ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠᠶᠢᠩᠭᠤ ᠶᠢᠨ ᠭᠡᠰᠢᠬᠦᠳ ᠤᠨ ᠪᠠᠭ ᠤᠨ ᠳᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ︵ᠵᠠᠩ ᠯᠢ ᠬᠤᠷᠠᠯ ᠡᠷᠬᠢᠯᠡᠵᠤ ᠶᠠᠷᠢᠶ᠎ᠠ ᠳᠠᠯᠪᠢᠵᠠᠢ︶
ᠨᠡᠶᠢᠲᠡᠯᠡᠭᠰᠡᠨ ᠴᠠᠭ᠄
2015/1/26
     1 ᠰᠠᠷ᠎ᠠ ᠶᠢᠨ 19᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠᠶᠢᠩᠭᠤ ᠶᠢᠨ ᠭᠡᠰᠢᠬᠦᠳ ᠤᠨ ᠪᠠᠭ ᠤᠨ ᠳᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠤᠷᠠᠯ ᠡᠷᠬᠢᠯᠡᠭᠰᠡᠨ ᠪᠦᠬᠡᠳ ᠶᠠᠷᠢᠶ᠎ᠠ ᠳᠠᠯᠪᠢᠪᠠ᠃ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠬᠢᠨᠠᠨ ᠵᠢᠯᠤᠭᠤᠳᠬᠤ ᠳᠤᠭᠤᠢᠢᠯᠠᠩ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃      ᠳᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠠ᠂ ᠵᠠᠩ ᠯᠢ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠬᠦᠳ ᠤᠨ ᠪᠠᠭ ᠢ ᠲᠦᠯᠦᠭᠡᠯᠡᠵᠦ ᠬᠦᠮᠦᠵᠢᠯ ᠦᠢᠯᠡᠳᠤᠯᠭᠡ ᠶᠢᠨ ᠠᠵᠢᠯᠯᠠᠭ᠎ᠠ ᠶᠢᠨ ᠳᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠤᠭᠰᠠᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠭᠰᠡᠨ ᠤ ᠬᠠᠮᠳᠤ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠬᠦᠳ ᠤᠨ ᠪᠠᠭ ᠢ ᠲᠦᠯᠦᠭᠡᠯᠡᠵᠦ ᠬᠠᠷᠭᠤᠭᠤᠯᠤᠨ ᠪᠠᠶᠢᠴᠠᠭᠠᠬᠤ ᠮᠡᠳᠡᠬᠦᠯᠤᠯᠳᠡ ᠬᠢᠪᠡ᠃ ᠪᠠᠭ ᠤᠨ ᠪᠦᠷᠢᠯᠳᠦᠬᠦᠨ ᠨᠠᠷ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠦ᠂ ᠬᠤᠪᠢ ᠬᠦᠮᠦᠨ ᠳᠤ ᠤᠷᠤᠰᠢᠵᠦ ᠪᠠᠶᠢᠭ᠎ᠠ ᠳᠤᠪᠤᠶᠢᠮ᠎ᠠ ᠠᠰᠠᠭᠤᠳᠠᠯ ᠢᠶᠠᠨ ᠬᠦᠨᠵᠡᠭᠡᠢ ᠪᠠᠶᠢᠴᠠᠭᠠᠵᠦ᠂ ᠠᠰᠠᠭᠤᠳᠠᠯ ᠤᠨ ᠪᠤᠢ ᠪᠤᠯᠤᠭᠰᠠᠨ ᠰᠢᠯᠳᠠᠭᠠᠨ ᠢ ᠵᠠᠳᠠᠯᠤᠨ᠂ ᠴᠢᠭᠯᠡᠬᠦᠯᠬᠦ ᠴᠢᠨᠠᠷ ᠲᠠᠢ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠢ ᠳᠤᠭᠳᠠᠭᠠᠵᠠᠢ᠃      ᠵᠠᠩ ᠯᠢ ᠴᠢᠬᠤᠯᠠᠴᠢᠯᠠᠭᠰᠠᠨ ᠨᠢ᠂ ᠨᠠᠮ ᠤᠨ ᠳᠤᠳᠤᠭᠠᠳᠤ ᠶᠢᠨ ᠠᠮᠢᠳᠤᠷᠠᠯ ᠢ ᠴᠢᠩᠳᠠᠯᠠᠵᠦ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠬᠦᠳ ᠤᠨ ᠪᠠᠭ ᠤᠨ ᠳᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠪᠠᠷᠢᠮᠵᠢᠶ᠎ᠠ ᠪᠠ ᠱᠠᠭᠠᠷᠳᠠᠯᠭ᠎ᠠ ᠲᠠᠢ ᠠᠳᠠᠯᠢᠳᠬᠠᠨ ᠬᠠᠷᠭᠤᠭᠤᠯᠵᠦ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠳᠢᠩᠬᠢᠮ ᠤᠨ ᠪᠠᠶᠢᠭᠤᠯᠤᠯᠭ᠎ᠠ ᠶᠢᠨ ᠡᠯ᠎ᠠ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠨᠠᠷᠢᠨ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃ ᠪᠠᠶᠢᠩᠭᠤ ᠶᠢᠨ ᠭᠡᠰᠢᠬᠦᠳ ᠤᠨ ᠪᠠᠭ ᠪᠠ ᠪᠠᠭ ᠤᠨ ᠪᠦᠷᠢᠯᠳᠦᠬᠦᠨ ᠤ ᠪᠠᠭ ᠢᠶᠠᠷ ᠡᠩᠨᠡᠭᠡ ᠶᠢ ᠳᠠᠶᠢᠴᠢᠯᠠᠬᠤ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠦ᠂ ᠪᠠᠭ ᠢ ᠠᠳᠬᠤᠵᠦ ᠡᠩᠨᠡᠭᠡ ᠶᠢ ᠳᠠᠶᠢᠴᠢᠯᠠᠬᠤ ᠴᠢᠳᠠᠪᠤᠷᠢ ᠪᠠ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠪᠠᠶᠢᠩᠭᠤ ᠶᠢᠨ ᠭᠡᠰᠢᠬᠦᠳ ᠤᠨ ᠪᠠᠭ ᠤᠨ ᠨᠢᠭᠳᠠᠷᠠᠯ ᠤᠨ ᠬᠦᠴᠦᠨ᠂ ᠳᠠᠶᠢᠴᠢᠨ ᠬᠦᠴᠦᠨ ᠪᠠ ᠡᠬᠦᠳᠦᠨ ᠪᠦᠳᠦᠭᠡᠬᠦ ᠬᠦᠴᠦᠨ ᠢ ᠨᠡᠮᠡᠭᠳᠡᠬᠦᠯᠵᠦ᠂ ᠬᠦᠴᠦᠨ ᠢᠶᠠᠨ ᠲᠦᠪᠯᠡᠷᠡᠬᠦᠯᠦᠨ ᠦᠨᠡᠨᠴᠢ ᠰᠢᠳᠤᠷᠭᠤ᠂ ᠠᠷᠢᠭᠤᠨ ᠴᠢᠬᠡᠴᠢ᠂ ᠡᠬᠦᠷᠭᠡᠯᠡᠵᠦ ᠳᠡᠶᠢᠯᠬᠦ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠡᠢ᠃ ᠨᠠᠮ ᠢ ᠴᠢᠩᠭ᠎ᠠ ᠵᠠᠰᠠᠵᠤ᠂ ᠳᠤᠭᠳᠠᠭᠠᠯ ᠶᠤᠰᠤᠭᠠᠷ ᠨᠠᠮ ᠢ ᠵᠠᠰᠠᠬᠤ ᠶᠢ ᠪᠠᠷᠢᠮᠳᠠᠯᠠᠬᠤ ᠬᠡᠷᠡᠭᠳᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号