9 ᠳ᠋ᠦ᠍ᠭᠡᠷ ᠰᠠᠷ᠎ᠠ᠎ᠶᠢᠨ 16 ᠤ ᠦᠳᠡ᠎ᠶᠢᠨ ᠬᠣᠢᠨ᠎ᠠ᠂ ᠭᠤᠸᠠᠩᠵᠧᠦ᠎ᠶ᠋ᠢᠨ ᠭᠤᠸᠠᠩᠳᠦ᠋ᠩ ᠵᠦᠴᠦᠭᠡ᠎ᠶᠢᠨ ᠬᠦᠷᠢᠶᠡᠯᠡᠩ᠎ᠳᠦ ᠠᠯᠠᠭ᠎ᠠ ᠲᠡᠰᠢᠯᠲᠡ᠎ᠶ᠋ᠢᠨ ᠳᠠᠭᠤᠨ ᠨᠢᠵᠢᠭᠢᠨᠡᠵᠦ᠂ ᠤᠮᠠᠷᠠᠲᠤ ᠬᠢᠵᠠᠭᠠᠷ᠎ᠤᠨ ᠰᠣᠶᠣᠯ᠎ᠤᠨ ᠪᠦᠬᠦ᠌ ᠤᠯᠤᠰ᠎ᠲᠠᠬᠢ ᠠᠶᠠᠯᠠᠯ — ᠤᠯᠠᠭᠠᠨᠮᠥ᠋ᠴᠢᠷ᠎ᠦᠨ ᠪᠦᠬᠦ ᠤᠯᠤᠰ᠎ᠲᠤ ᠲᠣᠭᠣᠷᠢᠨ ᠲᠣᠭ᠍ᠯᠠᠬᠤ 60 ᠵᠢᠯ᠎ᠦᠨ ᠤᠢ᠎ᠶᠢ ᠳᠤᠷᠠᠰᠬᠠᠬᠤ ᠲᠣᠭᠯᠠᠯᠲᠠ (ᠭᠤᠸᠠᠩᠵᠧᠦ ᠦᠷᠳᠡᠬᠡ) ᠦᠪᠡᠳᠡᠭᠰᠢ ᠶᠡᠬᠡ᠎ᠪᠠᠷ ᠬᠥᠰᠢᠭᠡ᠎ᠪᠡᠨ ᠰᠡᠬᠦᠪᠡ᠃ ᠬᠢᠩᠭᠠᠨ ᠠᠢᠮᠠᠭ᠎ᠠᠴᠠ ᠬᠦᠷᠦᠯᠴᠡᠨ ᠢᠷᠡᠭᠰᠡᠨ ᠤᠯᠠᠭᠠᠨᠮᠥ᠋ᠴᠢᠷ᠎ᠦᠨ 3 ᠪᠠᠭ᠎ᠤᠨ ᠬᠢᠨ ᠭᠦᠨ ᠵᠤᠵᠠᠭᠠᠨ ᠦᠨᠳᠦᠰᠦᠲᠡᠨ᠎ᠦ ᠣᠨᠴᠠᠯᠢᠭ᠎ᠢᠶᠠᠷ᠎ᠢᠶᠠᠨ ᠭᠤᠸᠠᠩᠵᠧᠦ᠎ᠶ᠋ᠢᠨ ᠦᠵᠡᠭᠴᠢᠳ ᠯᠦ᠍ᠭᠡ ᠠᠭᠤᠯᠠ ᠤᠰᠤ᠎ᠶᠢ ᠠᠯᠤᠰᠯᠠᠭᠰᠠᠨ ᠤᠷᠠᠯᠢᠭ᠋᠎ᠤᠨ ᠶᠠᠷᠢᠯᠴᠠᠭ᠎ᠠ ᠬᠢᠵᠡᠢ᠃
ᠲᠣᠰ ᠤᠳᠠᠭᠠᠨ᠎ᠤ ᠲᠣᠭᠯᠠᠯᠲᠠ᠎ᠶᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭᠠᠨᠮᠥ᠋ᠴᠢᠷ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠡᠴᠡ ᠳᠠᠭᠠᠭᠠᠨ ᠡᠷᠭᠢᠯᠡᠵᠦ᠂ ᠬᠢᠩᠭᠠᠨ ᠠᠢᠮᠠᠭ᠎ᠤᠨ ᠤᠯᠠᠭᠠᠨᠮᠥ᠋ᠴᠢᠷ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠠᠭᠠᠨᠮᠥ᠋ᠴᠢᠷ᠂ ᠷᠠᠰᠢᠶᠠᠨ ᠬᠣᠲᠠ᠎ᠶᠢᠨ ᠤᠯᠠᠭᠠᠨᠮᠥ᠋ᠴᠢᠷ᠎ᠦᠨ 35 ᠲᠣᠭᠯᠠᠭ᠍ᠴᠢ᠎ᠶᠢ ᠱᠢᠯᠢᠨ ᠰᠤᠩᠭᠤᠵᠤ ᠲᠣᠭᠣᠷᠢᠨ ᠲᠣᠭᠯᠠᠬᠤ ᠡᠩᠨᠡᠭᠡ᠎ᠶᠢ ᠪᠦᠷᠢᠯᠳᠦᠭᠦᠯᠪᠡ᠃
ᠳᠠᠭᠤᠤ ᠪᠥᠵᠢᠭ ᠬᠥᠭᠵᠢᠮ᠎ᠢ ᠬᠠᠪᠰᠤᠷᠭᠠᠭ᠍ᠰᠠᠨ 《ᠤᠮᠠᠷᠠᠲᠤ ᠬᠢᠵᠠᠭᠠᠷ᠎ᠤᠨ ᠮᠠᠭ᠍ᠲᠠᠭᠤ》᠎ᠳᠤ᠂ ᠲᠣᠭᠯᠠᠭ᠍ᠴᠢᠳ ᠭᠣᠶᠣ ᠰᠠᠢᠬᠠᠨ ᠦᠨᠳᠦᠰᠦᠲᠡᠨ᠎ᠦ ᠬᠤᠪᠴᠠᠰᠤ ᠵᠠᠰᠠᠯ᠎ᠢᠶᠠᠨ ᠡᠮᠦᠰᠴᠦ᠂ ᠳᠠᠭᠤᠤ ᠪᠥᠵᠢᠭ᠎ᠢᠶᠡᠷ᠎ᠢᠶᠡᠨ ᠤᠮᠠᠷᠠᠲᠤ ᠬᠢᠵᠠᠭᠠᠷ᠎ᠤᠨ ᠭᠦᠨ ᠵᠤᠵᠠᠭᠠᠨ ᠬᠠᠢᠷ᠎ᠠ ᠰᠡᠳᠬᠢᠯᠭᠡ᠎ᠪᠠᠨ ᠢᠯᠡᠳᠭᠡᠵᠡᠢ; 《ᠲᠠᠰᠢᠭᠤᠷ ᠨᠡᠮᠡᠨ ᠳᠠᠪᠬᠢᠭᠤᠯᠬᠤ ᠰᠢᠨ᠎ᠡ ᠠᠶᠠᠨ》 ᠭᠡᠬᠦ᠌ ᠦᠯᠢᠭᠡᠷ ᠨᠢ ᠥᠪᠥᠷ ᠮᠣᠩᠭᠣᠯ᠎ᠤᠨ ᠤᠯᠠᠮᠵᠢᠯᠠᠯᠲᠤ ᠤᠷᠠᠯᠢᠭ᠋᠎ᠤᠨ ᠥᠪᠡᠷᠮᠢᠴᠡ ᠷᠢᠳᠢ ᠰᠢᠳᠢ᠎ᠶᠢ ᠢᠯᠡᠷᠡᠭᠦᠯᠪᠡ; 《ᠲᠦᠮᠡᠨ ᠠᠭᠲᠠ᠎ᠶᠢᠨ ᠲᠥᠪᠡᠷᠭᠡᠨ》 ᠭᠡᠬᠦ᠌ ᠮᠣᠷᠢᠨ ᠬᠤᠭᠤᠷ᠎ᠤᠨ ᠨᠠᠢᠷᠠᠯ ᠬᠥᠭ᠌ᠵᠢᠮ ᠨᠢ ᠦᠵᠡᠭᠴᠢᠳ᠎ᠲᠦ ᠬᠥᠪᠡᠭᠡ ᠬᠢᠵᠠᠭᠠᠷ ᠦᠭᠡᠢ ᠲᠠᠯ᠎ᠠ ᠨᠤᠲᠤᠭ᠎ᠲᠤ ᠠᠵᠢᠨᠠᠢ ᠬᠦᠯᠦᠭ ᠳᠠᠪᠬᠢᠵᠤ ᠪᠠᠢᠭ᠎ᠠ ᠪᠠᠢᠳᠠᠯ᠎ᠢ ᠬᠠᠷᠠᠭᠤᠯᠪᠠ; 《ᠦᠩᠭᠡᠲᠦ ᠡᠭᠦᠯᠡᠰ ᠰᠠᠷᠠᠨ᠎ᠢ ᠲᠠᠭᠤᠭ᠍ᠰᠠᠨ》 ᠭᠡᠬᠦ᠌ ᠭᠤᠸᠠᠩᠳᠦ᠋ᠩ ᠠᠷᠠᠳ᠎ᠤᠨ ᠳᠠᠭᠤᠤ ᠨᠢ ᠪᠦᠬᠦ᠌ ᠲᠠᠯᠠᠪᠡᠢ ᠲᠣᠭ᠍ᠯᠠᠯᠲᠠ᠎ᠶ᠋ᠢᠨ ᠬᠢᠯᠠᠰ ᠴᠡᠭ ᠪᠣᠯᠵᠤ᠂ ᠥᠪᠥᠷ ᠮᠣᠩᠭᠣᠯ ᠭᠤᠸᠠᠩᠳᠦ᠋ᠩ ᠬᠣᠶᠠᠷ ᠭᠠᠵᠠᠷ᠎ᠤᠨ ᠰᠣᠶᠣᠯ᠎ᠢ ᠬᠦᠭ ᠠᠶᠠᠰ᠎ᠤᠨ ᠳᠤᠮᠳᠠ ᠠᠭᠤᠰᠤᠯᠴᠠᠭᠤᠯᠤᠨ ᠴᠤᠤᠷᠢᠶᠠᠲᠤᠭᠤᠯᠪᠠ; ᠪᠠᠬᠠᠷᠤᠮ᠎ᠠ ᠰᠠᠢᠬᠠᠨ ᠬᠠᠷᠢᠯᠴᠠᠨ ᠦᠢᠯᠡᠳᠦᠯᠴᠡᠬᠦ᠌ ᠭᠣᠭ᠍ᠴᠣᠭ᠎ᠠ ᠨᠢ ᠦᠵᠡᠭᠴᠢᠳ᠎ᠦᠨ ᠤᠷᠮ᠎ᠠ ᠵᠣᠷᠢᠭ᠋᠎ᠢ ᠬᠥᠭᠵᠢᠭᠡᠵᠦ᠂ ᠦᠵᠡᠭᠴᠢᠳ ᠠᠰᠠᠭᠤᠯᠲᠠ ᠬᠠᠷᠢᠭᠤᠯᠲᠠ᠎ᠶᠢᠨ ᠳᠤᠮᠳᠠ ᠥᠪᠥᠷ ᠮᠣᠩᠭᠣᠯ᠎ᠤᠨ ᠲᠤᠬᠠᠢ ᠣᠢᠯᠠᠭᠠᠯᠲᠠ᠎ᠪᠠᠨ ᠭᠦᠨᠵᠡᠭᠡᠢᠷᠡᠭᠦᠯᠪᠡ ᠁ ᠲᠣᠭᠣᠷᠢᠨ ᠲᠣᠭᠯᠠᠯᠲᠠ ᠨᠢ ᠤᠯᠠᠭᠠᠨᠮᠥ᠋ᠴᠢᠷ᠎ᠦᠨ 60 ᠵᠢᠯ᠎ᠦᠨ ᠲᠤᠷᠰᠢᠬᠢ ᠤᠷᠠᠯᠢᠭ᠋᠎ᠤᠨ ᠠᠮᠵᠢᠯᠲᠠ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠥᠪᠥᠷ ᠮᠣᠩᠭᠣᠯ ᠭᠤᠸᠠᠩᠳᠦ᠋ᠩ ᠬᠣᠶᠠᠷ ᠭᠠᠵᠠᠷ᠎ᠤᠨ ᠰᠣᠶᠣᠯ᠎ᠤᠨ ᠰᠣᠯᠢᠯᠴᠠᠭ᠎ᠠ᠎ᠶᠢ ᠠᠬᠢᠭᠤᠯᠤᠭᠰᠠᠨ᠎ᠢᠶᠠᠷ ᠪᠠᠷᠠᠬᠤ ᠦᠭᠡᠢ᠂ ᠨᠡᠩ ᠤᠯᠠᠨ ᠠᠷᠠᠳ ᠲᠦᠮᠡᠨ᠎ᠳᠦ ᠤᠮᠠᠷᠠᠲᠤ ᠬᠢᠵᠠᠭᠠᠷ᠎ᠤᠨ ᠰᠣᠶᠣᠯ᠎ᠤᠨ ᠥᠪᠡᠷᠮᠢᠴᠡ ᠷᠢᠳᠢ ᠰᠢᠳᠢ᠎ᠶᠢ ᠣᠢᠯᠠᠭᠠᠭᠤᠯᠵᠠᠢ᠃ ᠲᠣᠭᠯᠠᠯᠲᠠ ᠦᠨᠳᠦᠷᠯᠡᠬᠦ᠌ ᠦᠶᠡᠰ᠂ ᠪᠦᠬᠦ ᠲᠣᠭᠯᠠᠭ᠍ᠴᠢᠳ ᠪᠠ ᠦᠵᠡᠭᠴᠢᠳ ᠬᠠᠮᠲᠤ᠎ᠪᠠᠷ 《ᠡᠬᠡ ᠤᠯᠤᠰ᠎ᠢᠶᠠᠨ ᠮᠠᠭᠲᠠᠨ ᠳᠠᠭᠤᠯᠠᠶ᠎ᠠ》ᠭᠡᠬᠦ ᠳᠠᠭᠤᠤ᠎ᠶᠢ ᠬᠠᠩᠭᠢᠨᠠᠲᠠᠯ᠎ᠠ ᠳᠠᠭᠤᠯᠠᠵᠤ᠂ ᠬᠠᠯᠠᠭᠤᠨ ᠠᠯᠠᠭ᠎ᠠ ᠲᠡᠰᠢᠯᠲᠡ᠎ᠶᠢᠨ ᠲᠠᠭᠤᠨ ᠪᠣᠯᠣᠨ ᠤᠷᠠᠢᠯᠠᠬᠤ ᠲᠠᠭᠤᠨ ᠤᠳᠠᠲᠠᠯ᠎ᠠ ᠦᠷᠭᠦᠯᠵᠢᠯᠡᠪᠡ᠃
《ᠮᠠᠰᠢ ᠶᠡᠬᠡ ᠪᠠᠶᠠᠷᠯᠠᠯ᠎ᠠ! ᠲᠠ ᠨᠠᠷ᠎ᠤᠨ ᠳᠠᠷᠠᠭᠠᠴᠢ᠎ᠶᠢᠨ ᠲᠣᠭᠯᠠᠯᠲᠠ᠎ᠶᠢᠨ ᠠᠮᠵᠢᠯᠲᠠ᠎ᠶ᠋ᠢ ᠢᠷᠦᠭᠡᠶ᠎ᠡ!》 ᠲᠣᠭᠯᠠᠯᠲᠠ ᠳᠠᠭᠤᠰᠤᠭᠰᠠᠨ᠎ᠤ ᠲᠠᠷᠠᠭ᠎ᠠ᠂ ᠦᠵᠡᠭ᠌ᠴᠢ ᠸᠠᠩ ᠴᠠᠩ ᠦᠨᠳᠦᠷ ᠲᠠᠭᠤᠨ᠎ᠢᠶᠠᠷ ᠲᠠᠢᠰᠠᠨ ᠳᠡᠭᠡᠷᠡᠬᠢ ᠲᠣᠭᠯᠠᠭ᠍ᠴᠢᠳ᠎ᠲᠤ ᠵᠥᠩᠨᠡᠯ ᠳᠡᠪᠰᠢᠭᠦᠯᠵᠦ᠂ ᠲᠡᠷᠡ ᠬᠡᠯᠡᠬᠦ᠌᠎ᠳᠦ᠎ᠪᠡᠨ᠄ 《ᠲᠣᠭᠯᠠᠯᠲᠠ ᠭᠠᠢᠬᠠᠯᠲᠠᠢ ᠰᠠᠢᠬᠠᠨ ᠪᠠᠢᠨ᠎ᠠ᠂ ᠠᠩᠬ᠎ᠠ ᠤᠳᠠᠭ᠎ᠠ ᠢᠩᠭᠢᠵᠦ ᠤᠮᠠᠷᠠᠲᠤ ᠬᠢᠵᠠᠭᠠᠷ᠎ᠤᠨ ᠰᠣᠶᠣᠯ᠎ᠤᠨ ᠭᠠᠢᠬᠠᠮᠱᠢᠭ᠍ᠲᠤ ᠲᠠᠯ᠎ᠠ᠎ᠶᠢ ᠣᠯᠵᠤ ᠬᠠᠷᠠᠵᠠᠢ᠂ ᠪᠢ ᠨᠠᠢᠵᠠ᠎ᠲᠠᠢ᠎ᠪᠠᠨ ᠴᠦᠮ ᠥᠪᠥᠷ ᠮᠣᠩᠭᠣᠯ᠎ᠳᠤ ᠣᠴᠢᠵᠤ ᠵᠢᠭᠤᠯᠴᠢᠯᠠᠬᠤ᠎ᠪᠠᠷ ᠲᠥᠯᠥᠪᠯᠡᠵᠦ ᠪᠠᠢᠨ᠎ᠠ》 ᠭᠡᠪᠡ᠃
ᠤᠯᠠᠭᠠᠨᠮᠥ᠋ᠴᠢᠷ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠪᠦᠯᠬᠦᠮ᠎ᠦᠨ ᠥᠪᠡᠷᠮᠢᠴᠡ ᠬᠡᠯᠪᠡᠷᠢ ᠪᠣᠯᠣᠨ᠎ᠠ᠂ ᠪᠦᠯᠬᠦᠮ ᠪᠠᠢᠭᠤᠯᠤᠭᠳᠠᠭᠰᠠᠨ᠎ᠡᠴᠡ ᠨᠠᠭᠠᠰᠢ᠂ ᠦᠨᠳᠦᠰᠦᠨ ᠱᠠᠲᠤᠨ᠎ᠳᠤ ᠭᠦᠨᠵᠡᠭᠡᠢᠷᠡᠬᠦ᠂ ᠤᠯᠠᠨ ᠲᠦᠮᠡᠨ᠎ᠳᠦ ᠦᠢᠯᠡᠴᠢᠯᠡᠬᠦ ᠰᠢᠯᠢᠳᠡᠭ ᠤᠯᠠᠮᠵᠢᠯᠠᠯ᠎ᠢᠶᠡᠨ ᠢᠮᠠᠭᠲᠠ ᠪᠠᠷᠢᠮᠲᠠᠯᠠᠵᠤ᠂ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠋᠎ᠤᠨ ᠬᠥᠩᠭᠡᠨ ᠮᠣᠷᠢᠲᠤ ᠴᠡᠷᠢᠭ》 ᠬᠡᠮᠡᠭᠳᠡᠪᠡ᠃ ᠣᠢᠯᠠᠭᠠᠭᠰᠠᠨ᠎ᠢᠶᠠᠷ᠂ ᠤᠯᠠᠭᠠᠨᠮᠥ᠋ᠴᠢᠷ᠎ᠦᠨ ᠭᠡᠰᠢᠭᠦᠳ 9 ᠳ᠋ᠦ᠍ᠭᠡᠷ ᠰᠠᠷ᠎ᠠ᠎ᠶᠢᠨ 17 ᠤ ᠡᠳᠦᠷ ᠭᠤᠸᠠᠩᠵᠧᠦ ᠬᠣᠲᠠ᠎ᠶᠢᠨ ᠪᠠᠢ ᠧ ᠲᠠᠨ ᠶᠡᠬᠡ ᠲᠠᠢᠰᠠ᠂ ᠭᠤᠸᠠᠩᠵᠧᠦ ᠬᠣᠲᠠ᠎ᠶᠢᠨ ᠰᠣᠶᠣᠯ᠎ᠤᠨ ᠣᠷᠳᠣᠨ᠎ᠳᠤ ᠬᠦᠷᠴᠦ᠍᠂ 9 ᠳ᠋ᠦ᠍ᠭᠡᠷ ᠰᠠᠷ᠎ᠠ᠎ᠶᠢᠨ 19 ᠦ ᠡᠳᠦᠷ᠂ 20᠎ᠤ ᠡᠳᠦᠷ ᠳ᠋ᠦᠩᠭᠤᠸᠠᠨ ᠬᠣᠲᠠ᠎ᠳᠤ ᠦᠷᠭᠦᠯᠵᠢᠯᠡᠨ ᠲᠣᠭᠯᠠᠯᠲᠠ ᠭᠠᠷᠭᠠᠨ᠎ᠠ᠃ ᠲᠠᠷᠠᠭᠠᠴᠢ᠎ᠶᠢᠨ ᠠᠵᠢᠯᠯᠠᠭ᠎ᠠ᠎ᠳᠤ ᠪᠠᠰᠠ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠂ ᠬᠢᠩᠭᠠᠨ᠎ᠤ ᠰᠠᠢᠨ ᠪᠠᠷᠠᠭ᠎ᠠ ᠲᠠᠸᠠᠷ ᠭᠡᠬᠦ᠌ ᠬᠣᠶᠠᠷ ᠶᠡᠬᠡ ᠣᠨᠴᠠᠯᠢᠭ᠍ᠲᠤ ᠦᠵᠡᠭᠦᠯᠭᠡ᠎ᠶ᠋ᠢᠨ ᠲᠣᠭᠤᠷᠢᠭ᠎ᠢ ᠲᠣᠬᠢᠷᠠᠭᠤᠯᠵᠤ᠂ ᠬᠢᠩᠭᠠᠨ ᠠᠢᠮᠠᠭ᠎ᠤᠨ ᠲᠤᠲᠤᠷᠭ᠎ᠠ᠂ ᠦᠬᠡᠷ ᠬᠤᠨᠢᠨ᠎ᠤ ᠮᠢᠬ᠎ᠠ᠂ ᠠᠮᠲᠠᠲᠤ ᠬᠣᠪᠣᠷ ᠢᠳᠡᠭᠡᠨ᠂ ᠬᠤᠰᠤ ᠮᠣᠳᠣᠨ᠎ᠤ ᠰᠢᠭᠦᠰᠦ ᠵᠡᠷᠭᠡ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ᠎ᠢ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠳᠦ ᠠᠮᠲᠠᠯᠠᠭᠤᠯᠬᠤ ᠪᠣᠯᠣᠨ᠎ᠠ᠃