ᠸᠠᠩ ᠵᠢᠶᠦ᠋ᠨ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠬᠠᠷᠢᠯᠴᠠᠬᠤ ᠴᠢᠭ᠋ — ᠳᠦᠷᠪᠡᠳ ᠬᠤᠰᠢᠭᠤᠨ ᠳᠤ | ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ | ᠶᠠᠳᠠᠭᠤ ᠶᠢ ᠲᠡᠳᠭᠦᠵᠤ ᠪᠤᠭᠤᠮᠲᠠ ᠰᠢᠪᠲᠤᠯᠬᠤ ᠪᠠ 《 ᠠᠷᠪᠠ ᠶᠢ ᠪᠦᠷᠭᠦᠭᠦᠯᠬᠦ》 ᠶᠢ | ᠬᠦᠨᠵᠡᠭᠡᠢ ᠠᠬᠢᠭᠤᠯᠵᠤ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠤᠯᠠᠨ ᠲᠦᠮᠡᠨ ᠤ ᠰᠡᠳᠬᠢᠯ ᠢ ᠳᠤᠯᠠᠭᠠᠴᠠᠭᠤᠯᠬᠤ | ᠬᠡᠷᠡᠭᠲᠠᠢ | ᠳᠦᠷᠪᠡᠳ ᠬᠤᠰᠢᠭᠤ ᠪᠤᠯ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ | ᠵᠢᠶᠦ᠋ᠨ ᠤ ᠬᠠᠪᠰᠤᠷᠤᠯᠴᠠᠭ᠎ᠠ ᠪᠠᠶᠢᠭᠤᠯᠤᠭᠰᠠᠨ ᠶᠠᠳᠠᠭᠤ ᠬᠦᠴᠢᠷ ᠲᠠᠢ ᠬᠤᠰᠢᠭᠤ ᠰᠢᠶᠠᠨ ᠢ ᠳᠠᠭᠠᠭᠠᠴᠢᠯᠠᠨ ᠲᠡᠳᠭᠦᠬᠦ | ᠬᠠᠷᠢᠯᠴᠠᠬᠤ ᠴᠢᠭ᠋ ᠪᠤᠯᠤᠨ᠎ᠠ᠃ 11 ᠰᠠᠷ᠎ᠠ ᠶᠢᠨ 12 ᠤᠨ ᠡᠳᠦᠷ᠂ ᠸᠠᠩ ᠵᠢᠶᠦ᠋ᠨ ᠳᠦᠷᠪᠡᠳ ᠬᠤᠰᠢᠭᠤᠨ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠤ᠂ ᠠᠶᠢᠯ ᠡᠷᠦᠭᠡ ᠪᠠᠷ ᠬᠦᠨᠵᠡᠭᠡᠶᠢᠷᠡᠨ ᠠᠷᠠᠳ ᠤᠨ ᠠᠮᠢᠳᠤᠷᠠᠯ ᠠᠷᠠᠳ ᠤᠨ | ᠰᠠᠨᠠᠭ᠎ᠠ ᠶᠢ ᠤᠶᠢᠯᠠᠭᠠᠭᠰᠠᠨ ᠪᠦᠭᠡᠳ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠳᠦᠷᠪᠡᠳ ᠬᠤᠰᠢᠭᠤᠨ ᠤ | ᠶᠠᠳᠠᠭᠤ ᠶᠢ ᠲᠡᠳᠭᠦᠵᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠳ᠋ᠦᠡᠭᠨᠡᠵᠤ᠂ ᠳᠠᠷᠠᠭᠠᠴᠢ ᠶᠢᠨ | ᠠᠯᠬᠤᠮ ᠤᠨ ᠪᠦᠬᠦᠯᠢ ᠴᠤᠭᠴᠠ ᠪᠠᠷ ᠨᠢ ᠶᠠᠳᠠᠭᠤ ᠠᠴᠠ ᠠᠩᠬᠢᠵᠢᠷᠠᠭᠤᠯᠬᠤ ᠰᠡᠳᠬᠢᠴᠡ ᠠᠷᠭ᠎ᠠ ᠬᠡᠮᠵᠢᠶ᠎ᠡ ᠶᠢ | ᠰᠤᠳᠤᠯᠪᠠ᠃ ᠸᠠᠩ ᠵᠢᠶᠦ᠋ᠨ᠂ ᠬᠦᠨ ᠵᠤᠵᠠᠭᠠᠨ ᠬᠠᠯᠠᠭᠤᠨ ᠰᠡᠳᠬᠢᠯᠭᠡ ᠲᠠᠢ ᠪᠠᠷ ᠠᠷᠠᠳ ᠤᠯᠠᠨ ᠢ ᠪᠤᠳᠤᠵᠤ᠂ | ᠶᠠᠳᠠᠭᠤ ᠶᠢ ᠲᠡᠳᠭᠦᠵᠤ ᠪᠤᠭᠤᠮᠲᠠ ᠰᠢᠪᠲᠤᠯᠬᠤ ᠠᠵᠢᠯ ᠢ ᠬᠦᠨᠵᠡᠭᠡᠢ ᠠᠬᠢᠭᠤᠯᠤᠨ᠂ ᠮᠠᠯᠵᠢᠬᠤ ᠲᠠᠷᠢᠶᠠᠯᠠᠬᠤ | ᠤᠷᠤᠨ ᠤ《 ᠠᠷᠪᠠ ᠶᠢ ᠪᠦᠷᠬᠦᠭᠦᠯᠬᠦ》 ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠤ᠂ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠳᠤᠮᠳᠠᠬᠢ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠨ᠂ ᠶᠠᠳᠠᠭᠤ ᠬᠦᠴᠢᠷ ᠲᠠᠢ | ᠤᠯᠠᠨ ᠲᠦᠮᠡᠨ ᠢ ᠬᠠᠪᠰᠤᠷᠤᠨ ᠡᠷᠲᠡᠭᠡᠨ ᠶᠠᠳᠠᠭᠤ ᠠᠴᠠ ᠠᠩᠬᠢᠵᠢᠷᠠᠭᠤᠯᠵᠤ᠂ ᠨᠠᠮ ᠪᠤᠯᠤᠨ ᠵᠠᠰᠠᠭ ᠤᠨ ᠬᠠᠶᠢᠷ᠎ᠠ | ᠬᠠᠯᠠᠮᠵᠢ ᠪᠠᠷ ᠤᠯᠠᠨ ᠲᠦᠮᠡᠨ ᠤ ᠰᠡᠳᠬᠢᠯ ᠢ ᠳᠤᠯᠠᠭᠠᠴᠠᠭᠤᠯᠬᠤ ᠬᠡᠷᠡᠭᠲᠠᠢ ᠬᠡᠵᠤ ᠴᠢᠬᠤᠯᠠᠴᠢᠯᠠᠪᠠ᠃ | ᠸᠠᠩ ᠵᠢᠶᠦ᠋ᠨ ᠶᠠᠳᠠᠭᠤ ᠬᠦᠴᠢᠷ ᠲᠠᠢ ᠬᠤᠰᠢᠭᠤ ᠰᠢᠶᠠᠨ ᠤ ᠶᠠᠳᠠᠭᠤ ᠶᠢ ᠲᠡᠳᠭᠦᠵᠤ ᠨᠡᠭᠡᠭᠡᠨ | ᠬᠦᠭᠵᠢᠭᠦᠯᠬᠦ ᠠᠵᠢᠯ ᠢ ᠲᠤᠶᠢᠯ ᠢᠶᠠᠷ ᠴᠢᠬᠤᠯᠠᠴᠢᠯᠠᠨ ᠦᠵᠡᠭᠰᠡᠭᠡᠷ ᠢᠷᠡᠪᠡ᠃ 2012 ᠤᠨ ᠤ 12 ᠰᠠᠷ᠎ᠠ ᠳᠤ᠂ | ᠲᠡᠷᠡ ᠦᠪᠦᠷ ᠮᠤᠩᠭᠤᠯ ᠳᠤ ᠢᠷᠡᠵᠤ ᠠᠵᠢᠯᠯᠠᠭᠰᠠᠨ ᠤ ᠳᠠᠷᠠᠭ᠎ᠠ ᠬᠦᠳᠡᠭᠡ ᠪᠠᠭᠤᠵᠤ ᠪᠠᠶᠢᠴᠠᠭᠠᠨ ᠰᠤᠳᠤᠯᠤᠯᠲᠠ ᠬᠢᠬᠦ | ᠠᠩᠬᠠᠨ ᠤ ᠦᠷᠲᠡᠭᠡ ᠪᠠᠨ ᠤᠯᠤᠰ ᠤᠨ ᠳᠡᠰ ᠤᠨ ᠶᠠᠳᠠᠭᠤ ᠶᠢ ᠲᠡᠳᠭᠦᠬᠦ ᠭᠤᠤᠯᠳᠠᠯᠭ᠎ᠠ ᠲᠠᠢ ᠰᠢᠶᠠᠨ — ᠳᠦᠷᠪᠡᠳ | ᠬᠤᠰᠢᠭᠤ ᠶᠢ ᠰᠤᠩᠭᠤᠭᠰᠠᠨ ᠪᠠᠶᠢᠨ᠎ᠠ᠃ 2013 ᠤᠨ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠮᠤᠵᠢ ᠶᠢᠨ ᠳᠡᠰ ᠤᠨ ᠤᠳᠤᠷᠢᠳᠬᠤ ᠺᠠᠲᠠᠷ ᠶᠠᠳᠠᠭᠤ ᠬᠦᠴᠢᠷ ᠲᠠᠢ ᠬᠤᠰᠢᠭᠤ ᠰᠢᠶᠠᠨ ᠢ ᠬᠠᠷᠢᠯᠴᠠᠵᠤ ᠳᠠᠭᠠᠭᠠᠴᠢᠯᠠᠨ | ᠲᠡᠳᠭᠦᠬᠦ ᠠᠵᠢᠯ ᠦᠷᠨᠢᠭᠦᠯᠬᠦ ᠪᠠᠷ ᠲᠤᠭᠲᠠᠬᠤ ᠦᠶ᠎ᠡ ᠳᠤ᠂ ᠸᠠᠩ ᠵᠢᠶᠦ᠋ᠨ ᠪᠠᠰᠠ ᠳᠦᠷᠪᠡᠳ ᠬᠤᠰᠢᠭᠤ ᠶᠢ | ᠦᠪᠡᠷ ᠤᠨ ᠢᠶᠠᠨ ᠶᠠᠳᠠᠭᠤ ᠶᠢ ᠲᠡᠳᠭᠦᠬᠦ ᠬᠠᠷᠢᠯᠴᠠᠬᠤ ᠴᠢᠭ᠋ ᠪᠤᠯᠭᠠᠬᠤ ᠪᠠᠷ ᠲᠤᠭᠲᠠᠵᠤ᠂ ᠳᠠᠷᠤᠶᠢᠬᠠᠨ ᠬᠦᠷᠴᠦ | ᠪᠠᠶᠢᠴᠠᠭᠠᠨ ᠵᠢᠯᠤᠭᠤᠳᠤᠭᠰᠠᠨ ᠪᠦᠭᠡᠳ ᠠᠳᠡᠬᠢ ᠬᠦᠭᠵᠢᠯᠲᠠ ᠳᠤ ᠪᠤᠳᠠᠲᠠᠢ ᠰᠤᠳᠤᠯᠭᠠᠨ ᠬᠢᠵᠤ ᠴᠢᠬᠤᠯᠠ ᠵᠢᠭᠠᠪᠤᠷᠢ | ᠦᠭᠭᠦᠭᠰᠡᠨ ᠪᠠᠶᠢᠨ᠎ᠠ᠃ ᠨᠢᠭᠡ ᠵᠢᠯ ᠤᠨ ᠲᠤᠷᠰᠢ᠂ ᠸᠠᠩ ᠵᠢᠶᠦ᠋ᠨ ᠤᠯᠠᠨ ᠵᠦᠢᠯ ᠤᠨ ᠠᠷᠭ᠎ᠠ ᠪᠠᠷ ᠶᠠᠳᠠᠭᠤ ᠶᠢ | ᠲᠡᠳᠭᠦᠵᠤ ᠨᠡᠭᠡᠭᠡᠨ ᠬᠦᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠤᠶᠢᠯᠠᠭᠠᠵᠤ᠂ ᠠᠳᠡᠬᠢ ᠡᠯ᠎ᠡ ᠵᠦᠢᠯ ᠤᠨ | ᠠᠵᠢᠯ ᠢ ᠵᠢᠯᠤᠭᠤᠳᠤᠨ ᠳᠡᠮᠵᠢᠪᠡ᠃ ᠳᠦᠷᠪᠡᠳ ᠬᠤᠰᠢᠭᠤᠨ ᠤ ᠬᠢᠨ ᠸᠠᠩ ᠵᠢᠶᠦ᠋ᠨ ᠱᠦᠵᠢ ᠶᠢᠨ《 ᠭᠤᠤᠯᠳᠠᠯᠭ᠎ᠠ | ᠲᠠᠢ ᠡᠭᠦᠷᠭᠡ ᠶᠢ ᠲᠤᠲᠤᠷᠬᠠᠶᠢᠯᠠᠬᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠴᠢᠩᠭ᠎ᠠ | ᠠᠳᠬᠤᠨ ᠨᠠᠶᠢᠳᠠᠪᠤᠷᠢᠵᠢᠭᠤᠯᠬᠤ᠂〈 ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠲᠤᠯᠠᠬᠤ〉 ᠶᠠᠳᠠᠭᠤ ᠠᠴᠠ | ᠠᠩᠬᠢᠵᠢᠷᠠᠭᠤᠯᠬᠤ ᠬᠠᠷᠠᠯᠲᠠ ᠶᠢ ᠤᠷᠢᠳᠴᠢᠯᠠᠨ ᠪᠡᠶᠡᠯᠡᠬᠦᠯᠬᠦ》 ᠵᠢᠭᠠᠪᠤᠷᠢ ᠶᠢᠨ ᠱᠠᠭᠠᠷᠳᠠᠯᠭ᠎ᠠ ᠶᠤᠰᠤᠭᠠᠷ᠂ | ᠰᠡᠳᠬᠢᠴᠡ ᠪᠠᠨ ᠰᠢᠯᠤᠭᠤᠳᠬᠠᠨ᠂ ᠲᠦᠯᠦᠪᠵᠢᠭᠦᠯᠬᠡ ᠲᠤᠭᠲᠠᠭᠠᠵᠤ᠂ ᠪᠡᠯᠡ ᠮᠦᠡᠭᠭᠦ ᠴᠤᠭᠯᠠᠭᠤᠯᠵᠤ᠂ ᠺᠠᠲᠠᠷ | ᠲᠤᠮᠢᠯᠠᠨ᠂《 ᠲᠤᠰᠬᠤᠨ ᠳᠤ ᠭᠤᠷᠪᠠ ᠤᠳᠠᠭ᠎ᠠ ᠬᠦᠷᠴᠦ ᠡᠷᠦᠬᠡ ᠳᠤ ᠭᠤᠷᠪᠠ ᠤᠳᠠᠭ᠎ᠠ ᠤᠷᠤᠵᠤ》 ᠶᠠᠳᠠᠭᠤ ᠶᠢ | ᠲᠡᠳᠭᠦᠬᠦ ᠶᠢ ᠬᠦᠴᠦᠲᠠᠢ ᠠᠬᠢᠭᠤᠯᠵᠤ᠂ ᠰᠠᠭᠤᠷᠢ ᠲᠦᠬᠦᠭᠡᠷᠤᠮᠵᠢ᠂ ᠦᠢᠯᠡᠳᠪᠦᠷᠢᠯᠡᠯ ᠤᠨ ᠨᠦᠬᠦᠴᠡᠯ᠂ | ᠰᠠᠭᠤᠷᠢᠰᠢᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠵᠡᠷᠭᠡ ᠭᠤᠤᠯ ᠡᠭᠦᠷᠭᠡ ᠪᠤᠯᠭᠠᠭᠰᠠᠨ ᠶᠠᠳᠠᠭᠤ ᠶᠢ | ᠲᠡᠳᠭᠦᠵᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠲᠤᠷ ᠬᠢᠵᠤ᠂ ᠢᠯᠡᠳᠲᠡ ᠦᠷ᠎ᠡ | ᠪᠦᠲᠦᠮᠵᠢ ᠤᠯᠵᠤ᠂ ᠪᠦᠬᠦ ᠬᠤᠰᠢᠭᠤᠨ ᠤ 2.4 ᠲᠦᠮᠡ ᠭᠠᠷᠤᠢ ᠬᠦᠮᠦᠨ ᠢ ᠶᠠᠳᠠᠭᠤ ᠠᠴᠠ ᠠᠩᠬᠢᠵᠢᠷᠠᠭᠤᠯᠤᠭᠰᠠᠨ | ᠪᠠᠶᠢᠨ᠎ᠠ᠃ | ᠪᠠᠶᠢᠴᠠᠭᠠᠨ ᠰᠤᠳᠤᠯᠤᠯᠲᠠ ᠬᠢᠭᠰᠡᠨ ᠬᠤᠭᠤᠴᠠᠭᠠᠨ ᠳᠠᠭᠠᠨ᠂ ᠸᠠᠩ ᠵᠢᠶᠦ᠋ᠨ ᠵᠡᠬᠦᠨ ᠨᠠᠢᠮᠠᠳᠤᠭᠠᠷ | ᠰᠢᠶᠠᠩ ᠤᠨ ᠵᠠᠰᠠᠭ ᠤᠨ ᠤᠷᠳᠤᠨ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ | ᠪᠤᠯᠤᠨ ᠳᠦᠷᠪᠡᠳ ᠬᠤᠰᠢᠭᠤᠨ ᠤ ᠶᠠᠳᠠᠭᠤ ᠶᠢ ᠲᠡᠳᠭᠦᠬᠦ ᠪᠤᠭᠤᠮᠲᠠ ᠰᠢᠪᠲᠤᠯᠬᠤ ᠪᠠ《 ᠠᠷᠪᠠ ᠶᠢ | ᠪᠦᠷᠬᠦᠬᠦᠯᠬᠦ》 ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠸᠠᠩ | ᠵᠢᠶᠦ᠋ᠨ ᠱᠠᠭᠠᠷᠳᠠᠭᠰᠠᠨ ᠨᠢ᠂ ᠤᠯᠠᠭᠠᠨᠴᠠᠪ ᠬᠤᠲᠠ ᠪᠤᠯᠤᠨ ᠳᠦᠷᠪᠡᠳ ᠬᠤᠰᠢᠭᠤ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠨᠠᠶᠢᠳᠠᠪᠤᠷᠢᠵᠢᠭᠤᠯᠬᠤ ᠶᠢ ᠬᠦᠴᠦᠲᠠᠢ | ᠠᠳᠬᠤᠵᠤ᠂ ᠶᠠᠳᠠᠭᠤ ᠶᠢ ᠲᠡᠳᠭᠦᠵᠤ ᠪᠤᠭᠤᠮᠲᠠ ᠰᠢᠪᠲᠤᠯᠬᠤ ᠪᠠ ᠮᠠᠯᠵᠢᠬᠤ ᠲᠠᠷᠢᠶᠠᠯᠠᠬᠤ ᠤᠷᠤᠨ ᠤ《 ᠠᠷᠪᠠ ᠶᠢ | ᠪᠦᠷᠬᠦᠭᠦᠯᠬᠦ》 ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠶᠠᠩ ᠲᠤᠰᠬᠤᠨ ᠤ ᠵᠠᠰᠠᠮᠠᠯ ᠵᠠᠮ᠂ | ᠲᠠᠷᠢᠶᠠᠯᠠᠩ ᠤᠨ ᠤᠰᠤᠨ ᠠᠰᠢᠭᠯᠠᠯᠲᠠ ᠵᠡᠷᠭᠡ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ ᠠᠬᠢᠭᠤᠯᠵᠤ᠂ ᠤᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠤ᠂ ᠲᠠᠯ᠎ᠠ | ᠨᠤᠲᠤᠭ ᠤᠨ ᠠᠮᠢ ᠠᠬᠤᠢ ᠶᠢ ᠰᠡᠷᠬᠦᠭᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠨ᠂ ᠲᠤᠰᠬᠤᠨ ᠤ | ᠳᠡᠰ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠦᠨᠡᠨᠬᠦ ᠴᠢᠩᠭᠠᠳᠬᠠᠨ᠂ ᠯᠠᠪᠳᠠᠭᠤᠨ ᠪᠠᠳᠤᠲᠠᠢ | ᠠᠵᠢᠯᠯᠠᠬᠤ ᠪᠠᠷ ᠳᠠᠮᠵᠢᠭᠤᠯᠵᠤ᠂ ᠠᠷᠠᠳ ᠤᠯᠠᠨ ᠢ ᠠᠯᠢ ᠲᠦᠷᠭᠡᠨ ᠢᠶᠠᠷ ᠴᠢᠨᠡᠭᠡᠯᠢᠭᠵᠢᠭᠦᠯᠵᠤ᠂ ᠡᠷᠲᠡ ᠡᠳᠦᠷ ᠵᠤᠯ | ᠵᠢᠷᠭᠠᠯᠲᠤ ᠠᠮᠢᠳᠤᠷᠠᠯ ᠡᠳ᠋ᠯᠡᠬᠦᠯᠬᠦ ᠬᠡᠷᠡᠭᠲᠠᠢ ᠬᠡᠪᠡ᠃ ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠦᠪᠡᠷᠲᠡᠭᠡᠨ | ᠵᠠᠰᠠᠬᠤ ᠤᠷᠤᠨ ᠤ ᠭᠤᠷᠪᠠᠨ ᠱᠠᠲᠤᠨ ᠤ ᠤᠳᠤᠷᠢᠳᠬᠤ ᠺᠠᠲᠠᠷ ᠶᠠᠳᠠᠭᠤ ᠶᠢ ᠲᠡᠳᠭᠦᠬᠦ ᠴᠢᠭ᠋ ᠢ ᠳᠠᠭᠠᠭᠠᠴᠢᠯᠠᠨ | ᠲᠡᠳᠭᠦᠭᠰᠡᠨ ᠠᠴᠠ ᠨᠠᠰᠢ᠂ ᠮᠤᠵᠢ ᠶᠢᠨ ᠳᠡᠰ ᠤᠨ ᠤᠳᠤᠷᠢᠳᠬᠤ ᠨᠦᠭᠦᠳ ᠦᠷᠭᠦᠯᠵᠢ ᠶᠠᠳᠠᠭᠤ ᠶᠢ ᠲᠡᠳᠭᠦᠬᠦ ᠴᠢᠭ᠋ | ᠲᠡᠭᠡᠨ ᠬᠦᠷᠴᠤ ᠠᠷᠭ᠎ᠠ ᠤᠬᠠᠭᠠᠨ ᠭᠠᠷᠭᠠᠨ ᠦᠭᠴᠤ᠂ ᠪᠡᠶ᠎ᠡ ᠪᠠᠷ ᠢᠶᠠᠨ ᠠᠬᠢᠭᠤᠯᠤᠨ᠂ ᠡᠯ᠎ᠡ ᠰᠠᠯᠠᠭ᠎ᠠ ᠮᠦᠴᠢᠷ ᠤᠨ | ᠬᠢᠨ ᠨᠠᠷᠢᠨ ᠬᠢᠨᠠᠮᠠᠭᠠᠢ ᠬᠠᠷᠢᠭᠤᠴᠠᠵᠤ ᠶᠡᠬᠡᠪᠡᠷ ᠳᠡᠮᠵᠢᠵᠤ᠂ ᠠᠶᠢᠮᠠᠭ ᠬᠤᠲᠠ᠂ ᠬᠤᠰᠢᠭᠤ ᠰᠢᠶᠠᠨ ᠪᠤᠯᠤᠨ ᠰᠢᠶᠠᠩ | ᠲᠤᠰᠬᠤᠨ ᠡᠯ᠎ᠡ ᠱᠠᠲᠤ ᠪᠠᠷ ᠢᠶᠠᠨ ᠢᠳᠡᠪᠬᠢᠲᠠᠢ ᠪᠦᠭᠡᠳ ᠰᠠᠨᠠᠭᠠᠴᠢᠯᠠᠭ᠎ᠠ ᠲᠠᠢ ᠪᠠᠷ ᠬᠦᠴᠢᠷ ᠢ ᠲᠤᠭᠤᠯᠵᠤ ᠪᠡᠷᠬᠡ ᠶᠢ | ᠳᠠᠪᠠᠨ᠂ ᠪᠦᠬᠦ ᠤᠷᠤᠨ ᠤ ᠶᠠᠳᠠᠭᠤ ᠶᠢ ᠲᠡᠳᠭᠦᠵᠤ ᠪᠤᠭᠤᠮᠲᠠ ᠰᠢᠪᠲᠤᠯᠬᠤ ᠠᠵᠢᠯ ᠤᠨ ᠮᠡᠳᠡᠭᠳᠡᠮ᠎ᠡ ᠠᠮᠵᠢᠯᠲᠠ | ᠤᠯᠬᠤ ᠶᠢ ᠠᠬᠢᠭᠤᠯᠵᠠᠢ᠃ ᠪᠦᠬᠦ ᠤᠷᠤᠨ ᠤ ᠡᠯ᠎ᠡ ᠱᠠᠲᠤ ᠡᠯ᠎ᠡ ᠰᠠᠯᠠᠭ᠎ᠠ ᠮᠦᠴᠢᠷ ᠶᠠᠳᠠᠭᠤ ᠬᠦᠴᠢᠷ ᠲᠠᠢ ᠭᠠᠵᠠᠷ | ᠤᠷᠤᠨ ᠤ ᠬᠦᠭᠵᠢᠯᠲᠠ ᠶᠢ ᠦᠷᠭᠦᠯᠵᠢᠯᠡᠨ ᠶᠡᠬᠡᠪᠡᠷ ᠳᠡᠮᠵᠢᠵᠤ᠂ ᠳᠡᠭᠡᠷ᠎ᠡ ᠳᠤᠤᠷ᠎ᠠ ᠱᠠᠲᠤ ᠪᠠᠷ ᠢᠶᠠᠨ ᠰᠡᠳᠬᠢᠯ | ᠨᠢᠭᠡᠳᠤᠨ᠂ ᠤᠯᠠᠨ ᠲᠠᠯ᠎ᠠ ᠪᠠᠷ ᠬᠠᠮᠵᠢᠯᠴᠠᠵᠤ᠂ ᠶᠠᠳᠠᠭᠤ ᠬᠦᠴᠢᠷ ᠲᠠᠢ ᠭᠠᠵᠠᠷ ᠤᠷᠤᠨ ᠤ ᠬᠦᠭᠵᠢᠯᠲᠠ ᠪᠠᠨ | ᠲᠦᠷᠭᠡᠳᠭᠡᠬᠦ ᠶᠢ ᠠᠬᠢᠭᠤᠯᠵᠤ᠂ ᠶᠠᠳᠠᠭᠤ ᠬᠦᠴᠢᠷ ᠲᠠᠢ ᠤᠯᠠᠨ ᠲᠦᠮᠠᠨ ᠤ ᠦᠢᠯᠡᠳᠪᠦᠷᠢᠯᠡᠯ ᠠᠮᠢᠳᠤᠷᠠᠯ ᠤᠨ | ᠬᠦᠴᠢᠷᠳᠡᠯ ᠢ ᠨᠢ ᠰᠢᠢᠳᠪᠦᠷᠢᠯᠡᠨ ᠦᠭᠴᠤ᠂ 2017 ᠤᠨ ᠪᠤᠯᠬᠤ ᠳᠤ ᠶᠠᠳᠠᠭᠤ ᠬᠦᠴᠢᠷ ᠲᠠᠢ ᠤᠯᠠᠨ ᠲᠦᠮᠡᠨ ᠢ | ᠪᠦᠬᠦᠨ ᠢ ᠶᠠᠳᠠᠭᠤ ᠠᠴᠠ ᠨᠢ ᠠᠩᠬᠢᠵᠢᠷᠠᠭᠤᠯᠵᠤ᠂ ᠶᠠᠳᠠᠭᠤ ᠬᠦᠴᠢᠷ ᠲᠠᠢ ᠭᠠᠵᠠᠷ ᠤᠷᠤᠨ ᠤ ᠡᠯ᠎ᠡ ᠵᠦᠢᠯ ᠤᠨ | ᠠᠵᠢᠯ ᠢ ᠰᠢᠨ᠎ᠡ ᠳᠡᠭᠲᠡᠷ ᠲᠤ ᠭᠠᠷᠭᠠᠨ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ | ᠪᠤᠯᠬᠤ ᠳᠤ ᠬᠦᠨᠳᠤ ᠪᠡᠯᠡᠭ ᠪᠤᠯᠭᠠᠨ ᠡᠷᠭᠦᠬᠦ ᠬᠡᠷᠡᠭᠲᠠᠢ ᠬᠡᠵᠠᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠠᠷᠢᠨ | ᠪᠢᠴᠢᠭ ᠤᠨ ᠳᠠᠷᠤᠭ᠎ᠠ ᠹᠦ᠋ ᠲᠠᠢ ᠽᠸᠡᠭ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠳᠡᠳ᠋ ᠲᠡᠷᠢᠭᠦᠯᠡᠭᠴᠢ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠶᠠᠩ ᠲᠢᠶᠧ ᠴᠸᠡᠭ᠂ | ᠦᠪᠡᠷᠲᠡᠭᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷ᠎ᠠ ᠪᠤᠯᠵᠤ | ᠪᠠᠶᠢᠴᠠᠭᠠᠨ ᠰᠤᠳᠤᠯᠤᠯᠲᠠ ᠬᠢᠵᠠᠢ᠃ |