ᠪᠠᠶᠢᠩᠭᠤ ᠶᠢᠨ ᠭᠡᠰᠢᠬᠦᠨ  ᠵᠠᠩ ᠯᠢ
ᠨᠡᠶᠢᠲᠡᠯᠡᠭᠰᠡᠨ ᠴᠠᠭ᠄
2015-01-13
                            ᠪᠠᠶᠢᠩᠭᠤ ᠶᠢᠨ ᠭᠡᠰᠢᠬᠦᠨ   ᠵᠠᠩ ᠯᠢᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄      ᠵᠠᠩ ᠯᠢ᠂ ᠡᠷᠡᠭᠳᠡᠢ᠂ ᠬᠢᠳᠡᠳ ᠦᠨᠳᠦᠰᠦᠳᠡᠨ᠂ 1955 ᠤᠨ ᠤ 9 ᠳ᠋ᠤᠭᠡᠷ ᠰᠠᠷ᠎ᠠ ᠳᠤ ᠲᠦᠷᠦᠵᠠᠢ ᠂ ᠡᠾᠧᠪᠸᠢ ᠶᠢᠨ ᠯᠦᠩ ᠶᠤᠤ ᠶᠢᠨ ᠬᠦᠮᠦᠨ᠂ 1976 ᠤᠨ ᠤ 6 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ 1972 ᠣᠨ ᠤ 12 ᠳ᠋ᠤᠭᠠᠷ ᠰᠠᠷ᠎ᠠ ᠳᠤ ᠠᠵᠢᠯ ᠳᠤ ᠤᠷᠤᠯᠴᠠᠵᠠᠢ᠂ ᠦᠬᠠᠨ ᠤ ᠵᠠᠮ ᠬᠠᠷᠢᠯᠴᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠦᠮᠦᠨ ᠨᠡᠶᠢᠭᠡᠮ ᠰᠤᠶᠤᠯ ᠤᠨ ᠲᠡᠭᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠨ ᠤᠬᠠᠭᠠᠨ ᠤ ᠮᠡᠷᠭᠡᠵᠢᠯ ᠢᠶᠠᠷ ᠲᠡᠬᠦᠰᠪᠠ᠂ ᠠᠵᠢᠯ ᠳᠤ ᠪᠠᠶᠢᠭ᠎ᠠ  ᠠᠰᠫᠢᠷᠠᠨᠲ ᠤᠨ ᠰᠤᠷᠤᠯᠴᠠᠭᠰᠠᠨ ᠨᠠᠮᠳᠠᠷ ᠲᠠᠢ᠂ ᠬᠦᠨ ᠤᠬᠠᠭᠠᠨ ᠤ ᠠᠰᠫᠢᠷᠠᠨᠲ ᠤᠨ ᠡᠷᠳᠡᠮ ᠤᠨ ᠴᠤᠯᠠ ᠲᠠᠢ᠃      ᠤᠳᠤ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠭᠡᠰᠢᠬᠦᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠤᠢ᠃      1972.12 — 1979.10 ᠡᠾᠧᠪᠸᠢ ᠮᠤᠵᠢ ᠶᠢᠨ ᠹᠦ᠋ ᠨᠢᠩ ᠰᠢᠶᠠᠨ ᠤ ᠰᠤᠶᠤᠯ ᠰᠤᠷᠭᠠᠨ ᠬᠦᠮᠦᠵᠢᠯ ᠤᠨ ᠲᠤᠪᠴᠢᠶᠠᠨ ᠤ ᠠᠵᠢᠯᠯᠠᠭᠴᠢ᠂ ᠳ᠋ᠠ ᠸᠠᠩ ᠵᠤᠸᠠᠩ ᠲᠤᠮᠳᠠᠳᠤ ᠰᠤᠷᠭᠠᠭᠤᠯᠢ ᠶᠢᠨ ᠪᠠᠭᠰᠢ᠂ ᠶᠤᠤ ᠵᠸᠤ ᠵᠠᠢ ᠭᠦᠩᠱᠧ ᠶᠢᠨ ᠡᠪᠯᠡᠯ ᠤᠨ ᠬᠤᠷᠢᠶ᠎ᠠ ᠶᠢᠨ ᠱᠦᠵᠢ᠂ ᠨᠠᠮ ᠤᠨ ᠬᠤᠷᠢᠶ᠎ᠠ ᠶᠢᠨ ᠲᠡᠳ᠋ ᠱᠦᠵᠢ ᠪᠠᠶᠢᠪᠠ      1979.10 — 1981.10 ᠡᠾᠧᠪᠸᠢ ᠮᠤᠵᠢ ᠶᠢᠨ ᠲᠠᠩ ᠱᠠᠨ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠬᠢᠳᠡᠳ ᠬᠡᠯᠡᠨ ᠤ ᠮᠡᠷᠭᠡᠵᠢᠯ ᠢᠶᠠᠷ ᠰᠤᠷᠤᠯᠴᠠᠪᠠ      1981.10 — 1983.09 ᠡᠾᠧᠪᠸᠢ ᠮᠤᠵᠢ ᠶᠢᠨ ᠹᠦ᠋ ᠨᠢᠩ ᠰᠢᠶᠠᠨ ᠤ ᠤᠬᠠᠭᠤᠯᠬᠤ ᠬᠡᠯᠳᠡᠰ ᠤᠨ ᠠᠵᠢᠯᠯᠠᠭᠴᠢ᠂  ᠴᠢᠨ ᠬᠤᠸᠠᠩ ᠳ᠋ᠤᠤ ᠬᠤᠳᠠ ᠶᠢᠨ ᠡᠪᠯᠡᠯ ᠤᠨ ᠬᠤᠷᠢᠶ᠎ᠠ ᠶᠢᠨ ᠠᠵᠢᠯᠯᠠᠭᠴᠢ ᠪᠠᠶᠢᠪᠠ      1983.09 — 1985.10 ᠡᠾᠧᠪᠸᠢ ᠮᠤᠵᠢ ᠶᠢᠨ ᠴᠢᠨ ᠬᠤᠸᠠᠩ ᠳ᠋ᠤᠤ ᠬᠤᠳᠠ ᠶᠢᠨ ᠡᠪᠯᠡᠯ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠲᠠᠷᠢᠶᠠᠯᠠᠩ ᠠᠵᠦ ᠦᠢᠯᠡᠳᠪᠥᠷᠢ ᠶᠢᠨ ᠬᠡᠯᠳᠡᠰ ᠤᠨ ᠲᠡᠳ᠋ ᠲᠠᠷᠤᠭ᠎ᠠ᠂ ᠬᠡᠯᠳᠡᠰ ᠤᠨ ᠲᠠᠷᠤᠭ᠎ᠠ ᠪᠠᠶᠢᠪᠠ      1985.10 — 1987.08 ᠡᠾᠧᠪᠸᠢ ᠮᠤᠵᠢ ᠶᠢᠨ ᠹᠦ᠋ ᠨᠢᠩ ᠰᠢᠶᠠᠨ ᠤ ᠨᠠᠮ ᠤᠨ ᠬᠤᠷᠢᠶ᠎ᠠ ᠶᠢᠨ ᠱᠦᠵᠢ ᠪᠠᠶᠢᠪᠠ      1987.08 — 1991.01 ᠡᠪ ᠬᠠᠮᠳᠤ ᠵᠠᠯᠠᠭᠤᠴᠤᠳ ᠤᠨ ᠡᠪᠯᠡᠯ ᠤᠨ ᠡᠾᠧᠪᠸᠢ ᠮᠤᠵᠢ ᠶᠢᠨ ᠬᠤᠷᠢᠶ᠎ᠠ ᠶᠢᠨ ᠲᠡᠳ᠋ ᠱᠦᠵᠢ ᠪᠠᠶᠢᠪᠠ ︵ᠡᠨᠡᠬᠦ ᠬᠤᠭᠤᠴᠠᠭᠠᠨ ᠳᠤ᠄ 1988.09 — 1989.07 ᠲᠦᠪ ᠤᠨ ᠨᠠᠮ ᠤᠨ ᠰᠤᠷᠭᠠᠭᠤᠯᠢ ᠶᠢᠨ ᠨᠢᠭᠡ ᠵᠢᠯ ᠤᠨ ᠲᠦᠷᠢᠮᠳᠤ ᠢᠳᠡᠷ ᠵᠠᠯᠠᠭᠤ ᠺᠠᠳᠠᠷᠴᠤᠳ ᠤᠨ ᠪᠤᠯᠪᠠᠰᠤᠷᠠᠭᠤᠯᠤᠯ ᠤᠨ ᠠᠩᠬᠢ ᠳᠤ ᠰᠤᠷᠤᠯᠴᠠᠪᠠ︶      1991.01 — 1995.03 ᠡᠪ ᠬᠠᠮᠳᠤ ᠵᠠᠯᠠᠭᠤᠴᠤᠳ ᠤᠨ ᠡᠪᠯᠡᠯ ᠤᠨ ᠡᠾᠧᠪᠸᠢ ᠮᠤᠵᠢ ᠶᠢᠨ ᠬᠤᠷᠢᠶ᠎ᠠ ᠶᠢᠨ ᠱᠦᠵᠢ ᠪᠠᠶᠢᠪᠠ ︵ᠡᠨᠡᠬᠦ ᠬᠤᠭᠤᠴᠠᠭᠠᠨ ᠳᠤ᠄ 1992.08 — 1994.12 ᠲᠦᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠬᠤ ᠲᠡᠭᠡᠳᠤ ᠰᠤᠷᠭᠠᠭᠤᠯᠢ ᠶᠢᠨ ᠵᠢᠩᠬᠢᠨᠢ ᠠᠩᠬᠢ ᠶᠢᠨ ᠠᠵᠤ ᠠᠬᠤᠢ ᠶᠢᠨ ᠮᠡᠷᠭᠡᠵᠢᠯ ᠢᠶᠠᠷ ᠰᠤᠷᠤᠯᠴᠠᠪᠠ  ︔ 1993.09 — 1994.12 ᠲᠦᠪ ᠤᠨ ᠨᠠᠮ ᠤᠨ ᠰᠤᠷᠭᠠᠭᠤᠯᠢ ᠶᠢᠨ  ᠲᠤᠰᠬᠠᠢ ᠣᠷᠣᠨ ᠲᠢᠩᠬᠢᠮ ᠤᠨ ᠲᠡᠰ ᠤᠨ ᠺᠠᠳ᠋ᠷ ᠤᠨ  ᠡᠭᠡᠯᠵᠢᠯᠡᠨ ᠪᠤᠯᠪᠠᠰᠤᠷᠠᠭᠤᠯᠬᠤ ᠠᠩᠬᠢ ᠳᠤ ᠰᠤᠷᠤᠯᠴᠠᠪᠠ︶      1995.03 — 1998.09  ᠡᠾᠧᠪᠸᠢ ᠮᠤᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠪᠯᠡᠯ ᠤᠨ ᠲᠡᠳ᠋ ᠡᠷᠬᠢᠯᠡᠭᠴᠢ ᠪᠠᠶᠢᠪᠠ ︵1994.09 — 1997.01 ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ  ᠬᠡᠯᠳᠡᠰ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠮᠡᠷᠭᠡᠵᠢᠯ ᠢᠶᠠᠷ ᠰᠤᠷᠤᠯᠴᠠᠪᠠ︶      1998.09 — 2001.03 ᠡᠾᠧᠪᠸᠢ ᠮᠤᠵᠢ ᠶᠢᠨ ᠪᠤᠤ ᠳ᠋ᠢᠩ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠪᠠᠶᠢᠪᠠ  ︵1997.06 — 1999.10 ᠦᠬᠠᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠦᠮᠦᠨ ᠨᠡᠶᠢᠭᠡᠮ ᠤᠨ ᠰᠤᠶᠤᠯ ᠤᠨ ᠤᠬᠠᠭᠠᠨ ᠤ ᠲᠡᠭᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠨ ᠤᠬᠠᠭᠠᠨ ᠤ ᠮᠡᠷᠭᠡᠵᠢᠯ ᠢᠶᠠᠷ ᠠᠵᠢᠯ ᠳᠤ ᠪᠠᠶᠢᠭ᠎ᠠ ᠠᠰᠫᠢᠷᠠᠨᠲ ᠢᠶᠠᠷ ᠰᠤᠷᠤᠯᠴᠠᠵᠤ᠂ ᠬᠦᠨ ᠤᠬᠠᠭᠠᠨ ᠤ ᠮᠠᠭᠢᠰᠲ᠋ᠧᠷ ᠤᠨ ᠡᠷᠳᠡᠮ ᠤᠨ ᠴᠤᠯᠠ ᠬᠠᠮᠠᠭᠠᠯᠠᠪᠠ︶      2001.03 — 2002.03 ᠡᠾᠧᠪᠸᠢ ᠮᠤᠵᠢ ᠶᠢᠨ ᠵᠠᠰᠠᠭ ᠤᠨ ᠤᠷᠳᠤᠨ ᠤ ᠨᠡᠭᠡᠭᠡᠯᠲᠡ ᠬᠢᠬᠦ ᠠᠯᠪᠠᠨ ᠭᠡᠷ ᠤᠨ ᠡᠷᠬᠢᠯᠡᠭᠴᠢ ᠪᠠᠶᠢᠪᠠ      2002.02 — 2003.03 ᠡᠾᠧᠪᠸᠢ ᠮᠤᠵᠢ ᠶᠢᠨ ᠬᠠᠨ ᠳ᠋ᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ  ᠂ ᠬᠤᠳᠠ ᠶᠢᠨ ᠣᠷᠣᠯᠠᠭᠴᠢ ᠲᠠᠷᠤᠭ᠎ᠠ᠂ ᠬᠤᠳᠠ ᠶᠢᠨ ᠲᠠᠷᠤᠭ᠎ᠠ ᠪᠠᠶᠢᠪᠠ      2003.03 — 2004.03 ᠡᠾᠧᠪᠸᠢ ᠮᠤᠵᠢ ᠶᠢᠨ ᠬᠠᠨ ᠳ᠋ᠠᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ      2004.03 — 2008.05 ᠡᠾᠧᠪᠸᠢ ᠮᠤᠵᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠪᠦᠭᠡᠳ ᠮᠤᠵᠢ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ ᠪᠠᠶᠢᠪᠠ      2008.05 — ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ  ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠤᠢ ︵ᠡᠨᠡᠬᠦ ᠬᠤᠭᠤᠴᠠᠭᠠᠨ ᠳᠤ᠄ 2009.03 — 2009.05 ᠲᠦᠪ ᠤᠨ ᠨᠠᠮ ᠤᠨ ᠰᠤᠷᠭᠠᠭᠤᠯᠢ ᠶᠢᠨ ᠮᠤᠵᠢ ᠶᠠᠮᠤᠨ ᠤ ᠲᠡᠰ ᠤᠨ ᠮᠦᠩᠬᠦᠨ ᠬᠦᠢᠯᠭᠡᠭᠡᠨ ᠤ ᠬᠢᠮᠦᠷᠠᠯ ᠢ ᠠᠷᠭᠠᠴᠠᠬᠤ ᠲᠤᠰᠬᠠᠢ ᠰᠡᠳᠦᠪ ᠤᠨ ᠰᠤᠳᠤᠯᠭᠠᠨ ᠤ ᠠᠩᠬᠢ ᠳᠤ  ᠰᠤᠷᠤᠯᠴᠠᠪᠠ︔ 2010.10 — 2010.12 ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠰᠤᠳᠤᠯᠬᠤ ᠠᠩᠬᠢ ᠳᠤ ᠰᠤᠷᠤᠯᠴᠠᠪᠠ︶      ᠨᠠᠮ ᠤᠨ ᠠᠷᠪᠠᠨ ᠲᠦᠷᠪᠡ᠂ ᠠᠷᠪᠠᠨ ᠲᠤᠯᠤᠳᠤᠭᠠᠷ ᠶᠡᠭᠡ ᠬᠤᠷᠠᠯ ᠤᠨ ᠲᠦᠯᠦᠭᠡᠯᠡᠭᠴᠢ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ      ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠭᠡᠰᠢᠬᠦᠨ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号