ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠯᠲᠠᠢ ᠪᠠᠶᠢᠷᠢᠯᠠᠭᠤᠯᠤᠯᠲᠠ ᠪᠤᠯᠤᠨ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠲᠤᠬᠢᠷᠠᠭᠤᠯᠭ᠎ᠠ ᠶᠢ ᠦᠨᠳᠦᠰᠦᠯᠡᠨ᠂ ᠤᠶᠢᠷ᠎ᠠ ᠶᠢᠨ ᠡᠳᠦᠷ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ 6 ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰ ᠲᠤᠰ ᠦᠪᠡᠷᠲᠡᠭᠡᠨ ᠵᠠᠰᠠᠬᠤ | ᠤᠷᠤᠨ ᠤ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ᠂ ᠦᠪᠦᠷ ᠮᠤᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ | ᠪᠦᠯᠦᠭᠯᠡᠯ ᠬᠢᠵᠠᠭᠠᠷᠲᠤ ᠺᠤᠮᠫᠠᠨᠢ᠂ ᠦᠪᠦᠷ ᠮᠤᠩᠭᠤᠯ ᠤᠨ ᠳᠡᠭᠡᠲᠤ ᠳᠡᠰ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠨᠡᠭᠡᠭᠡᠨ ᠬᠦᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠳᠤ ᠤᠷᠤᠵᠤ ᠰᠠᠭᠤᠭᠠᠳ 1 ᠰᠠᠷ᠎ᠠ ᠶᠢᠨ | ᠬᠤᠭᠤᠴᠠᠭ᠎ᠠ ᠲᠠᠢ ᠲᠤᠰᠬᠠᠢ ᠲᠤᠭᠤᠷᠢᠨ ᠪᠠᠶᠢᠴᠠᠭᠠᠬᠤ ᠠᠵᠢᠯ ᠦᠷᠨᠢᠭᠦᠯᠬᠦ ᠪᠤᠯᠤᠨ᠎ᠠ᠃ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ 2015 ᠤᠨ ᠤ ᠲᠦᠷᠦᠭᠦᠦ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ | ᠪᠦᠬᠦ ᠲᠠᠯ᠎ᠠ ᠪᠠᠷ ᠡᠬᠢᠯᠡᠪᠡ᠃ | ᠤᠷᠤᠵᠤ ᠰᠠᠭᠤᠭᠰᠠᠨ ᠤ ᠳᠠᠷᠠᠭ᠎ᠠ ᠡᠯ᠎ᠡ ᠲᠤᠰᠬᠠᠢ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ | ᠲᠤᠭᠤᠷᠢᠨ ᠪᠠᠶᠢᠴᠠᠭᠠᠭᠳᠠᠬᠤ ᠨᠢᠭᠡᠴᠡ ᠳᠤ ᠲᠤᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠢᠵᠤ᠂ ᠲᠤᠰ | ᠤᠳᠠᠭ᠎ᠠ ᠶᠢᠨ ᠲᠤᠰᠬᠠᠢ ᠲᠤᠭᠤᠷᠢᠨ ᠪᠠᠶᠢᠴᠠᠭᠠᠬᠤ ᠭᠤᠤᠯ ᠡᠭᠦᠷᠭᠡ ᠪᠤᠯᠤᠨ ᠠᠵᠢᠯ ᠤᠨ ᠲᠤᠬᠢᠷᠠᠭᠤᠯᠤᠯᠲᠠ ᠶᠢ ᠵᠠᠷᠯᠠᠨ | ᠮᠡᠳᠡᠭᠳᠡᠵᠠᠢ᠃ ᠲᠤᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠱᠦᠵᠢ ᠨᠠᠷ᠂ ᠦᠨᠡᠨ ᠢ ᠪᠠᠷᠢᠮᠲᠠᠯᠠᠨ᠂ ᠪᠤᠰᠤᠳᠴᠢ ᠲᠦᠪ ᠭᠤᠤᠯᠴᠢ ᠪᠠᠷ ᠲᠤᠭᠤᠷᠢᠨ | ᠪᠠᠶᠢᠴᠠᠭᠠᠬᠤ ᠳᠤᠭᠤᠶᠢᠯᠠᠩ ᠳᠤ ᠪᠠᠶᠢᠳᠠᠯ ᠪᠤᠯᠤᠨ ᠠᠰᠠᠭᠤᠳᠠᠯ ᠢᠶᠠᠨ ᠲᠤᠰᠬᠠᠵᠤ᠂ ᠲᠤᠭᠤᠷᠢᠨ ᠪᠠᠶᠢᠴᠠᠭᠠᠬᠤ | ᠳᠤᠭᠤᠶᠢᠯᠠᠩ ᠤᠨ ᠠᠵᠢᠯ ᠢᠶᠠᠨ ᠦᠷᠨᠢᠭᠦᠯᠬᠦ ᠶᠢ ᠪᠦᠬᠦ ᠬᠦᠴᠦ ᠪᠠᠷ ᠢᠶᠠᠨ ᠳᠡᠮᠵᠢᠵᠤ᠂ ᠲᠤᠭᠤᠷᠢᠨ ᠪᠠᠶᠢᠴᠠᠭᠠᠵᠤ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ᠂ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ︔ ᠲᠤᠰ ᠤᠳᠠᠭ᠎ᠠ ᠶᠢᠨ | ᠲᠤᠰᠬᠠᠢ ᠲᠤᠭᠤᠷᠢᠨ ᠪᠠᠶᠢᠴᠠᠭᠠᠬᠤ ᠪᠠᠷ ᠠᠨᠢᠰᠤ ᠪᠤᠯᠭᠠᠨ᠂《 ᠬᠤᠶᠠᠷ ᠬᠠᠷᠢᠭᠤᠴᠠᠯᠭ᠎ᠠ》 ᠶᠢ ᠲᠦᠷᠦᠭᠦᠯᠡᠨ | ᠬᠦᠢᠴᠡᠳᠭᠡᠵᠤ᠂ ᠨᠡᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠠᠯ ᠢ ᠡᠰᠡᠷᠭᠦᠴᠡᠬᠦ ᠠᠵᠢᠯ ᠢ | ᠠᠬᠢᠭᠤᠯᠤᠨ᠎ᠠ ᠬᠡᠵᠤ ᠰᠠᠨᠠᠯ ᠨᠢᠭᠡᠲᠠᠢ ᠢᠯᠡᠳᠭᠡᠪᠡ᠃ | ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠡᠯ᠎ᠡ ᠲᠤᠰᠬᠠᠢ ᠲᠤᠭᠤᠷᠢᠨ ᠪᠠᠶᠢᠴᠠᠭᠠᠬᠤ ᠳᠤᠭᠤᠶᠢᠯᠠᠩ | ᠬᠠᠷᠢᠭᠤ ᠮᠡᠳᠡᠭᠦᠯᠦᠯᠲᠡ ᠶᠢ ᠰᠤᠨᠤᠰᠬᠤ᠂ ᠠᠰ ᠲᠤᠨᠢ ᠶᠠᠷᠢᠯᠴᠠᠬᠤ᠂ ᠮᠡᠲ᠋ᠧᠷᠢᠶᠠᠯ ᠢ ᠪᠠᠶᠢᠴᠠᠭᠠᠨ ᠦᠵᠡᠬᠦ᠂ | ᠬᠤᠷᠠᠯ ᠳᠤ ᠰᠤᠯᠠ ᠤᠷᠤᠯᠴᠠᠬᠤ᠂ ᠢᠷᠡᠭᠦᠯᠦᠭᠰᠡᠨ ᠤᠲᠠᠰᠤ ᠢᠷᠡᠭᠦᠯᠦᠭᠰᠡᠨ ᠵᠠᠬᠢᠲᠠᠯ ᠰᠤᠷᠪᠤᠯᠵᠢᠯᠠᠭ᠎ᠠ ᠶᠢ ᠬᠦᠯᠢᠶᠡᠨ | ᠠᠪᠴᠤ ᠰᠢᠢᠳᠪᠦᠷᠢᠯᠡᠬᠦ᠂ ᠤᠳᠤᠷᠢᠳᠬᠤ ᠺᠠᠳ᠋ᠷ ᠤᠨ ᠮᠡᠳᠡᠭᠦᠯᠦᠭᠰᠡᠨ ᠬᠤᠪᠢ ᠬᠦᠮᠦᠨ ᠤ ᠬᠤᠯᠪᠤᠭᠳᠠᠯ ᠪᠦᠬᠦᠢ ᠤᠴᠢᠷ | ᠶᠠᠪᠤᠳᠠᠯ ᠢ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢ ᠠᠮᠢᠳᠤᠯᠢᠭ ᠬᠡᠷᠡᠭᠯᠡᠵᠤ᠂ ᠺᠠᠳ᠋ᠷ | ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠴᠤ᠂ ᠲᠤᠭᠤᠷᠢᠨ ᠪᠠᠶᠢᠴᠠᠭᠠᠭᠳᠠᠵᠤ ᠪᠠᠶᠢᠭ᠎ᠠ | ᠨᠢᠭᠡᠴᠡ ᠶᠢᠨ ᠤᠳᠤᠷᠢᠳᠬᠤ ᠪᠠᠭ ᠵᠢᠴᠢ ᠪᠦᠷᠢᠯᠳᠦᠬᠦᠨ ᠢᠯᠠᠩᠭᠤᠶ᠎ᠠ ᠭᠤᠤᠯ ᠬᠠᠷᠢᠭᠤᠴᠠᠯᠭᠠᠲᠠᠨ ᠤ ᠨᠠᠮ ᠤᠨ | ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠤᠨ ᠲᠠᠯ᠎ᠠ ᠪᠠᠷ᠂ ᠲᠦᠪ ᠤᠨ | ᠨᠠᠢᠮᠠᠨ ᠲᠤᠭᠲᠠᠭᠠᠯ᠂ ᠦᠪᠡᠷᠲᠡᠭᠡᠨ ᠵᠠᠰᠠᠬᠤ ᠤᠷᠤᠨ ᠤ 28 ᠵᠤᠷᠪᠤᠰ ᠲᠦᠬᠦᠷᠵᠢᠭᠦᠯᠦᠭᠰᠡᠨ ᠲᠤᠭᠲᠠᠭᠠᠯ ᠢ | ᠬᠡᠷᠡᠭᠵᠢᠬᠦᠯᠦᠭᠰᠡᠨ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠭᠰᠠᠨ ᠲᠠᠯ᠎ᠠ ᠪᠠᠷ᠂ ᠨᠠᠮ ᠤᠨ ᠤᠯᠤᠰ | ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠲᠤᠲᠤᠷᠬᠠᠢ ᠪᠤᠯᠭᠠᠵᠤ᠂ ᠨᠠᠮ ᠤᠨ ᠰᠤᠷᠲᠠᠯ ᠴᠢᠭᠡᠴᠢ ᠵᠠᠰᠠᠭ ᠤᠨ | ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠲᠠ ᠲᠠᠯᠪᠢᠯᠲᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠲᠠᠯ᠎ᠠ ᠪᠠᠷ᠂ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠠᠳᠴᠢᠯᠠᠯ | ᠲᠦᠪᠯᠡᠷᠡᠯ ᠤᠨ ᠶᠤᠰᠤ ᠪᠤᠯᠤᠨ ᠺᠠᠳ᠋ᠷ ᠢ ᠰᠢᠯᠵᠢᠵᠤ ᠳᠡᠪᠰᠢᠭᠦᠯᠦᠨ ᠲᠤᠮᠢᠯᠠᠵᠤ ᠬᠡᠷᠡᠭᠯᠡᠬᠦ ᠲᠠᠯ᠎ᠠ ᠪᠠᠷ ᠤᠷᠤᠰᠢᠵᠤ | ᠪᠠᠶᠢᠭ᠎ᠠ ᠭᠤᠤᠯ ᠠᠰᠠᠭᠤᠳᠠᠯ ᠢ ᠴᠠᠭ ᠲᠤᠬᠠᠢ ᠳᠤᠨᠢ ᠤᠶᠢᠯᠠᠭᠠᠨ ᠡᠵᠡᠮᠰᠢᠨ᠎ᠡ᠃ ᠲᠤᠭᠤᠷᠢᠨ ᠪᠠᠶᠢᠴᠠᠭᠠᠬᠤ ᠠᠵᠢᠯ | ᠲᠠᠢ ᠰᠢᠭᠤᠳ ᠬᠠᠷᠢᠴᠠᠭ᠎ᠠ ᠦᠭᠡᠢ ᠬᠠᠤᠯᠢ ᠴᠠᠭᠠᠵᠠ ᠪᠠ ᠵᠠᠷᠭᠤ ᠵᠠᠷᠭᠤᠯᠳᠤᠭᠠᠨ ᠲᠠᠢ ᠬᠤᠯᠪᠤᠭᠳᠠᠭᠰᠠᠨ᠂ ᠬᠤᠪᠢ | ᠬᠦᠮᠦᠨ ᠤ ᠭᠤᠮᠤᠳᠠᠯ ᠲᠤᠭᠠᠴᠢᠬᠤ ᠵᠡᠷᠭᠡ ᠵᠠᠬᠢᠲᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠭᠤᠷᠢᠨ ᠪᠠᠶᠢᠴᠠᠭᠠᠬᠤ | ᠳᠤᠭᠤᠶᠢᠯᠠᠩ ᠳᠡᠰ ᠬᠤᠪᠢᠶᠠᠨ ᠬᠠᠷᠢᠭᠤᠴᠠᠬᠤ ᠵᠠᠷᠴᠢᠮ ᠢᠶᠠᠷ᠂ ᠴᠠᠭ ᠲᠤᠬᠠᠢ ᠳᠤᠨᠢ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠰᠢᠯᠵᠢᠭᠦᠯᠦᠨ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠨ᠎ᠡ᠃ | ᠲᠤᠭᠤᠷᠢᠨ ᠪᠠᠶᠢᠴᠠᠭᠠᠬᠤ ᠳᠤᠮᠳᠠ ᠠᠰᠠᠭᠤᠳᠠᠯ ᠢ ᠢᠯᠡᠷᠡᠭᠦᠯᠬᠦ ᠠᠷᠭ᠎ᠠ ᠵᠠᠮ ᠢ ᠦᠷᠭᠡᠳᠬᠡᠬᠦ ᠶᠢᠨ | ᠲᠦᠯᠦᠭᠡ᠂ ᠡᠯ᠎ᠡ ᠲᠤᠰᠬᠠᠢ ᠲᠤᠭᠤᠷᠢᠨ ᠪᠠᠶᠢᠴᠠᠭᠠᠬᠤ ᠳᠤᠭᠤᠶᠢᠯᠠᠩ ᠵᠢᠵᠢᠬᠦᠷᠯᠡᠬᠦ ᠤᠲᠠᠰᠤ ᠪᠠ ᠢᠮᠧᠯ ᠭᠠᠷᠭᠠᠵᠤ᠂ | ᠤᠯᠠᠨ ᠠᠷᠭ᠎ᠠ ᠵᠠᠮ ᠢᠶᠠᠷ ᠺᠠᠳ᠋ᠷ ᠤᠯᠠᠨ ᠲᠦᠮᠡᠨ ᠤ ᠵᠠᠬᠢᠲᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠭᠰᠡᠨ | ᠤᠴᠢᠷ ᠶᠠᠪᠤᠳᠠᠯ ᠢ ᠬᠦᠯᠢᠶᠡᠨ ᠠᠪᠤᠨ᠎ᠠ᠃ |