ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠦᠵᠡᠭᠦᠯᠭᠡ᠎ᠶ᠋ᠢᠨ ᠲᠣᠭᠣᠷᠢᠭ᠋ ᠦᠬᠠᠨ᠎ᠳᠤ ᠬᠠᠯᠠᠮᠱᠢᠯ ᠪᠣᠯᠪᠠ
ᠨᠡᠶ᠋ᠢᠲᠡᠯᠡᠭᠰᠡᠨ ᠴᠠᠭ᠄ 2025-09-15

9 ᠳ᠋ᠦ᠍ᠭᠡᠷ ᠰᠠᠷ᠎ᠠ᠎ᠶᠢᠨ 13᠎ᠤ ᠡᠳᠦᠷ᠂ 2025 ᠣᠨ᠎ᠤ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠦᠵᠡᠰᠬᠦᠯᠡᠩ᠎ᠦᠨ ᠴᠤᠭᠯᠠᠭᠠᠨ ᠦᠷᠭᠦᠯᠵᠢᠯᠡᠨ ᠶᠠᠪᠤᠭ᠍ᠳᠠᠨ᠎ᠠ᠃ ᠶᠠᠭ ᠰᠠᠢᠬᠠᠨ ᠭᠠᠷᠠᠭ᠎ᠤᠨ ᠰᠡᠭᠦᠯᠴᠢ ᠪᠣᠯᠬᠤ ᠲᠠᠢ ᠲᠠᠭᠠᠷᠠᠯᠳᠤᠵᠤ᠂ ᠦᠬᠠᠨ᠎ᠤ ᠤᠯᠠᠨ ᠤᠯᠤᠰ᠎ᠤᠨ ᠦᠵᠡᠰᠬᠦᠯᠡᠩ᠎ᠦᠨ ᠲᠥᠪ᠎ᠲᠦ ᠬᠥᠮᠥᠨ ᠬᠠᠷ᠎ᠠ ᠴᠤᠭᠯᠠᠷᠠᠵᠤ᠂ ᠭᠠᠵᠠᠷ ᠣᠷᠣᠨ᠎ᠤ ᠣᠨᠴᠠᠯᠢᠭ᠋᠎ᠢᠶᠠᠷ᠎ᠢᠶᠠᠨ ᠲᠤᠢᠯ᠎ᠤᠨ ᠪᠠᠶᠠᠯᠢᠭ ᠪᠣᠯᠬᠤ ᠥᠪᠥᠷ ᠮᠣᠩᠭᠣᠯ ᠣᠷᠳᠣᠨ ᠨᠢ ᠶᠡᠬᠡᠬᠡᠨ ᠬᠠᠯᠠᠮᠱᠢᠯ ᠪᠣᠯᠵᠠᠢ᠃ 

ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠪᠠ ᠬᠥᠯᠥᠨ ᠪᠤᠢ᠍ᠢᠷ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠲᠣᠭᠯᠠᠭ᠍ᠴᠢᠳ ᠠᠶ᠎ᠠ ᠳᠠᠭᠤᠤ᠎ᠪᠠᠷ᠎ᠢᠶᠠᠨ ᠲᠤᠬᠠᠢ᠎ᠶᠢᠨ ᠲᠠᠯᠠᠪᠠᠢ᠎ᠶᠢᠨ ᠦᠵᠡᠭᠴᠢᠳ᠎ᠦᠨ ᠠᠩᠬᠠᠷᠤᠯ᠎ᠢ ᠲᠠᠲᠠᠪᠠ᠃

《ᠦᠵᠡᠭᠴᠢᠳ ᠥᠪᠥᠷ ᠮᠣᠩᠭᠣᠯ᠎ᠤᠨ ᠳᠠᠭᠤᠤ᠎ᠶᠢ ᠮᠠᠰᠢ ᠰᠣᠨᠣᠰᠬᠤ ᠳᠤᠷᠠᠲᠠᠢ᠂ ᠪᠢᠳᠡ ᠴᠦ᠍ ᠮᠠᠰᠢ ᠤᠷᠮ᠎ᠠ᠎ᠲᠠᠢ ᠳᠠᠭᠤᠯᠠᠵᠤ ᠪᠠᠢᠨ᠎ᠠ᠂ ᠨᠡᠩ ᠤᠯᠠᠨ ᠬᠦᠮᠦᠰ ᠥᠪᠥᠷ ᠮᠣᠩᠭᠣᠯ᠎ᠳᠤ ᠠᠢᠯᠴᠢᠯᠠᠬᠤ᠎ᠶ᠋ᠢ ᠬᠦᠰᠡᠵᠦ ᠪᠠᠢᠨ᠎ᠠ》 ᠭᠡᠵᠦ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠳᠠᠭᠤᠴᠢᠨ ᠳᠤᠭᠤᠷ·ᠣᠳᠣᠩᠭᠤᠸ᠎ᠠ ᠬᠡᠯᠡᠪᠡ᠃ 

ᠬᠠᠪᠲᠠᠰᠤᠨ ᠺᠣᠮᠫᠢᠦ᠋ᠲᠧᠷ᠎ᠢᠶᠠᠨ ᠳᠡᠯᠭᠡᠨ ᠦᠵᠡᠭᠦᠯᠬᠦ ᠲᠠᠢᠰᠠᠨ ᠳᠡᠭᠡᠷᠡᠬᠢ ᠳᠤᠷ᠎ᠠ᠎ᠶᠢᠨ ᠨᠢᠭᠡᠨ ᠪᠣᠳᠠᠰ᠎ᠲᠤ ᠬᠠᠨᠳᠤᠭᠤᠯᠤᠭᠠᠳ ᠣᠢᠷᠠᠲᠤᠭᠤᠯᠵᠤ ᠲᠣᠮᠣᠷᠠᠭᠤᠯᠪᠠᠯ᠂ ᠪᠣᠶ ᠪᠦᠬᠦᠢ ᠮᠡᠳᠡᠭᠡ ᠵᠠᠩᠭᠢ ᠨᠢ ᠳᠠᠷᠤᠢ ᠺᠣᠮᠫᠢᠦ᠋ᠲᠧᠷ ᠳᠡᠭᠡᠷ᠎ᠡ ᠢᠯᠡᠷᠡᠬᠦ ᠪᠣᠯᠣᠨ᠎ᠠ᠂ ᠡᠨᠡ ᠪᠣᠯ ᠳᠠᠷᠤᠢ 《ᠬᠦᠳᠡᠭᠡ ᠨᠤᠲᠤᠭ᠎ᠤᠨ ᠦᠵᠡᠰᠭᠦᠯᠡᠩ》 AR ᠲᠣᠰᠬᠣᠨ᠎ᠤ ᠬᠡᠢᠰᠪᠦᠷᠢ ᠵᠢᠭᠤᠯᠴᠢᠯᠠᠯ᠎ᠤᠨ ᠨᠡᠷᠡᠳᠬᠦᠨ ᠪᠣᠯᠣᠨ᠎ᠠ᠃ 

ᠲᠤᠰ ᠲᠦᠷᠦᠯ ᠵᠦᠢᠯ᠎ᠦᠨ ᠪᠦᠯᠬᠦᠮ᠎ᠦᠨ ᠭᠡᠱᠢᠭᠦᠨ᠎ᠦ ᠨᠢᠭᠡ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠵᠢᠷᠤᠭ ᠲᠦᠯᠦᠪᠯᠡᠭᠡ᠎ᠶ᠋ᠢᠨ ᠳᠡᠭᠡᠳᠦ ᠰᠤᠷᠭᠠᠭᠤᠯᠢ᠎ᠶᠢᠨ ᠤᠷᠠᠯᠢᠭ᠋ ᠪᠠ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠲᠤᠰᠬᠠᠢ ᠮᠡᠷᠭᠡᠵᠢᠯ᠎ᠦᠨ ᠯᠧᠺᠲ᠋ᠣᠷ ᠵᠦ᠍ ᠵᠢᠶᠠ ᠰᠢᠩ ᠬᠡᠯᠡᠬᠦ᠌᠎ᠳᠦ᠎ᠪᠡᠨ᠂ 《〈ᠬᠦᠳᠡᠭᠡ ᠨᠤᠲᠤᠭ᠎ᠤᠨ ᠦᠵᠡᠰᠭᠦᠯᠡᠩ 〉ᠨᠢ ᠬᠥᠯᠥᠨ ᠪᠤᠢ᠍ᠢᠷ᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ᠎ᠳᠦ ᠦᠢᠯᠡᠴᠢᠯᠡᠭᠡ ᠬᠠᠩᠭᠠᠬᠤ᠎ᠪᠠᠷ ᠵᠣᠷᠢᠯᠭ᠎ᠠ᠎ᠪᠠᠨ ᠪᠣᠯᠭᠠᠵᠠᠢ᠂ ᠲᠡᠷᠡ ᠨᠤᠲᠤᠭ ᠨᠢ ᠳᠤᠮᠳᠠᠳᠤ ᠤᠯᠤᠰ᠎ᠤᠨ ᠲᠠᠯ᠎ᠠ ᠨᠤᠲᠤᠭ ᠤᠢ ᠰᠢᠭᠤᠢ᠎ᠶᠢᠨ ᠵᠢᠭᠤᠯᠴᠢᠯᠠᠯ᠎ᠤᠨ ᠬᠠᠷᠠᠯᠲᠠᠲᠤ ᠭᠠᠵᠠᠷ᠎ᠤᠨ ᠨᠢᠭᠡ ᠪᠣᠯᠣᠨ᠎ᠠ᠃ ᠪᠢᠳᠡ ᠡᠸᠡᠩᠬᠢ᠂ ᠣᠷᠴᠣᠨ ᠵᠢᠴᠢ ᠪᠠᠷᠭᠤ ᠣᠪᠣᠭ᠎ᠲᠤ ᠬᠦᠷᠴᠦ᠍ ᠡᠷᠢᠯ ᠬᠠᠢᠯᠲᠠ ᠬᠢᠵᠦ᠍᠂ ᠡᠪᠦᠯ᠎ᠦᠨ ᠠᠩᠨᠠᠯ᠂ ᠠᠩ ᠠᠩᠨᠠᠯ᠂ ᠱᠠᠱᠢᠷ ᠦᠢᠯᠡᠳᠬᠦ᠂ ᠣᠲᠣᠷ᠎ᠢᠶᠠᠷ ᠶᠠᠪᠤᠬᠤ᠂ ᠮᠣᠩᠭᠣᠯ ᠭᠡᠷ ᠪᠤᠰᠭᠠᠬᠤ᠂ ᠬᠤᠰᠤ᠎ᠶᠢᠨ ᠣᠩᠭᠣᠴᠠ ᠦᠢᠯᠡᠳᠬᠦ ᠵᠡᠷᠭᠡ ᠤᠯᠠᠮᠵᠢᠯᠠᠯᠲᠤ ᠠᠷᠠᠳ᠎ᠤᠨ ᠵᠠᠩ ᠦᠢᠯᠡ᠎ᠶᠢᠨ ᠦᠵᠡᠮᠵᠢ᠎ᠶᠢᠨ ᠠᠷᠤ᠎ᠳᠠᠬᠢ ᠦᠯᠢᠭᠡᠷ᠎ᠦᠳ᠎ᠢ ᠬᠠᠢᠵᠠᠢ᠃ ᠡᠭᠦᠨ᠎ᠦ ᠬᠠᠮᠲᠤ᠂ AR ᠶ᠋ᠢ ᠣᠷᠣᠭᠤᠯᠤᠨ ᠠᠪᠴᠢᠷᠠᠵᠤ ᠮᠡᠷᠭᠡᠵᠢᠯ᠎ᠢᠶᠠᠨ ᠴᠢᠩᠭᠠᠷᠠᠭᠤᠯᠵᠤ᠂ ᠬᠡᠢᠰᠪᠦᠷᠢ ᠵᠢᠭᠤᠯᠴᠢᠯᠠᠯ᠎ᠤᠨ ᠨᠡᠷᠡᠳᠬᠦᠨ᠎ᠢ ᠪᠣᠶ ᠪᠣᠯᠭᠠᠪᠠ᠃ ᠵᠢᠭᠤᠯᠴᠢᠯᠠᠭ᠍ᠰᠠᠳ ᠭᠠᠷ ᠤᠲᠠᠰᠤ᠂ IPAD ᠪᠡᠷ ᠪᠣᠳᠠᠲᠤ ᠴᠣᠭ᠍ᠴᠠᠲᠤ ᠤᠷᠠᠯᠢᠭ᠋᠎ᠤᠨ ᠱᠤᠭᠤᠮᠠᠯ᠎ᠢ ᠰᠢᠷᠪᠢᠬᠦ᠎ᠳᠦ᠂ ᠳ᠋ᠢᠭᠢᠲᠴᠢᠯᠡᠭ᠌ᠰᠡᠨ ᠬᠡᠢᠰᠪᠦᠷᠢ ᠦᠵᠡᠮᠵᠢ ᠨᠢᠳᠦᠨ ᠡᠮᠦᠨ᠎ᠡ ᠢᠯᠡᠷᠡᠬᠦ ᠪᠣᠯᠣᠨ᠎ᠠ᠂ ᠡᠲᠡᠭᠡᠷ ᠬᠡᠢᠰᠪᠦᠷᠢ ᠠᠭᠤᠯᠭ᠎ᠠ ᠨᠢ ᠡᠷᠬᠢᠨ ᠲᠣᠭᠣᠷᠢᠨ᠎ᠲᠠᠢ᠎ᠪᠠᠨ ᠬᠠᠷᠢᠯᠴᠠᠨ ᠠᠭᠤᠰᠤᠯᠴᠠᠵᠤ᠂ ᠤᠯᠠᠮᠵᠢᠯᠠᠯᠲᠤ ᠳᠡᠯᠭᠡᠨ ᠦᠵᠡᠭᠦᠯᠭᠡ᠎ᠶ᠋ᠢᠨ ᠬᠡᠪ ᠵᠠᠭᠪᠤᠷ᠎ᠢ 〈ᠰᠢᠯᠵᠢᠭᠦᠯᠵᠦ ᠪᠣᠯᠬᠤ ᠬᠡᠢᠰᠪᠦᠷᠢ ᠮᠦᠽᠧᠢ〉 ᠪᠣᠯᠭᠠᠨ ᠬᠤᠪᠢᠷᠠᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠪᠡᠶᠡᠴᠢᠯᠡᠨ ᠣᠢᠯᠠᠭᠠᠬᠤ ᠰᠢᠨ᠎ᠡ ᠠᠷᠭ᠎ᠠ ᠮᠠᠶᠢᠭ᠋᠎ᠲᠦ ᠰᠢᠨ᠎ᠡ᠎ᠶᠢ ᠡᠭᠦᠳᠦᠭᠰᠡᠨ ᠪᠠᠢᠨ᠎ᠠ》 ᠭᠡᠵᠡᠢ᠃ 

ᠵᠦ᠍ ᠵᠢᠶᠠ ᠰᠢᠩ ᠬᠡᠯᠡᠬᠦ᠌᠎ᠳᠦ᠎ᠪᠡᠨ᠄ 《ᠪᠢᠳᠡ ᠡᠨᠡ ᠤᠳᠠᠭ᠎ᠠ᠎ᠶ᠋ᠢᠨ ᠦᠵᠡᠭᠦᠯᠭᠡ᠎ᠶ᠋ᠢᠨ ᠴᠤᠭᠯᠠᠭᠠᠨ᠎ᠤ ᠠᠵᠢᠯ ᠲᠥᠷᠥᠯ᠎ᠦᠨ ᠨᠥᠯᠥᠭᠡᠯᠡᠬᠦ ᠬᠦᠴᠦᠨ᠎ᠳᠦ ᠲᠦᠱᠢᠭ᠌ᠯᠡᠵᠦ᠍᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠤᠳᠤᠯᠤᠨ ᠨᠡᠭᠡᠭᠡᠬᠦ ᠪᠣᠳᠠᠲᠤ ᠬᠦᠴᠦᠨ ᠪᠠ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠡᠭᠦᠨ᠎ᠦ ᠤᠯᠠᠮ᠎ᠠᠴᠠ ᠠᠵᠢᠯ ᠲᠥᠷᠥᠯ ᠠᠯᠤᠰᠯᠠᠨ ᠬᠠᠮᠲᠤᠷᠠᠯᠴᠠᠬᠤ ᠪᠣᠯᠣᠮᠵᠢ᠎ᠶᠢ ᠠᠭᠤᠳᠠᠯᠵᠤ᠂ ᠬᠠᠮᠲᠤᠷᠠᠯᠴᠠᠭᠠᠨ᠎ᠤ ᠳᠠᠯᠳᠠ ᠬᠠᠨᠢᠲᠠᠨ᠎ᠢᠶᠠᠨ ᠡᠷᠢᠬᠦ ᠰᠠᠨᠠᠭ᠎ᠠ᠎ᠲᠠᠢ ᠪᠠᠢᠨ᠎ᠠ》 ᠭᠡᠪᠡ᠃ 

ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ ᠨᠢ ᠰᠣᠶᠣᠯ ᠵᠢᠭᠤᠯᠴᠢᠯᠠᠯ᠎ᠤᠨ ᠦᠢᠯᠡᠰ᠎ᠦᠨ ᠠᠭᠤᠰᠤᠯᠴᠠᠯ᠎ᠳᠤ ᠳᠡᠭᠦᠯᠢᠨ ᠨᠢᠰᠬᠦ ᠵᠢᠭᠦᠷ ᠤᠷᠭᠤᠭᠤᠯᠵᠤ᠂ ᠮᠠᠰᠢ ᠤᠯᠠᠨ 《ᠬᠠᠭᠤᠴᠢᠨ ᠭᠠᠷ ᠤᠷᠠᠯᠠᠯ》ᠨᠢ ᠴᠦ᠍ ᠲᠤᠰ ᠤᠳᠠᠭᠠᠨ᠎ᠤ ᠰᠣᠶᠣᠯ ᠵᠢᠭᠤᠯᠴᠢᠯᠠᠯ᠎ᠤᠨ ᠦᠢᠯᠡᠰ᠎ᠦᠨ ᠦᠵᠡᠰᠬᠦᠯᠡᠩ᠎ᠦᠨ ᠴᠤᠭ᠍ᠯᠠᠭᠠᠨ᠎ᠢᠶᠠᠷ ᠱᠢᠨ᠎ᠡ ᠴᠠᠭ ᠦᠶ᠎ᠡ᠎ᠶ᠋ᠢᠨ ᠬᠢᠨ᠎ᠦ ᠠᠩᠬᠠᠷᠤᠯ᠎ᠢ ᠲᠠᠲᠠᠵᠠᠢ᠃ ᠥᠪᠥᠷ ᠮᠣᠩᠭᠣᠯ ᠣᠷᠳᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠪᠣᠯᠬᠤ ᠵᠠᠷᠤᠳ ᠪᠠᠷ ᠵᠢᠷᠤᠭ ᠨᠢ ᠶᠠᠭ ᠡᠢᠮᠦᠷᠬᠦᠦ ᠪᠠᠢᠳᠠᠭ᠃ 

ᠵᠠᠷᠤᠳ ᠬᠣᠰᠢᠭᠤᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭᠠᠲᠤ ᠬᠤᠷᠠᠯ᠎ᠤᠨ ᠠᠵᠢᠯᠲᠠᠨ ᠴᠡᠯᠮᠡᠭ᠎ᠦᠨ ᠬᠡᠯᠡᠬᠦ᠎ᠪᠡᠷ᠄ 《ᠵᠠᠷᠤᠳ ᠪᠠᠷ ᠵᠢᠷᠤᠭ ᠨᠢ ᠭᠣᠣᠯᠳᠠᠭᠤ ᠲᠤᠬᠠᠢ᠎ᠶᠢᠨ ᠭᠠᠵᠠᠷ᠎ᠤᠨ ᠪᠠᠢᠭᠠᠯᠢ᠎ᠶᠢᠨ ᠥᠩᠭᠡ ᠦᠵᠡᠮᠵᠢ ᠪᠠ ᠵᠠᠩ ᠠᠭᠠᠯᠢ᠎ᠠᠴᠠ ᠰᠡᠳᠦᠪᠯᠡᠳᠡᠭ᠂ ᠪᠢᠳᠡ ᠡᠨᠡ ᠤᠳᠠᠭ᠎ᠠ ᠡᠨᠳᠡ ᠳᠡᠯᠭᠡᠨ ᠦᠵᠡᠭᠦᠯᠬᠦ᠎ᠡᠴᠡ ᠭᠠᠳᠠᠨ᠎ᠠ ᠪᠠᠰᠠ ᠵᠢᠭᠤᠯᠴᠢᠯᠠᠭ᠍ᠰᠠᠳ᠎ᠢ ᠤᠷᠢᠵᠤ ᠪᠠᠷ ᠵᠢᠷᠤᠭ ᠦᠢᠯᠡᠳᠬᠦ᠎ᠶᠢ ᠪᠡᠶᠡᠴᠢᠯᠡᠨ ᠣᠢᠯᠠᠭᠠᠭᠤᠯᠤᠭᠰᠠᠨ ᠪᠠᠢᠨ᠎ᠠ》 ᠭᠡᠪᠡ᠃ 

ᠡᠬᠢᠯᠡᠯᠲᠡ᠎ᠶᠢᠨ ᠶᠣᠰᠣᠯᠠᠯ᠎ᠠᠴᠠ ᠨᠠᠭᠠᠱᠢᠬᠢ ᠬᠣᠶᠠᠷ ᠡᠳᠦᠷ᠎ᠦᠨ ᠲᠤᠷᠰᠢ᠂ ᠵᠠᠷᠤᠳ ᠪᠠᠷ ᠵᠢᠷᠤᠭ᠎ᠤᠨ ᠦᠵᠡᠭᠦᠯᠭᠡ᠎ᠶ᠋ᠢᠨ ᠲᠠᠢᠰᠠᠨ᠎ᠤ ᠡᠮᠦᠨ᠎ᠡ ᠶᠡᠷᠦ ᠨᠢ ᠮᠠᠰᠢ ᠣᠯᠠᠨ ᠦᠵᠡᠭᠴᠢᠳ ᠲᠣᠭᠤᠷᠢᠯᠳᠤᠵᠤ᠂ ᠲᠡᠳᠡ ᠨᠢᠭᠡ ᠲᠠᠯ᠎ᠠ᠎ᠪᠠᠷ ᠦᠵᠡᠵᠦ᠍ ᠰᠣᠨᠢᠷᠬᠠᠬᠤ᠎ᠶ᠋ᠢᠨ ᠳᠠᠭᠠᠤ᠎ᠳᠤ ᠨᠢ ᠲᠦᠩᠯᠢᠶᠣᠣ ᠣᠷᠣᠨ᠎ᠤ ᠠᠷᠠᠳ᠎ᠤᠨ ᠵᠠᠩ ᠦᠢᠯᠡ᠎ᠶᠢ ᠣᠢᠯᠠᠭᠠᠵᠤ᠂ ᠨᠥᠭᠦᠭᠡ ᠲᠠᠯ᠎ᠠ᠎ᠪᠠᠷ ᠨᠢ ᠲᠣᠭᠣᠵᠤ ᠪᠠᠬᠠᠷᠬᠠᠭ᠍ᠰᠠᠨ ᠨᠢᠭᠡ᠎ᠪᠡᠨ ᠬᠤᠳᠠᠯᠳᠤᠨ ᠠᠪᠴᠤ ᠬᠠᠷᠢᠭᠠᠳ ᠠᠭᠠᠵᠢᠮᠬᠠᠨ ᠰᠣᠨᠢᠷᠬᠠᠨ᠎ᠠ᠃ 

ᠥᠪᠥᠷ ᠮᠣᠩᠭᠣᠯ᠎ᠤᠨ ᠳᠠᠭᠤᠤ᠎ᠶᠢ ᠰᠣᠨᠣᠰᠴᠤ᠂ ᠵᠠᠷᠤᠳ ᠪᠡᠷ ᠵᠢᠷᠤᠭ᠎ᠢ ᠰᠣᠨᠢᠷᠬᠠᠵᠤ᠂ 《ᠥᠪᠥᠷ ᠮᠣᠩᠭᠣᠯ᠎ᠤᠨ ᠠᠮᠲᠠᠲᠤ》 ᠢᠳᠡᠭᠡᠨ᠎ᠢ ᠠᠮᠲᠠᠯᠠᠨ᠎ᠠ ᠁ ᠦᠬᠠᠨ᠎ᠤ ᠬᠤᠳᠠ᠎ᠶᠢᠨ ᠠᠷᠠᠳ ᠶᠤᠸᠠᠨ ᠶᠠ ᠯᠢᠩ᠄ 《ᠪᠢ ᠥᠪᠥᠷ ᠮᠣᠩᠭᠣᠯ᠎ᠳᠤ ᠬᠦᠷᠴᠦ ᠥᠩᠭᠡᠷᠡᠭᠡ ᠦᠭᠡᠢ᠂ ᠭᠡᠪᠡᠴᠦ ᠪᠢ ᠲᠡᠨᠳᠡ ᠣᠴᠢᠬᠤ᠎ᠶᠢ ᠮᠠᠰᠢ ᠬᠦᠰᠡᠵᠦ ᠪᠠᠢᠨ᠎ᠠ᠂ ᠥᠨᠥᠳᠥᠷ ᠥᠪᠥᠷ ᠮᠣᠩᠭᠣᠯ ᠣᠷᠳᠣᠨ᠎ᠳᠤ ᠮᠠᠰᠢ ᠤᠯᠠᠨ ᠰᠣᠨᠢᠨ ᠰᠡᠪᠡᠭᠦᠨ ᠶᠠᠭᠤᠮ᠎ᠠ ᠣᠯᠵᠤ ᠬᠠᠷᠠᠵᠠᠢ᠂ ᠪᠢᠳᠡ ᠥᠪᠥᠷ ᠮᠣᠩᠭᠣᠯ᠎ᠳᠤ ᠣᠴᠢᠬᠤ ᠡᠳᠦᠷ᠎ᠢᠶᠡᠨ ᠤᠷᠢᠳᠴᠢᠯᠠᠭᠤᠯᠬᠤ᠎ᠪᠠᠷ ᠪᠤᠢ》 ᠭᠡᠵᠦ ᠬᠡᠯᠡᠪᠡ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ