ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠭᠦᠳᠡ ᠬᠤᠷᠠᠯᠳᠤᠭᠠᠨ   -   ᠰᠣᠷᠣᠯᠴᠠᠨ ᠲᠤᠭᠤᠱᠢᠯᠠᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ  ᠬᠡᠪᠯᠡᠯ᠎ᠦᠨ ᠪᠦᠯᠦᠭᠯᠡᠯ  ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ
ᠨᠡᠶ᠋ᠢᠲᠡᠯᠡᠭᠰᠡᠨ ᠴᠠᠭ᠄ 2025-12-05

12 ᠳ᠋ᠤᠭᠠᠷ ᠰᠠᠷ᠎ᠠ᠎ᠶᠢᠨ 2᠎ᠤᠨ ᠡᠳᠦᠷ ᠪᠠ 4᠎ᠦ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃ 

ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠳᠦ ᠹᠧᠩ ᠯᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠭᠦᠨᠵᠡᠭᠡᠢ ᠣᠢᠯᠠᠭᠠᠬᠤ ᠵᠢᠴᠢ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ᠎ᠶᠢᠨ ᠲᠣᠭᠣᠷᠢᠨ᠎ᠳᠤ ᠭᠦᠨᠵᠡᠭᠡᠢ ᠪᠥᠭᠡᠳ ᠣᠢᠯᠠᠭᠠᠮᠵᠢᠲᠠᠢ᠂ ᠪᠥᠬᠥ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠬᠢᠪᠡ᠃ ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠪᠠᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠪᠣᠳᠠᠲᠤ ᠪᠠᠢᠳᠠᠯ ᠯᠤᠭ᠎ᠠ ᠨᠢᠭ᠍ᠲᠠ ᠤᠶᠠᠯᠳᠤᠭᠤᠯᠤᠭᠰᠠᠨ ᠪᠥᠭᠡᠳ ᠭᠣᠣᠯ ᠰᠡᠳᠦᠪ ᠨᠢ ᠢᠯᠡ ᠲᠣᠳᠣ᠌᠂ ᠲᠣᠳᠣᠷᠬᠠᠢᠯᠠᠯᠲᠠ ᠨᠢ ᠨᠡᠪᠲᠡᠷᠬᠡᠢ᠂ ᠯᠣᠭᠢᠭ᠋ ᠨᠢ ᠴᠢᠩᠭ᠎ᠠ᠂ ᠭᠣᠣᠯᠳᠠᠯᠭ᠎ᠠ ᠨᠢ ᠳᠣᠪᠤᠢᠮ᠎ᠠ ᠪᠣᠯᠵᠠᠢ᠂ ᠡᠨᠡ ᠨᠢ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠬᠦ᠎ᠳᠦ ᠬᠦᠴᠦᠲᠡᠢ ᠵᠢᠯᠣᠭᠣᠳᠤᠯᠭ᠎ᠠ ᠬᠠᠩᠭᠠᠵᠠᠢ᠃ 

ᠤᠯᠠᠨ᠎ᠢᠶᠠᠷ᠎ᠢᠶᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠰᠤᠷᠤᠯᠴᠠᠭᠰᠠᠨ ᠦᠷ᠎ᠡ ᠪᠦᠲᠦᠭᠡᠯ᠎ᠢᠶᠡᠨ ᠠᠵᠤ ᠠᠬᠤᠢᠯᠠᠯ᠎ᠤᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭᠠᠨ ᠤᠯᠠᠷᠢᠭᠤᠯᠵᠤ᠂ ᠤᠯᠤᠰ᠎ᠤᠨ ᠶᠡᠬᠡ ᠲᠠᠯ᠎ᠠ ᠪᠠ ᠭᠠᠵᠠᠷ ᠣᠷᠣᠨ᠎ᠤ ᠬᠥᠭᠵᠢᠯᠲᠡ᠎ᠳᠦ ᠦᠢᠯᠡᠴᠢᠯᠡᠬᠦ ᠳᠤᠮᠳᠠ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃ 

ᠤᠮᠠᠷᠠᠲᠤ᠎ᠶᠢᠨ ᠬᠣᠪᠣᠷ ᠰᠢᠷᠣᠢ᠎ᠶᠢᠨ ᠬᠠᠢᠯᠤᠭᠤᠯᠤᠨ ᠪᠣᠯᠪᠠᠰᠤᠷᠠᠭᠤᠯᠬᠤ ᠬᠤᠪᠢᠶᠠᠷᠢ ᠺᠣᠮᠫᠠᠨᠢ (ᠬᠤᠸᠠ ᠮᠧᠢ ᠺᠣᠮᠫᠠᠨᠢ)᠎ᠶᠢᠨ ᠬᠣᠶᠠᠳᠤᠭᠠᠷ ᠦᠢᠯᠡᠳᠪᠦᠷᠢ᠎ᠶᠢᠨ ᠲᠠᠰᠤᠭ᠎ᠤᠨ ᠣᠷᠣᠨ ᠪᠦᠰᠡ᠎ᠶᠢᠨ ᠮᠡᠷᠭᠡᠵᠢᠯ᠎ᠦᠨ ᠭᠣᠣᠯᠯᠠᠨ ᠬᠠᠮᠢᠶᠠᠷᠤᠭ᠍ᠴᠢ ᠰᠤ᠌ ᠵᠧᠨ ᠯᠦᠩ᠄ 《ᠬᠣᠪᠣᠷ ᠰᠢᠷᠣᠢ᠎ᠶᠢᠨ ᠠᠵᠢᠯ ᠲᠦᠷᠦᠯ᠎ᠦᠨ ᠨᠢᠭᠡᠨ ᠲᠤᠰᠬᠠᠢ ᠮᠡᠷᠭᠡᠵᠢᠯ᠎ᠦᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠠᠵᠢᠯ᠎ᠢᠶᠠᠷ ᠰᠠᠭᠤᠷᠢ ᠪᠣᠯᠭᠠᠨ᠂ ᠲᠥᠬᠦᠭᠡᠷᠦᠮᠵᠢ᠎ᠶᠢᠨ ᠳᠠᠯᠳᠠ ᠬᠦᠴᠦᠨ᠎ᠢ ᠭᠦᠨ ᠠᠭᠤᠳᠠᠯᠵᠤ᠂ ᠰᠢᠨ᠎ᠡ ᠲᠥᠬᠦᠭᠡᠷᠦᠮᠵᠢ᠎ᠶᠢ〈ᠬᠡᠷᠡᠭᠯᠡᠵᠦ ᠪᠣᠯᠬᠤ〉ᠡᠴᠡ 〈ᠰᠠᠢᠨ ᠬᠡᠷᠡᠭᠯᠡᠬᠦ᠂ ᠥᠨᠳᠥᠷ ᠪᠦᠲᠦᠮᠵᠢᠲᠡᠢ ᠬᠡᠷᠡᠭᠯᠡᠬᠦ〉 ᠪᠣᠯᠭᠠᠨ ᠬᠤᠪᠢᠷᠠᠭᠤᠯᠵᠤ᠂ ᠮᠡᠷᠭᠡᠵᠢᠯ᠎ᠦᠨ ᠳᠠᠪᠠᠭᠤᠯᠢᠭ᠋᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ ᠬᠡᠯᠡᠪᠡ᠃ 

ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠫᠷᠣᠹᠧᠰᠰᠣᠷ ᠮᠠ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠶᠢᠨ ᠰᠡᠳᠬᠢᠮᠵᠢ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠤᠬᠠᠭᠠᠯᠠᠨ ᠲᠥᠯᠥᠪᠯᠡᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠪᠠᠷ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠡᠢ᠃ ᠮᠡᠳᠡᠭᠦᠯᠦᠯᠲᠡ᠎ᠶᠢᠨ ᠬᠤᠷᠠᠯ᠎ᠢ ᠰᠦᠯᠵᠢᠶ᠎ᠡ᠎ᠪᠡᠷ ᠪᠠ ᠰᠦᠯᠵᠢᠶᠡᠨ᠎ᠡᠴᠡ ᠭᠠᠳᠠᠭᠤᠷᠬᠢ᠎ᠶᠢ ᠤᠶᠠᠯᠳᠤᠭᠤᠯᠬᠤ ᠬᠡᠯᠪᠡᠷᠢ᠎ᠪᠡᠷ ᠬᠤᠷᠠᠯᠳᠤᠭᠤᠯᠵᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ᠎ᠲᠦ ᠭᠣᠣᠯ ᠬᠤᠷᠠᠯ᠎ᠤᠨ ᠲᠠᠯᠠᠪᠠᠶ ᠲᠣᠬᠢᠷᠠᠭᠤᠯᠤᠨ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠰᠣᠶᠣᠯ᠎ᠤᠨ ᠬᠡᠪᠯᠡᠯ᠎ᠦᠨ ᠬᠣᠷᠢᠶ᠎ᠠ᠎ᠳᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠵᠠᠢ᠃ 

ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ ᠨᠢ ᠤᠨᠤᠯ᠎ᠤᠨ ᠲᠠᠯ᠎ᠠ᠎ᠪᠠᠷ ᠭᠦᠨᠵᠡᠭᠡᠢ ᠲᠠᠢᠯᠪᠤᠷᠢᠯᠠᠯᠲᠠ ᠬᠢᠭᠰᠡᠨ ᠪᠥᠭᠡᠳ ᠦᠢᠯᠡᠳᠦᠯᠭᠡ᠎ᠶᠢᠨ ᠳᠤᠮᠳᠠ ᠣᠨᠣᠪᠴᠢᠲᠠᠢ ᠵᠠᠳᠠᠯᠤᠯᠲᠠ ᠬᠢᠵᠦ᠂ ᠵᠢᠭᠠᠨ ᠵᠢᠯᠤᠭᠣᠳᠬᠤ ᠠᠴᠢ ᠬᠣᠯᠪᠣᠭᠳᠠᠯ᠎ᠢᠶᠠᠷ ᠴᠢᠩᠭ᠎ᠠ ᠪᠣᠯᠵᠠᠢ᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠠᠷᠤᠭ᠎ᠠ ᠰᠦᠨ ᠵᠢᠨ ᠵᠤ᠌᠄ 《ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠬᠤ᠎ᠪᠠᠷ ᠳᠠᠮᠵᠢᠭᠤᠯᠵᠤ᠂ ᠬᠡᠪᠯᠡᠯ᠎ᠦᠨ ᠠᠵᠢᠯ᠎ᠳᠤ ᠡᠷᠬᠡᠪᠰᠢ 〈ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ〉 ᠪᠠ 〈ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ〉 ᠴᠢᠭᠯᠡᠯ᠎ᠢ ᠴᠢᠩᠭ᠎ᠠ ᠠᠳᠬᠤᠨ᠂ ᠦᠷᠭᠦᠯᠵᠢᠯᠡᠨ ᠬᠡᠯᠪᠡᠷᠢ᠎ᠪᠡᠨ ᠬᠤᠪᠢᠷᠠᠭᠤᠯᠬᠤ ᠪᠠ ᠰᠢᠨ᠎ᠡ᠎ᠶᠢ ᠡᠭᠦᠳᠦᠨ ᠬᠥᠭᠵᠢᠭᠦᠯᠬᠦ ᠬᠡᠷᠡᠭᠲᠡᠢ ᠭᠡᠳᠡᠭ᠎ᠢ ᠪᠢ ᠨᠡᠩ ᠭᠦᠨᠵᠡᠭᠡᠢ ᠲᠠᠨᠢᠵᠤ ᠣᠯᠪᠠ᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠪᠠ ᠰᠣᠶᠣᠯ᠎ᠤᠨ ᠡᠭᠦᠷᠭᠡᠲᠦ ᠰᠡᠳᠬᠢᠯᠭᠡ᠎ᠪᠡᠷ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯ ᠰᠡᠳᠦᠪᠲᠦ ᠬᠡᠪᠯᠡᠯ᠎ᠢᠶᠠᠨ ᠴᠢᠩᠭᠠᠳᠬᠠᠨ᠂ ᠰᠣᠶᠣᠯ᠎ᠤᠨ ᠬᠠᠩᠭᠠᠯᠭ᠎ᠠ᠎ᠶᠢ ᠰᠢᠯᠢᠳᠡᠭᠵᠢᠭᠦᠯᠵᠦ᠂ ᠰᠣᠶᠣᠯ᠎ᠤᠨ ᠦᠢᠯᠡᠴᠢᠯᠡᠭᠡ᠎ᠳᠤ ᠰᠢᠨ᠎ᠡ᠎ᠶᠢ ᠡᠭᠦᠳᠴᠦ᠂ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠳᠤ ᠬᠡᠪᠯᠡᠯ᠎ᠦᠨ ᠪᠦᠯᠦᠭᠯᠡᠯ᠎ᠦᠨ ᠬᠥᠳᠡᠯᠭᠡᠭᠴᠢ ᠡᠨᠧᠷᠭᠢ ᠨᠡᠮᠡᠷᠢᠯᠡᠵᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠪᠡ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠵᠠᠢ ᠶᠢᠩ ᠵᠢᠶᠦ᠋ᠨ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠦᠭᠦᠳᠡ ᠬᠤᠷᠠᠯᠳᠤᠭᠠᠨ᠎ᠤ 《ᠰᠠᠨᠠᠭᠤᠯᠭ᠎ᠠ》᠎ᠶᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ᠎ᠶᠢ ᠣᠨᠣᠪᠴᠢᠲᠠᠶ ᠡᠵᠡᠮᠰᠢᠬᠦ᠂ ᠢᠷᠡᠭᠡᠳᠦᠢ᠎ᠶᠢᠨ ᠲᠠᠪᠤᠨ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠣᠨ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠭᠦᠨᠵᠡᠭᠡᠢ ᠣᠢᠯᠠᠭᠠᠨ ᠪᠦᠬᠦ ᠲᠠᠯ᠎ᠠ᠎ᠪᠠᠷ ᠣᠢᠯᠠᠭᠠᠬᠤ᠂ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ᠂ ᠥᠪᠡᠷᠲᠡᠭᠡᠨ ᠵᠠᠰᠠᠬᠤ ᠣᠷᠣᠨ᠎ᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠤᠬᠠᠭᠠᠯᠠᠨ ᠲᠥᠯᠥᠪᠯᠡᠬᠦ ᠵᠡᠷᠭᠡ ᠣᠯᠠᠨ ᠲᠠᠯ᠎ᠠ᠎ᠪᠠᠷ ᠪᠥᠬᠥ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠪᠣᠳᠠᠲᠤ ᠪᠠᠢᠳᠠᠯ ᠯᠤᠭ᠎ᠠ ᠤᠶᠠᠯᠳᠤᠭᠤᠯᠤᠨ᠂ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠠᠢᠯᠪᠤᠷᠢᠯᠠᠨ ᠭᠦᠨᠵᠡᠭᠡᠢ ᠲᠠᠢᠯᠤᠮᠵᠢ ᠬᠢᠪᠡ᠃ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠠᠭᠤᠯᠤᠭᠳᠠᠬᠤᠨ ᠨᠢ ᠡᠯᠪᠡᠭ ᠪᠠᠶᠠᠯᠢᠭ᠋᠂ ᠦᠵᠡᠯ ᠰᠠᠨᠠᠭᠠᠨ᠎ᠤ ᠥᠨᠳᠥᠷᠴᠡ ᠲᠠᠢ ᠪᠥᠭᠡᠳ ᠤᠨᠤᠯ᠎ᠤᠨ ᠭᠦᠨᠴᠡ᠎ᠲᠠᠢ ᠪᠠᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠦᠢᠯᠡᠳᠦᠯᠭᠡ᠎ᠶᠢᠨ ᠴᠢᠨᠠᠷ᠎ᠲᠠᠢ ᠪᠣᠯᠵᠠᠢ᠃ 

ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠵᠢᠯ ᠣᠯᠭᠣᠯᠲᠠ᠎ᠶᠢ ᠠᠬᠢᠭᠤᠯᠬᠤ ᠭᠠᠵᠠᠷ᠎ᠤᠨ ᠳᠠᠷᠤᠭ᠎ᠠ ᠵᠠᠩ ᠬᠠᠢ ᠲᠣᠣ᠄ 《ᠪᠢᠳᠡ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠥᠪᠵᠢᠭᠦᠯᠭᠡ᠎ᠳᠠᠬᠢ ᠠᠵᠢᠯ ᠣᠯᠭᠣᠯᠲᠠ᠎ᠶᠢ ᠠᠬᠢᠭᠤᠯᠬᠤ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠬᠦ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠰᠢᠢᠳᠪᠦᠷᠢᠯᠡᠬᠦ᠂ ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠦᠷᠢᠨᠰᠢᠭᠦᠯᠬᠦ᠂ ᠠᠵᠢᠯ ᠣᠯᠭᠣᠯᠲᠠ᠎ᠶᠢᠨ ᠪᠠᠲᠤᠯᠠᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠠᠵᠢᠯ ᠣᠯᠭᠣᠯᠲᠠ᠎ᠶᠢᠨ ᠠᠵᠠ ᠲᠣᠬᠢᠶᠠᠯ᠎ᠢ ᠨᠡᠩ ᠭᠦᠢᠴᠡᠳ ᠪᠣᠯᠭᠠᠬᠤ᠂ ᠠᠵᠢᠯ ᠣᠯᠭᠣᠯᠲᠠ᠎ᠶᠢᠨ ᠣᠷᠴᠢᠨ ᠨᠥᠬᠥᠴᠡᠯ᠎ᠢ ᠨᠡᠩ ᠡᠷᠬᠡ ᠲᠡᠭᠰᠢ ᠪᠣᠯᠭᠠᠬᠤ᠂ ᠬᠥᠮᠥᠨ ᠪᠠ ᠠᠵᠢᠯ᠎ᠤᠨ ᠪᠠᠢᠷᠢ᠎ᠶᠢᠨ ᠲᠣᠬᠢᠷᠠᠭᠤᠯᠭ᠎ᠠ᠎ᠶᠢ ᠨᠡᠩ ᠥᠨᠳᠥᠷ ᠪᠦᠲᠦᠮᠵᠢᠲᠡᠢ ᠪᠣᠯᠭᠠᠬᠤ᠂ ᠬᠥᠳᠡᠯᠮᠦᠷᠢ᠎ᠶᠢᠨ ᠬᠠᠷᠢᠴᠠᠭ᠎ᠠ᠎ᠶᠢ ᠨᠡᠩ ᠡᠶ᠎ᠡ ᠵᠣᠬᠢᠴᠠᠯ ᠲᠠᠢ ᠪᠣᠯᠭᠠᠬᠤ᠎ᠶᠢ ᠴᠢᠷᠮᠠᠢᠨ ᠪᠡᠶᠡᠯᠡᠭᠦᠯᠵᠦ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉ᠶ᠋ᠢ ᠪᠦᠲᠦᠭᠡᠨ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ