ᠪᠠᠶᠢᠩᠭᠤ ᠶᠢᠨ ᠬᠡᠰᠢᠬᠦᠨ    ᠳ᠋ᠦ᠋ ᠽᠢ
ᠨᠡᠶᠢᠲᠡᠯᠡᠭᠰᠡᠨ ᠴᠠᠭ᠄
2015-01-13
                           ᠪᠠᠶᠢᠩᠭᠤ ᠶᠢᠨ ᠬᠡᠰᠢᠬᠦᠨ     ᠳ᠋ᠦ᠋ ᠽᠢᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄       ᠳ᠋ᠦ᠋ ᠽᠢ᠂ ᠡᠷᠡᠭᠳᠡᠢ᠂ ᠬᠢᠳᠡᠳ ᠦᠨᠳᠦᠰᠦᠳᠡᠨ᠂ 1955 ᠤᠨ ᠤ 6 ᠳ᠋ᠤᠭᠠᠷ ᠰᠠᠷ᠎ᠠ ᠳᠤ ᠲᠦᠷᠦᠵᠠᠢ᠂ ᠦᠪᠦᠷ ᠮᠤᠩᠭᠤᠯ ᠤᠨ ᠲᠤᠭᠳᠠᠬᠤ ᠶᠢᠨ ᠬᠦᠮᠦᠨ᠂ 1974 ᠤᠨ ᠤ 10 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ 1973 ᠤᠨ ᠤ 4 ᠳ᠋ᠣᠭᠡᠷ ᠰᠠᠷ᠎ᠠ ᠳᠤ ᠠᠵᠢᠯ ᠳᠤ ᠣᠷᠣᠯᠴᠠᠪᠠ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠳᠡᠳ ᠬᠡᠯᠡᠨ ᠤ ᠰᠠᠯᠪᠤᠷᠢ ᠶᠢᠨ ᠬᠢᠳᠡᠳ ᠬᠡᠯᠡᠨ ᠤ ᠲᠤᠰᠬᠠᠢ ᠮᠡᠷᠭᠡᠵᠢᠯ ᠢᠶᠠᠷ  ᠲᠡᠬᠦᠰᠪᠡ᠃      ᠤᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠤᠢ᠃      1973.04 — 1975.10 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠨᠭᠡᠷ ᠰᠢᠶᠠᠨ ᠤ ᠴᠤᠷᠵᠢ ᠠᠶᠢᠯ ᠶᠡᠭᠡ ᠪᠠᠷᠢᠭᠠᠳᠠ ᠳᠤ ᠪᠠᠭᠤᠭᠰᠠᠨ ᠰᠡᠭᠡᠭᠡᠳᠡᠨ ᠵᠠᠯᠠᠭᠤ ᠪᠠᠷ ᠪᠠᠶᠢᠪᠠ      1975.10 — 1978.08 ᠦᠪᠦᠷ ᠮᠤᠩᠭᠤᠯ ᠤᠨ ᠪᠠᠭᠰᠢ ᠶᠢᠨ ᠲᠡᠭᠡᠳᠤ ᠰᠤᠷᠭᠠᠭᠤᠯᠢ ᠶᠢᠨ ᠬᠢᠳᠡᠳ ᠬᠡᠯᠡᠨ ᠤ ᠰᠠᠯᠪᠤᠷᠢ ᠶᠢᠨ ᠬᠢᠳᠡᠳ ᠬᠡᠯᠡᠨ ᠤ ᠲᠤᠰᠬᠠᠢ ᠮᠡᠷᠭᠡᠵᠢᠯ ᠢᠶᠠᠷ ᠰᠤᠷᠤᠯᠴᠠᠪᠠ      1978.08 — 1980.03 ᠦᠪᠦᠷ ᠮᠤᠩᠭᠤᠯ ᠤᠨ ᠮᠤᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠭᠰᠢ ᠪᠠᠶᠢᠪᠠ      1980.03 — 1984.06 ᠦᠪᠦᠷ ᠮᠤᠩᠭᠤᠯ ᠤᠨ ᠨᠠᠮ ᠤᠨ ᠬᠦᠮᠦᠵᠢᠯ ᠰᠡᠳᠬᠦᠯ ᠤᠨ ᠬᠤᠷᠢᠶ᠎ᠠ ᠶᠢᠨ ᠬᠤᠳᠠ ᠶᠢᠨ ᠬᠡᠪᠯᠡᠯ ᠤᠨ ᠨᠠᠶᠢᠷᠠᠭᠤᠯᠬᠤ ᠲᠠᠰᠤᠭ ᠤᠨ ᠨᠠᠶᠢᠷᠠᠭᠤᠯᠤᠭᠴᠢ ᠪᠠᠶᠢᠪᠠ      1984.06 — 1989.12 ᠦᠪᠦᠷ ᠮᠤᠩᠭᠤᠯ ᠤᠨ ᠨᠠᠮ ᠤᠨ ᠬᠦᠮᠦᠵᠢᠯ ᠰᠡᠳᠬᠦᠯ ᠤᠨ ᠬᠤᠷᠢᠶ᠎ᠠ ᠶᠢᠨ ᠬᠤᠳᠠ ᠶᠢᠨ ᠬᠡᠪᠯᠡᠯ ᠤᠨ ᠨᠠᠶᠢᠷᠠᠭᠤᠯᠬᠤ ᠲᠠᠰᠤᠭ ᠤᠨ ᠲᠡᠳ᠋ ᠡᠷᠬᠢᠯᠡᠭᠴᠢ ᠪᠠᠶᠢᠪᠠ      1989.12 — 1991.04 ᠦᠪᠦᠷ ᠮᠤᠩᠭᠤᠯ ᠤᠨ ᠨᠠᠮ ᠤᠨ ᠬᠦᠮᠦᠵᠢᠯ ᠤᠨ ᠰᠡᠳᠬᠦᠯ ᠤᠨ ᠬᠤᠷᠢᠶ᠎ᠠ ᠶᠢᠨ ᠬᠤᠳᠠ ᠶᠢᠨ ᠬᠡᠪᠯᠡᠯ ᠤᠨ ᠨᠠᠶᠢᠷᠠᠭᠤᠯᠬᠤ ᠲᠠᠰᠤᠭ ᠤᠨ ᠡᠷᠬᠢᠯᠡᠭᠴᠢ ᠪᠠᠶᠢᠪᠠ      1991.04 — 1996.03 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠤᠬᠠᠭᠤᠯᠬᠤ ᠭᠠᠵᠠᠷ ᠤᠨ ᠲᠠᠷᠤᠭ᠎ᠠ ᠪᠠᠶᠢᠪᠠ      1996.03 — 1997.05 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ  ᠠᠯᠪᠠᠨ ᠭᠡᠷ ᠤᠨ ᠡᠷᠬᠢᠯᠡᠭᠴᠢ ᠪᠠᠶᠢᠪᠠ      1997.05 — 2001.09  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠡᠭᠡ ᠵᠤᠤ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠶᠢᠪᠠ      2001.09 — 2006.09 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠪᠠᠶᠢᠪᠠ      2006.09 — 2007.01 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠣᠷᠣᠯᠠᠭᠴᠢ ᠲᠠᠷᠤᠭ᠎ᠠ ᠪᠠᠶᠢᠪᠠ      2007.01 — 2008.11 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠪᠠᠶᠢᠪᠠ      2008.11 — 2008.12 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ      2008.12 — 2011.02 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠢᠪᠠ      2011.02 — 2011.10 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ      2011.10 —  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠤᠢ      ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号