠤᠨ ᠪᠤᠰᠤ ᠰᠣᠶᠣᠯ᠎ᠤᠨ ᠪᠡᠶᠡᠴᠢ ᠣᠢᠯᠠᠭᠠᠯᠲᠠ ᠵᠡᠷᠭᠡ ᠤᠯᠠᠨ ᠡᠰᠢᠵᠢᠭᠰᠡᠨ ᠬᠢᠴᠢᠶᠡᠯ᠎ᠢ ᠬᠠᠩᠭᠠᠵᠤ᠂ ᠵᠠᠯᠠᠭᠤᠴᠤᠳ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠳᠤ ᠬᠠᠷᠢᠶᠠᠯᠠᠭᠳᠠᠬᠤ ᠰᠡᠳᠬᠢᠯᠭᠡ᠎ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ