ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠤᠮᠠᠷᠠᠲᠤ ᠬᠢᠵᠠᠭᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ ᠴᠠᠭ ᠦᠶ᠎ᠡ᠎ᠶ᠋ᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ   《ᠪᠣᠳᠠᠰ᠎ᠤᠨ ᠪᠤᠰᠤ ᠰᠣᠶᠣᠯ᠎ᠤᠨ ᠥᠪ᠎ᠲᠠᠬᠢ ᠳᠤᠮᠳᠠᠳᠤ ᠤᠯᠤᠰ》᠎ᠦᠨ ᠬᠢᠩᠭᠠᠨ ᠠᠢᠮᠠᠭ᠎ᠤᠨ ᠪᠦᠯᠦᠭ ᠨᠡᠪᠲᠡᠷᠡᠭᠦᠯᠦᠭ᠌ᠳᠡᠵᠦ᠍ ᠪᠠᠢᠨ᠎ᠠ
ᠨᠡᠶ᠋ᠢᠲᠡᠯᠡᠭᠰᠡᠨ ᠴᠠᠭ᠄ 2025-09-22

9 ᠳ᠋ᠦ᠍ᠭᠡᠷ ᠰᠠᠷ᠎ᠠ᠎ᠶᠢᠨ 20 ᠎ᠤ ᠡᠳᠦᠷ᠂ 《ᠪᠣᠳᠠᠰ᠎ᠤᠨ ᠪᠤᠰᠤ ᠰᠣᠶᠣᠯ᠎ᠤᠨ ᠦᠪ᠎ᠲᠡᠬᠢ ᠳᠤᠮᠳᠠᠳᠤ ᠤᠯᠤᠰ》 ᠭᠡᠬᠦ ᠲᠣᠮᠣ᠌ ᠬᠡᠯᠪᠡᠷᠢ᠎ᠶᠢᠨ ᠰᠣᠶᠣᠯ᠎ᠤᠨ ᠫᠷᠣᠭ᠌ᠷᠠᠮ᠎ᠦᠨ ᠬᠢᠩᠭᠠᠨ ᠠᠢᠮᠠᠭ᠎ᠤᠨ ᠪᠦᠯᠦᠭ᠎ᠢ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ ᠶᠡᠷᠦᠩᠬᠡᠢᠯᠡᠭᠰᠡᠨ ᠰᠤᠪᠠᠭ (CCTV-1)᠎ᠢᠶᠠᠷ ᠨᠠᠪᠲᠠᠷᠡᠭᠦᠯᠵᠦ᠂ ᠪᠥᠬᠥ ᠤᠯᠤᠰ᠎ᠤᠨ ᠦᠵᠡᠭᠴᠢᠳ᠎ᠲᠤ ᠬᠢᠩᠭᠠᠨ ᠠᠢᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠥᠪᠡᠷᠮᠢᠴᠡ ᠷᠢᠳᠢ ᠰᠢᠳᠢ᠎ᠶᠢ ᠣᠢᠯᠠᠭᠠᠭᠤᠯᠪᠠ᠃ 

ᠫᠷᠣᠭ᠌ᠷᠠᠮ᠎ᠳᠤ᠂ ᠬᠥᠲᠥᠯᠥᠭᠴᠢ ᠯᠦᠩ ᠶᠠᠩ ᠳᠤᠮᠳᠠᠳᠤ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠰᠤᠳᠤᠯᠭᠠᠨ᠎ᠤ ᠨᠡᠢᠭᠡᠮᠯᠢᠭ᠎ᠦᠨ ᠲᠤᠰᠬᠠᠢ ᠮᠡᠷᠭᠡᠵᠢᠯᠲᠡᠨ᠎ᠦ ᠵᠥᠪᠯᠡᠯ᠎ᠦᠨ ᠡᠷᠬᠢᠯᠡᠭᠴᠢ᠂ ᠬᠠᠭᠠᠨ᠎ᠤ ᠣᠷᠳᠣᠨ᠎ᠤ ᠮᠦᠽᠧᠢ᠎ᠶᠢᠨ ᠡᠷᠳᠡᠮ ᠰᠢᠨᠵᠢᠯᠡᠭᠡᠨ᠎ᠦ ᠵᠥᠪᠯᠡᠯ᠎ᠦᠨ ᠡᠷᠬᠢᠯᠡᠭᠴᠢ ᠱᠠᠨ ᠵᠢᠢ ᠰᠢᠶᠠᠩ ᠬᠢᠭᠡᠳ ᠲᠣᠭᠯᠠᠭ᠍ᠴᠢ ᠵᠤᠤ ᠶᠠ ᡁᠢ ᠯᠦ᠍ᠭᠡ ᠬᠠᠮᠲᠤ᠎ᠪᠠᠷ ᠨᠢᠭᠡᠨ ᠤᠳᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠦᠨᠵᠡᠭᠡᠢ ᠰᠣᠷᠪᠤᠯᠵᠢᠯᠠᠭ᠎ᠠ᠎ᠶᠢᠨ ᠠᠶᠠᠯᠠᠯ᠎ᠢᠶᠠᠨ ᠡᠬᠢᠯᠡᠭᠦᠯᠵᠡᠢ᠃ ᠦᠢᠯᠡᠳᠬᠦ᠌ ᠪᠦᠯᠬᠦᠮ᠎ᠦᠨ ᠬᠢᠨ ᠲᠠᠯ᠎ᠠ ᠨᠤᠲᠤᠭ᠎ᠲᠤ ᠭᠦᠨᠵᠡᠭᠡᠢᠷᠡᠵᠦ᠂ ᠨᠠᠢᠷ ᠨᠠᠭᠠᠳᠤᠮ᠂ ᠶᠠᠨ ᠴᠢᠩ ᠨᠢᠳᠤᠷᠭᠠᠨ ᠡᠷᠳᠡᠮ᠂ ᠦᠯᠢᠬᠡᠷ ᠵᠡᠷᠭᠡ ᠥᠪᠡᠷᠮᠢᠴᠡ ᠣᠨᠴᠠᠯᠢᠭ᠋᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ 20 ᠭᠠᠷᠤᠢ ᠲᠦᠷᠦᠯ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠠᠷᠢᠯᠴᠠᠨ ᠬᠦᠳᠡᠯᠦᠯᠴᠡᠵᠦ᠍ ᠪᠡᠶᠡᠴᠢᠯᠡᠨ ᠣᠢᠯᠠᠭᠠᠯᠴᠠᠬᠤ᠂ ᠰᠣᠶᠣᠯ᠎ᠤᠨ ᠲᠠᠢᠯᠤᠮᠵᠢ ᠬᠢᠬᠦ ᠪᠠ ᠭᠣᠢᠳᠠ ᠰᠠᠢᠬᠠᠨ ᠲᠣᠭᠯᠠᠯᠲᠠ ᠭᠠᠷᠭᠠᠬᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠬᠢᠩᠭᠠᠨ ᠠᠢᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠨ᠎ᠡ ᠴᠠᠭ ᠦᠶ᠎ᠡ᠎ᠳᠦ ᠰᠠᠴᠤᠷᠠᠭᠤᠯᠤᠭ᠍ᠰᠠᠨ ᠭᠡᠷᠡᠯ ᠭᠢᠯᠪᠠᠭ᠎ᠠ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ 

ᠣᠳᠣᠬᠠᠨ ᠪᠣᠯᠲᠠᠯ᠎ᠠ᠂ ᠬᠢᠩᠭᠠᠨ ᠠᠢᠮᠠᠭ᠎ᠲᠤ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 7 ᠪᠠᠢᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 79 ᠪᠠᠢᠵᠤ᠂ ᠠᠢᠮᠠᠭ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 258 ᠪᠣᠶ᠃ ᠨᠠᠢᠷ ᠨᠠᠭᠠᠳᠤᠮ᠎ᠢᠶᠠᠷ ᠪᠥᠬᠡ ᠪᠠᠷᠢᠯᠳᠤᠬᠤ᠂ ᠰᠤᠷ ᠬᠠᠷᠪᠤᠬᠤ᠂ ᠮᠣᠷᠢ ᠤᠷᠤᠯᠳᠤᠬᠤ ᠵᠡᠷᠭᠡ ᠮᠣᠩᠭᠣᠯ ᠦᠨᠳᠦᠰᠦᠲᠡᠨ᠎ᠦ ᠰᠦᠷ ᠵᠢᠪᠬᠤᠭᠠᠯᠢᠭ ᠳᠦᠷᠢ ᠳᠥᠷᠬᠦ᠌᠎ᠶ᠋ᠢ ᠣᠯᠵᠤ ᠬᠠᠷᠠᠬᠤ᠎ᠪᠠᠷ ᠪᠠᠷᠠᠬᠤ ᠦᠭᠡᠢ᠂ ᠪᠠᠰᠠ ᠤᠰᠤᠨ ᠲᠤᠲᠤᠷᠭ᠎ᠠ ᠰᠠᠴᠤᠵᠤ ᠲᠠᠷᠢᠬᠤ ᠤᠷ᠎ᠠ ᠮᠡᠷᠭᠡᠵᠢᠯ᠎ᠢᠶᠡᠷ ᠢᠯᠡᠷᠡᠭᠦᠯᠦᠭ᠌ᠰᠡᠨ ᠦᠨᠢ ᠤᠷᠲᠤ᠎ᠶ᠋ᠢᠨ ᠲᠠᠷᠢᠶᠠᠯᠠᠩ᠎ᠤᠨ ᠪᠣᠯᠪᠠᠰᠤᠨ᠎ᠢ ᠴᠦ᠍ ᠣᠯᠵᠤ ᠮᠡᠳᠡᠷᠡᠨ᠎ᠡ; ᠮᠣᠷᠢᠨ ᠬᠤᠭᠤᠷ᠎ᠤᠨ ᠢᠷᠠᠭᠤ ᠴᠡᠭᠡᠯᠬᠡᠨ ᠬᠥᠭ ᠠᠶᠠᠰ ᠪᠠᠢᠬᠤ᠎ᠪᠠᠷ ᠪᠠᠷᠠᠬᠤ ᠦᠭᠡᠢ᠂ ᠪᠠᠰᠠ ᠬᠤᠭᠤᠷ᠎ᠤᠨ ᠦᠯᠢᠭᠡᠷ᠎ᠦᠨ ᠬᠠᠢᠯᠠᠨ ᠳᠠᠭᠤᠯᠠᠭ᠍ᠰᠠᠨ ᠰᠡᠳᠬᠢᠯ ᠬᠥᠳᠡᠯᠭᠡᠮ᠎ᠡ ᠦᠯᠢᠬᠡᠷ ᠲᠡᠦᠬᠡ᠎ᠨᠦᠭᠦᠳ ᠴᠦ᠍ ᠪᠤᠢ᠃ ᠡᠳᠡᠭᠡᠷ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ᠎ᠦᠳ ᠨᠢ ᠦᠨᠳᠦᠰᠦᠲᠡᠨ᠎ᠨᠦᠭᠦᠳ᠎ᠦᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠭ᠍ᠰᠠᠨ ᠤᠶᠠᠷᠠᠮ᠎ᠠ ᠦᠯᠢᠭᠡᠷ᠎ᠢ ᠬᠠᠮᠲᠤ᠎ᠪᠠᠷ ᠦᠭᠦᠯᠡᠵᠦ᠍ ᠪᠤᠢ᠃ ᠨᠡᠪᠲᠡᠷᠡᠭᠦᠯᠭᠡ ᠨᠢ ᠨᠡᠩ ᠤᠯᠠᠨ ᠦᠵᠡᠭᠴᠢᠳ᠎ᠲᠦ ᠪᠤᠳᠠᠰ᠎ᠤᠨ ᠪᠤᠰᠤ ᠰᠣᠶᠣᠯ᠎ᠤᠨ ᠥᠪ᠎ᠦᠨ ᠠᠷᠤ᠎ᠳᠤ ᠠᠭᠤᠯᠤᠭᠳᠠᠵᠤ ᠪᠦᠬᠦᠢ ᠰᠣᠶᠣᠯ᠎ᠤᠨ ᠠᠭᠤᠯᠬᠤᠨ ᠪᠠ ᠲᠡᠦᠬᠡ᠎ᠶᠢᠨ ᠦᠨ᠎ᠡ ᠦᠷᠳᠡᠭ᠎ᠢ ᠮᠡᠳᠡᠷᠡᠭᠦᠯᠵᠦ᠂ ᠤᠯᠠᠮᠵᠢᠯᠠᠯᠲᠤ ᠰᠣᠶᠣᠯ᠎ᠤᠨ ᠤᠳᠤ ᠦᠶ᠎ᠡ᠎ᠳᠡᠬᠢ ᠤᠯᠠᠮᠵᠢᠯᠠᠯ ᠪᠠ ᠬᠥᠭᠵᠢᠯᠲᠡ᠎ᠶᠢ ᠬᠠᠷᠠᠭᠤᠯᠵᠠᠢ᠃ 

ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠠᠢ᠂ ᠡᠳᠡᠭᠡᠷ ᠬᠣᠪᠣᠷ ᠨᠠᠨᠳᠢᠨ ᠪᠣᠳᠠᠰ᠎ᠤᠨ ᠪᠤᠰᠤ ᠰᠣᠶᠣᠯ᠎ᠤᠨ ᠥᠪ ᠨᠢ ᠲᠤᠬᠠᠢ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠪᠢᠯᠢᠭ᠎ᠦᠨ ᠤᠬᠢ ᠪᠦᠲᠦᠭᠡᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠪᠠᠢᠨ᠎ᠠ᠃ 2025 ᠣᠨ᠎ᠤ 3 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠣᠯ᠎ᠳᠤ ᠬᠥᠮᠥᠨ ᠲᠥᠷᠥᠯᠬᠢᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠭᠴᠢ ᠪᠦᠲᠦᠭᠡᠯ᠎ᠦᠨ ᠨᠡᠷᠡᠰ᠎ᠦᠨ ᠵᠢᠭ᠍ᠰᠠᠭᠠᠯᠲᠠ᠎ᠶ᠋ᠢᠨ ᠲᠦᠷᠦᠯ ᠵᠦᠢᠯ 4᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 106᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ 1079 ᠪᠠᠢᠨ᠎ᠠ᠃ ᠢᠷᠡᠭᠡᠳᠦᠢ᠎ᠳᠦ᠂ ᠥᠪᠥᠷ ᠮᠣᠩᠭᠣᠯ ᠦᠷᠭᠦᠯᠵᠢᠯᠡᠨ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠨᠡᠷᠡᠰ᠎ᠦᠨ ᠵᠢᠭ᠍ᠰᠠᠭᠠᠯᠲᠠ᠎ᠶᠢᠨ ᠲᠣᠭ᠍ᠲᠠᠯᠴᠠᠭ᠎ᠠ᠎ᠶ᠋ᠢ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ᠎ᠢ ᠬᠠᠮᠠᠭᠠᠯᠠᠨ ᠵᠠᠯᠭᠠᠮᠵᠢᠯᠠᠬᠤ ᠠᠵᠢᠯ᠎ᠢᠶᠠᠨ ᠤᠯᠠᠮ ᠨᠢᠭᠡ ᠠᠯᠬᠤᠮ ᠴᠢᠩᠭᠠᠳᠭᠠᠨ᠂ ᠬᠠᠮᠠᠭᠠᠯᠠᠨ ᠵᠠᠯᠭᠠᠮᠵᠢᠯᠠᠬᠤ ᠬᠢᠷᠢ ᠲᠦᠪᠰᠢᠨ᠎ᠢᠶᠡᠨ ᠦᠨᠡᠨ ᠬᠦ᠌ ᠳᠡᠭᠡᠭ᠌ᠰᠢᠯᠡᠭᠦᠯᠵᠦ᠍᠂ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠤᠯᠠᠷᠢᠭᠤᠯᠬᠤ᠂ ᠰᠢᠨ᠎ᠡ᠎ᠶᠢ ᠡᠭᠦᠳᠦᠨ ᠬᠥᠭᠵᠢᠭᠦᠯᠬᠦ᠎ᠶᠢ ᠠᠬᠢᠭᠤᠯᠤᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ