ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ 360 ᠲᠦᠮᠡᠨ ᠬᠤᠲᠠ ᠪᠠᠯᠭᠠᠰᠤᠨ ᠤ ᠠᠵᠢᠯᠴᠢᠨ ᠢ ᠰᠢᠩᠭᠡᠭᠡᠵᠦ᠂ ᠪᠦᠬᠦ ᠣᠷᠣᠨ ᠤ ᠬᠤᠲᠠ | ᠪᠠᠯᠭᠠᠰᠤᠨ ᠤ ᠠᠵᠢᠯ ᠣᠯᠣᠭᠰᠠᠨ ᠬᠥᠮᠥᠨ ᠤ ᠲᠤᠭ᠎ᠠ ᠶᠢᠨ 85% ᠢ ᠡᠵᠡᠯᠡᠪᠡ᠃ ᠣᠳᠣ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠨᠢ ᠨᠢᠭᠡᠨᠲᠡ ᠠᠵᠢᠯ ᠣᠯᠭᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠭᠤᠣᠯ ᠬᠦᠴᠦᠨ ᠵᠦᠢᠯ ᠪᠣᠯᠣᠭᠰᠠᠨ | ᠶᠤᠮ᠃ 2013 ᠣᠨ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠭᠠᠶᠢᠯᠢ ᠶᠢᠨ | ᠣᠷᠣᠯᠭ᠎ᠠ 1863.6 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠤ ᠭᠠᠶᠢᠯᠢ ᠶᠢᠨ ᠶᠡᠷᠦᠩᠬᠡᠢ | ᠣᠷᠣᠯᠭ᠎ᠠ ᠶᠢᠨ 81.6% ᠢ ᠡᠵᠡᠯᠡᠵᠡᠢ᠃ ᠡᠭᠦᠨ ᠳᠤ ᠲᠠᠪᠤᠨ ᠠᠶᠢᠮᠠᠭ ᠬᠤᠲᠠ ᠶᠢᠨ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶᠢᠯᠠᠯ ᠤᠨ ᠭᠠᠶᠢᠯᠢ ᠶᠢᠨ ᠣᠷᠣᠯᠭ᠎ᠠ ᠴᠥᠮ 100 ᠳ᠋ᠦᠩᠰᠢᠭᠤᠷ ᠲᠥᠭᠦᠷᠢᠭ ᠢ ᠳᠠᠪᠠᠭᠰᠠᠨ ᠪᠢᠯᠡ᠃ | | ᠲᠦᠷᠦᠭᠦᠬᠡᠨ ᠳᠤ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ | ᠬᠤᠶᠠᠳᠤᠭᠠᠷ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ ︽ᠥᠪᠡᠷᠲᠡᠭᠡᠨ ᠵᠠᠰᠠᠬᠤ ᠣᠷᠣᠨ ᠤ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾ | ᠳᠤ ᠢᠯᠡᠷᠬᠡᠶᠢᠯᠡᠭᠰᠡᠨ ᠢᠶᠠᠷ᠂ 2013 ᠣᠨ ᠠᠴᠠ ᠨᠠᠰᠢ ᠮᠠᠨ ᠤ ᠣᠷᠣᠨ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢ ᠬᠦᠴᠦᠯᠡᠨ ᠬᠥᠭᠵᠢᠭᠦᠯᠦᠭᠰᠡᠨ ᠢᠶᠠᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠪᠦᠬᠦ | ᠣᠷᠣᠨ ᠤ ᠪᠡᠯᠡ ᠣᠷᠤᠭᠤᠯᠤᠯᠲᠠ᠂ ᠭᠠᠳᠠᠭᠠᠳᠤ ᠭᠠᠷᠭᠠᠯᠲᠠ᠂ ᠬᠡᠷᠡᠭᠯᠡᠭᠡ᠂ ᠭᠠᠶᠢᠯᠢ ᠶᠢᠨ ᠣᠷᠣᠯᠭ᠎ᠠ ᠪᠠ ᠬᠤᠲᠠ | ᠪᠠᠯᠭᠠᠰᠤ ᠶᠢᠨ ᠠᠵᠢᠯ ᠣᠯᠭᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ ᠴᠥᠮ 50% ᠢ ᠳᠠᠪᠠᠵᠤ | ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠲᠠᠯ᠎ᠠ ᠪᠠᠷ ᠴᠥᠮ ᠴᠢᠬᠤᠯᠠ ᠦᠢᠯᠡᠳᠦᠯ ᠭᠠᠷᠭᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠵᠦᠢᠯ ᠪᠣᠯᠣᠭᠰᠠᠨ ᠪᠠᠶᠢᠨ᠎ᠠ᠃ | ᠲᠣᠭᠲᠠᠭᠤᠨ ᠬᠥᠭᠵᠢᠯᠲᠡ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠲᠤᠭ᠎ᠠ ᠲᠣᠭᠲᠠᠭᠤᠨ ᠢᠶᠠᠷ ᠨᠡᠮᠡᠭᠳᠡᠪᠡ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠬᠤ ᠳᠤ ᠮᠠᠨ ᠤ ᠣᠷᠣᠨ ᠳᠤ | 115 ᠲᠦᠮᠡᠨ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠲᠠᠢ ᠪᠣᠯᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 12.7% ᠪᠠᠷ ᠨᠡᠮᠡᠭᠳᠡᠭᠰᠡᠨ 18 ᠲᠦᠮᠡᠨ ᠬᠤᠪᠢ ᠶᠢᠨ ᠠᠵᠦ ᠠᠬᠤᠢᠢᠯᠠᠯ ᠲᠠᠢ ᠪᠤᠯᠵᠤ | ᠂ ᠪᠦᠬᠦ ᠣᠷᠣᠨ ᠤ ᠠᠵᠦ ᠠᠬᠤᠢᠢᠯᠠᠯ ᠤᠨ ᠶᠡᠷᠦᠩᠬᠡᠢ ᠲᠤᠭ᠎ᠠ ᠶᠢᠨ 85.8% ᠢ ᠡᠵᠡᠯᠡᠭᠡᠳ ᠪᠦᠬᠦ ᠣᠯᠣᠰ ᠤᠨ | ᠲᠣᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 2.2 ᠬᠤᠪᠢ ᠲᠠᠪᠠᠪᠠ︔ 2970 ᠭᠠᠳᠠᠭᠠᠳᠣ ᠪᠡᠯᠡ ᠶᠢᠨ | ᠠᠵᠤ ᠠᠬᠤᠶᠢᠯᠠᠯ ᠲᠠᠢ ᠪᠣᠯᠣᠭᠠᠳ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.6% ᠨᠡᠮᠡᠭᠳᠡᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠤᠭᠴᠠ ᠨᠢ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠣᠯᠠᠩᠬᠢ ᠲᠤᠭ᠎ᠠ ᠶᠢ ᠡᠵᠡᠯᠡᠭᠰᠡᠨ ᠪᠠᠶᠢᠨ᠎ᠠ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠥᠷᠭᠡᠳᠪᠡ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠬᠤ ᠳᠤ ᠮᠠᠨ ᠤ | ᠣᠷᠣᠨ ᠤ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠪᠡᠯᠡ ᠮᠥᠩᠭᠦ 572 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23.3% ᠢᠶᠠᠷ ᠨᠡᠮᠡᠭᠳᠡᠵᠡᠢ︔ | ᠬᠤᠪᠢ ᠶᠢᠨ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠡᠯᠡ ᠮᠥᠩᠭᠦ 9252 ᠳ᠋ᠦᠩᠰᠢᠭᠤᠷ ᠲᠥᠭᠦᠷᠢᠭ ᠲᠤ | ᠬᠦᠷᠦᠭᠡᠳ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.5% ᠢᠶᠠᠷ ᠨᠡᠮᠡᠭᠳᠡᠵᠦ᠂ ᠳᠤᠮᠳᠠᠴᠢ ᠪᠠᠷ ᠠᠵᠤ | ᠠᠬᠤᠶᠢᠯᠠᠯ ᠨᠢᠭᠡᠪᠦᠷᠢ ᠳᠤ 508.8 ᠲᠦᠮᠡᠨ ᠲᠥᠭᠦᠷᠢᠭ ᠨᠣᠭᠳᠠᠵᠤ ᠪᠤᠢ᠃ | ᠨᠡᠶᠢᠲᠡ ᠶᠢᠨ ᠥᠮᠴᠢᠯᠡᠯ ᠤᠨ ᠪᠣᠰᠤ ᠠᠵᠤ ᠠᠬᠤᠶᠢᠯᠠᠯ ᠤᠨ ᠣᠷᠣᠨ ᠨᠤᠲᠤᠭ ᠤᠨ ᠠᠵᠤ ᠠᠬᠤᠢ ᠶᠢᠨ | ᠨᠡᠮᠡᠭᠳᠡᠯ ᠢ ᠠᠬᠢᠭᠤᠯᠬᠤ ᠦᠢᠯᠡᠳᠦᠯ ᠢᠯᠡᠷᠬᠡᠢ ᠪᠣᠯᠪᠠ᠃ 2013 ᠣᠨ ᠳᠤ ᠮᠠᠨ ᠤ ᠣᠷᠣᠨ ᠤ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ 9082 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠡᠭᠦᠳᠴᠦ᠂ ᠪᠦᠬᠦ | ᠣᠷᠣᠨ ᠤ GDP ᠶᠢᠨ53.9% ᠢ ᠡᠵᠡᠯᠡᠪᠡ︔ ᠨᠡᠶᠢᠲᠡ 9226.6 ᠳ᠋ᠦᠩᠰᠢᠭᠤᠷ ᠲᠥᠭᠦᠷᠢᠭ ᠤᠨ ᠪᠡᠯᠡ | ᠣᠷᠤᠭᠤᠯᠤᠭᠠᠳ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ59.5% ᠢ ᠡᠵᠡᠯᠡᠵᠦ | ᠂ 29.7 ᠳ᠋ᠦᠩᠰᠢᠭᠤᠷ ᠲᠥᠭᠦᠷᠢᠭ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠦᠭᠡᠳ ᠪᠦᠬᠦ ᠣᠷᠣᠨ ᠤ ᠭᠠᠳᠠᠭᠠᠳᠤ | ᠭᠠᠷᠭᠠᠯᠲᠠ ᠶᠢᠨ 72.5% ᠢ ᠡᠵᠡᠯᠡᠪᠡ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠡᠶᠢᠭᠡᠮ ᠤᠨ | ᠬᠡᠷᠡᠭᠯᠡᠭᠡᠨ ᠤ ᠡᠳ᠋ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 4454.6 ᠳ᠋ᠦᠩᠰᠢᠭᠤᠷ ᠲᠥᠭᠦᠷᠢᠭ ᠲᠤ ᠬᠦᠷᠴᠦ᠂ | ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠡᠳ᠋ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢᠨ 87. | 8% ᠢ ᠡᠵᠡᠯᠡᠭᠰᠡᠨ ᠪᠢᠯᠡ᠃ | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠭᠤᠷᠪᠠᠳᠤᠭᠠᠷ ᠠᠵᠤ ᠦᠢᠯᠡᠰ ᠢ | ᠬᠥᠭᠵᠢᠭᠦᠯᠬᠦ ᠪᠣᠯ ᠠᠵᠤ ᠣᠯᠭᠤᠯᠲᠠ ᠶᠢ ᠥᠷᠭᠡᠳᠬᠡᠬᠦ ᠴᠢᠬᠤᠯᠠ ᠠᠷᠭ᠎ᠠ ᠵᠠᠮ ᠮᠦᠨ᠃ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠣᠯᠠᠩᠬᠢ ᠨᠢ ᠳᠤᠮᠲᠠ ᠪᠠᠭ᠎ᠠ ᠠᠵᠤ ᠠᠬᠤᠶᠢᠯᠠᠯ ᠪᠠᠶᠢᠵᠤ᠂ ᠭᠤᠷᠪᠠᠳᠤᠭᠠᠷ | ᠠᠵᠤ ᠦᠢᠯᠡᠰ ᠤᠨ ᠳᠣᠲᠤᠷ᠎ᠠ ᠨᠡᠯᠢᠶᠡᠳ ᠶᠡᠭᠡ ᠬᠠᠷᠢᠴᠠᠯ ᠢ ᠡᠵᠡᠯᠡᠵᠦ ᠪᠠᠶᠢᠳᠠᠭ᠃ ᠡᠨᠡ ᠵᠢᠯ ᠤᠨ 6 ᠰᠠᠷ᠎ᠠ ᠶᠢᠨ | ᠰᠡᠭᠦᠯᠴᠢ ᠪᠣᠯᠬᠤ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠳᠤ ᠠᠵᠢᠯ ᠣᠯᠣᠭᠰᠠᠨ | ᠬᠥᠮᠥᠨ ᠤ ᠲᠤᠭ᠎ᠠ ᠪᠦᠬᠦ ᠣᠷᠣᠨ ᠤ ᠠᠵᠢᠯ ᠣᠯᠭᠤᠯᠲᠠ ᠶᠢᠨ 36% ᠢ ᠡᠵᠡᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 22% ᠢᠶᠠᠷ ᠨᠡᠮᠡᠭᠳᠡᠪᠡ᠃ ᠡᠭᠦᠨ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ 360 ᠲᠦᠮᠡᠨ ᠬᠤᠲᠠ ᠪᠠᠯᠭᠠᠰᠤᠨ ᠤ ᠠᠵᠢᠯᠴᠢᠳ ᠢ ᠰᠢᠩᠭᠡᠭᠡᠵᠦ᠂ ᠪᠦᠬᠦ ᠣᠷᠣᠨ ᠤ ᠬᠤᠲᠠ | ᠪᠠᠯᠭᠠᠰᠤ ᠶᠢᠨ ᠠᠵᠢᠯ ᠣᠯᠣᠭᠰᠠᠨ ᠬᠥᠮᠥᠨ ᠤ ᠲᠤᠭ᠎ᠠ ᠶᠢᠨ 85% ᠢ ᠡᠵᠡᠯᠡᠪᠡ᠃ | ᠬᠦᠴᠦᠲᠦ ᠳᠡᠮᠵᠢᠯᠭᠡ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠴᠢᠷᠮᠠᠶᠢᠨ ᠬᠥᠭᠵᠢᠭᠦᠯᠬᠦ ᠶᠢᠨ ᠲᠥᠯᠥᠭᠡ | ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠤᠳᠤᠷᠢᠳᠬᠤ ᠪᠠᠶᠢᠭᠤᠯᠤᠮᠵᠢ ᠪᠠᠶᠢᠭᠤᠯᠤᠭᠠᠳ ᠳᠡᠮᠵᠢᠨ | ᠵᠣᠷᠢᠭᠵᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠲᠣᠭᠲᠠᠭᠠᠨ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ | ᠮᠥᠩᠭᠦ ᠣᠷᠤᠭᠤᠯᠬᠤ ᠠᠵᠢᠯᠯᠠᠭ᠎ᠠ ᠥᠷᠨᠢᠭᠦᠯᠦᠨ ᠦᠢᠯᠡᠴᠢᠯᠡᠵᠦ ᠤᠬᠠᠭᠤᠯᠬᠤ ᠠᠵᠢᠯ ᠤᠨ ᠡᠷᠴᠢᠮ ᠢᠶᠠᠨ | ᠴᠢᠩᠭᠠᠳᠬᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠥᠪ ᠦᠨᠡᠨᠬᠦ | ᠠᠬᠢᠭᠤᠯᠤᠭᠰᠠᠨ ᠠᠵᠢ᠃ | ᠨᠢᠳᠤᠨᠤᠨ ᠤ 6 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ | ᠵᠣᠷᠢᠭᠵᠢᠭᠤᠯᠤᠨ ᠬᠥᠭᠵᠢᠭᠦᠯᠬᠦ ᠲᠣᠭᠲᠠᠭᠠᠯ ︵ᠲᠤᠷᠰᠢᠨ ᠬᠡᠷᠡᠭᠯᠡᠬᠦ︶︾ ᠭᠠᠷᠭᠠᠪᠠ᠃ ︽ᠲᠣᠭᠲᠠᠭᠠᠯ︾ ᠳᠤ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠳᠡᠮᠵᠢᠯᠭᠡ ᠶᠢ ᠥᠷᠭᠡᠳᠬᠡᠬᠦ᠂ | ᠭᠠᠶᠢᠯᠢ ᠶᠢᠨ ᠬᠠᠷᠠᠭᠠᠯᠵᠠᠯ ᠦᠵᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ | ᠰᠢᠯᠢᠳᠡᠭᠵᠢᠭᠦᠯᠬᠦ ᠵᠡᠷᠭᠡ 7 ᠲᠥᠷᠥᠯ ᠤᠨ 70 ᠵᠤᠷᠪᠤᠰ ᠲᠥᠷᠥ ᠶᠢᠨ ᠪᠣᠳᠣᠯᠭ᠎ᠠ ᠪᠠ ᠠᠷᠭ᠎ᠠ ᠠᠪᠴᠢᠯ ᠢ | ᠲᠣᠭᠲᠠᠭᠠᠭᠰᠠᠨ ᠪᠠᠶᠢᠨ᠎ᠠ᠃ ᠠᠶᠢᠮᠠᠭ ᠬᠤᠲᠠ ᠶᠢᠨ ᠬᠢᠨ ᠪᠠᠰᠠ ᠲᠥᠬᠦᠷᠵᠢᠭᠦᠯᠦᠭᠰᠡᠨ ᠲᠥᠷᠥ ᠶᠢᠨ ᠪᠣᠳᠣᠯᠭ᠎ᠠ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠦᠢᠯᠡᠴᠢᠯᠡᠭᠡᠨ ᠤ | ᠦᠢᠯᠡᠰ᠂ ᠮᠥᠩᠭᠦᠨ ᠭᠦᠢᠯᠭᠡᠭᠡᠨ ᠤ ᠦᠢᠯᠡᠰ ᠪᠠ ᠭᠦᠢᠯᠭᠡᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ | ᠪᠢᠴᠢᠭ ᠮᠠᠲ᠋ᠧᠷᠢᠶᠠᠯ ᠪᠠᠭᠤᠯᠭᠠᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠣᠯᠣᠨ | ᠨᠡᠶᠢᠭᠡᠮ ᠤᠨ ᠪᠠᠲᠤᠯᠠᠪᠤᠷᠢ ᠶᠢᠨ ᠲᠢᠩᠬᠢᠮ᠂ ᠰᠣᠷᠭᠠᠨ ᠬᠥᠮᠥᠵᠢᠯ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ | ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠳ ᠵᠢᠯ ᠳᠤ ᠨᠢᠭᠡ ᠤᠳᠠᠭ᠎ᠠ ᠶᠢᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠴᠢᠨ ᠡᠯᠰᠡᠬᠦ ᠠᠵᠢᠯᠯᠠᠭ᠎ᠠ ᠥᠷᠨᠢᠭᠦᠯᠵᠦ᠂ ᠠᠵᠢᠯ | ᠣᠯᠭᠤᠯᠲᠠ ᠶᠢᠨ ᠳᠠᠷᠤᠯᠲᠠ ᠶᠢ ᠨᠠᠮᠳᠠᠭᠤᠯᠵᠤ ᠪᠣᠢ᠃ | ᠥᠪᠡᠷᠲᠡᠭᠡᠨ ᠵᠠᠰᠠᠬᠤ ᠣᠷᠣᠨ ᠠᠴᠠ ᠤᠷᠢᠳ ᠬᠤᠵᠢᠳ ᠱᠠᠨ ᠰᠢ᠂ ᠭᠤᠸᠠᠩᠳᠦ᠋ᠩ᠂ ᠬᠤᠪᠸᠢ᠂ | ᠴᠦᠩᠴᠢᠩ᠂ ᠵᠢᠶᠠᠩᠰᠦ᠂ ᠱᠠᠩᠬᠠᠢ᠂ ᠪᠡᠭᠡᠵᠢᠩ᠂ ᠭᠠᠨᠰᠤ ᠵᠡᠷᠭᠡ ᠭᠠᠵᠠᠷ ᠲᠤ ᠬᠦᠷᠴᠦ᠂ ᠲᠥᠷᠥᠯ ᠵᠦᠢᠯ | ᠲᠠᠨᠢᠯᠴᠠᠭᠤᠯᠬᠤ ᠪᠣᠯᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠬᠤ ᠠᠵᠢᠯᠯᠠᠭ᠎ᠠ ᠥᠷᠨᠢᠭᠦᠯᠦᠭᠡᠳ | ᠢᠳᠡᠪᠬᠢᠲᠡᠢ ᠦᠷ᠎ᠡ ᠪᠦᠲᠦᠮᠵᠢ ᠣᠯᠣᠭᠰᠠᠨ ᠶᠤᠮ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 2013 | ᠣᠨ ᠳᠤ ᠮᠠᠨ ᠤ ᠣᠷᠣᠨ 1078 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠶᠢᠨ ᠪᠡᠯᠡ ᠮᠥᠩᠭᠦ ᠪᠠᠷᠤᠭ | 17440 ᠳ᠋ᠦᠩᠰᠢᠭᠤᠷ ᠲᠥᠭᠦᠷᠢᠭ ᠬᠦᠷᠴᠡᠢ᠃ | ᠡᠨᠡ ᠬᠤᠶᠠᠷ ᠵᠢᠯ ᠥᠪᠡᠷᠲᠡᠭᠡᠨ ᠵᠠᠰᠠᠬᠤ ᠣᠷᠣᠨ ᠠᠴᠠ ᠮᠥᠩᠭᠦᠨ ᠭᠦᠢᠯᠭᠡᠭᠡᠨ ᠤ ᠲᠠᠯ᠎ᠠ ᠪᠠᠷ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ ᠪᠠᠭ᠎ᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠠᠭ᠎ᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠶᠢᠨ ᠠᠶᠤᠯ | ᠲᠦᠭᠰᠢᠭᠦᠷᠢ ᠶᠢᠨ ᠱᠠᠩᠨᠠᠯ ᠨᠦᠬᠦᠪᠦᠷᠢ ᠣᠯᠭᠤᠬᠤ ᠵᠡᠷᠭᠡ ᠲᠥᠷᠥ ᠶᠢᠨ ᠪᠣᠳᠣᠯᠭ᠎ᠠ ᠲᠣᠭᠲᠠᠭᠠᠨ ᠬᠡᠷᠡᠭᠵᠢᠭᠦᠯᠪᠡ᠃ | ᠲᠤᠬᠠᠶᠢᠯᠠᠪᠠᠯ᠂ ᠳᠤᠮᠲᠠ ᠪᠠᠭ᠎ᠠ ᠠᠵᠤ ᠠᠬᠤᠶᠢᠯᠠᠯ ᠵᠢᠭᠡᠯᠡᠯᠭᠡ ᠶᠢᠨ ᠲᠡᠮᠲᠡᠭᠲᠦ ᠪᠠᠷ ᠪᠡᠯᠡ ᠮᠥᠩᠭᠦ | ᠬᠤᠷᠠᠮᠳᠤᠭᠤᠯᠤᠭᠰᠠᠨ ᠬᠡᠮᠵᠢᠶ᠎ᠡ ᠶᠢᠨ 0.5% ᠢᠶᠠᠷ ᠵᠠᠷᠤᠳᠠᠯ ᠤᠨ ᠨᠥᠬᠦᠪᠦᠷᠢ ᠣᠯᠭᠤᠵᠤ᠂ ᠬᠠᠮᠤᠭ ᠤᠨ ᠶᠡᠭᠡ | ᠳᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠪᠠᠭ᠎ᠠ ᠵᠢᠵᠢᠭ ᠠᠵᠤ ᠠᠬᠤᠶᠢᠯᠠᠯ ᠳᠤ ᠵᠢᠭᠡᠯᠡᠯᠭᠡ | ᠣᠯᠭᠤᠭᠰᠠᠨ ᠣᠨ ᠤ ᠴᠡᠪᠡᠷ ᠨᠡᠮᠡᠭᠳᠡᠯ ᠤᠨ ᠬᠡᠮᠵᠢᠶ᠎ᠡ ᠶᠢᠨ 0.25% ᠢᠶᠠᠷ ᠬᠠᠷᠠᠭᠠᠯᠵᠠᠭᠰᠠᠨ ᠮᠥᠩᠭᠦᠨ | ᠭᠦᠢᠯᠭᠡᠭᠡ ᠶᠢᠨ ᠪᠠᠶᠢᠭᠤᠯᠤᠮᠵᠢ ᠶᠢ ᠱᠠᠩᠨᠠᠨ ᠨᠥᠬᠦᠪᠦᠷᠢᠯᠡᠬᠦ ᠵᠡᠷᠭᠡ ᠲᠥᠷᠥ ᠪᠣᠳᠣᠯᠭ᠎ᠠ ᠶᠢ ᠲᠣᠭᠲᠠᠭᠠᠨ | ᠬᠡᠷᠡᠭᠵᠢᠭᠦᠯᠦᠭᠰᠡᠨ ᠪᠠᠶᠢᠨ᠎ᠠ᠃ | ᠠᠰᠠᠭᠤᠳᠠᠯ ᠲᠥᠪᠡᠭᠳᠡᠯ | 2012 ᠣᠨ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠪᠦᠬᠦ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠬᠠᠷᠢᠴᠠᠯ ᠢ ᠡᠾᠪᠸᠢ᠂ ᠴᠦᠩᠴᠢᠩ ᠪᠠ ᠯᠢᠶᠣᠣᠨᠢᠩ | ᠵᠡᠷᠭᠡ ᠭᠠᠵᠠᠷ ᠲᠠᠢ ᠬᠠᠷᠢᠴᠠᠭᠤᠯᠪᠠᠯ ᠵᠠᠭᠤᠯ ᠤᠨ ᠬᠠᠷᠢᠴᠠᠯ ᠢᠶᠠᠷ ᠲᠤᠰᠪᠤᠷᠢ 14.1᠂ 13.7 ᠪᠠ 10 ᠬᠤᠪᠢ | ᠳᠣᠣᠷ᠎ᠠ ᠪᠠᠶᠢᠵᠤ᠂ ᠬᠤᠪᠢ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ | ᠦᠢᠯᠡᠳᠪᠦᠷᠢ ᠶᠢᠨ ᠶᠡᠷᠦᠩᠬᠡᠢ ᠦᠷᠲᠡᠭ ᠲᠠᠬᠢ ᠬᠠᠷᠢᠴᠠᠯ ᠨᠡᠯᠢᠶᠡᠳ ᠪᠠᠭ᠎ᠠ ᠪᠠᠶᠢᠭᠰᠠᠭᠠᠷ᠃ ᠪᠡᠯᠡ ᠮᠥᠩᠭᠦ | ᠬᠤᠷᠠᠮᠳᠤᠭᠤᠯᠬᠤ ᠳᠤ ᠬᠦᠴᠢᠷ ᠪᠠᠶᠢᠬᠤ ᠨᠢ ᠮᠦᠨᠬᠦ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ | ᠬᠥᠭᠵᠢᠯᠲᠡ ᠳᠤ ᠲᠤᠯᠭᠠᠷᠠᠭᠰᠠᠨ ᠳᠣᠪᠤᠶᠢᠮ᠎ᠠ ᠠᠰᠠᠭᠤᠳᠠᠯ ᠪᠣᠯᠣᠨ᠎ᠠ᠃ ᠤᠯᠤᠰ ᠤᠨ ᠡᠯ᠎ᠡ ᠶᠡᠭᠡ ᠬᠤᠳᠠᠯᠳᠤᠭᠠᠨ ᠤ | ᠪᠠᠩᠬᠢ ᠨᠤᠭᠤᠳ ᠵᠥᠪᠬᠡᠨ ᠴᠥᠬᠡᠨ ᠲᠣᠭᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠡᠯᠡ | ᠮᠥᠩᠭᠦ ᠬᠤᠷᠠᠮᠳᠤᠭᠤᠯᠬᠤ ᠬᠡᠷᠡᠭᠴᠡᠭᠡ ᠶᠢ ᠬᠠᠩᠭᠠᠵᠤ᠂ ᠲᠣᠰᠬᠤᠨ ᠪᠠᠯᠭᠠᠰᠤ ᠶᠢᠨ ᠪᠠᠩᠬᠢ ᠪᠣᠯᠣᠨ ᠪᠠᠭ᠎ᠠ ᠲᠣᠭᠠᠨ ᠤ | ᠵᠢᠭᠡᠯᠡᠯᠭᠡ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠲᠠᠲᠤ ᠬᠦᠴᠦ ᠨᠢ ᠬᠢᠵᠠᠭᠠᠷᠲᠠᠢ | ᠪᠣᠯᠬᠤᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ | ᠦᠵᠡᠭᠦᠯᠦᠭᠰᠡᠨ ᠲᠤᠰᠠᠯᠠᠬᠤ ᠦᠢᠯᠡᠳᠦᠯ ᠨᠢ ᠴᠦ ᠬᠢᠵᠠᠭᠠᠷᠲᠠᠢ ᠪᠠᠶᠢᠭᠰᠠᠭᠠᠷ᠃ ᠶᠡᠭᠡ ᠰᠤᠷᠭᠠᠭᠤᠯᠢ ᠶᠢᠨ ᠣᠶᠣᠲᠠᠨ | ᠠᠵᠢᠯ ᠣᠯᠬᠤ ᠳᠤ ᠬᠦᠴᠢᠷ ᠪᠣᠯᠪᠠᠴᠤ ᠨᠡᠶᠢᠲᠡ ᠶᠢᠨ ᠥᠮᠴᠢᠯᠡᠯ ᠤᠨ ᠪᠣᠰᠤ ᠠᠵᠤ ᠠᠬᠤᠶᠢᠯᠠᠯ ᠠᠵᠢᠯᠴᠢᠨ ᠡᠯᠰᠡᠬᠦ | ᠳᠤ ᠴᠦ ᠬᠦᠴᠢᠷᠲᠡᠢ ᠪᠠᠶᠢᠵᠤ᠂ ᠣᠨᠴᠠᠭᠠᠶᠢᠯᠠᠨ ᠮᠡᠷᠭᠡᠵᠢᠯ ᠤᠨ ᠠᠵᠢᠯᠴᠢᠨ ᠢᠶᠠᠷ ᠲᠤᠲᠠᠭᠳᠠᠵᠤ ᠪᠠᠶᠢᠬᠤ ᠨᠢ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠶᠢ ᠬᠠᠷᠰᠢᠯᠠᠵᠤ ᠪᠠᠶᠢᠭ᠎ᠠ ᠨᠢᠭᠡᠨ | ᠳᠣᠪᠤᠶᠢᠮ᠎ᠠ ᠠᠰᠠᠭᠤᠳᠠᠯ ᠪᠣᠯᠵᠤ ᠪᠤᠢ᠃ | ᠡᠭᠦᠨ ᠠᠴᠠ ᠭᠠᠳᠠᠨ᠎ᠠ᠂ ᠣᠯᠠᠩᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠴᠥᠮ | ᠠᠵᠤ ᠦᠢᠯᠡᠰ ᠤᠨ ᠬᠡᠯᠬᠢᠶᠡᠵᠢᠯ ᠤᠨ ᠳᠣᠣᠷ᠎ᠠ ᠲᠥᠪᠰᠢᠨ ᠳᠤ ᠣᠷᠤᠰᠢᠵᠤ᠂ ᠦᠢᠯᠡᠳᠬᠦᠨ ᠤ ᠮᠡᠷᠭᠡᠵᠢᠯ ᠤᠨ | ᠠᠭᠤᠯᠠᠭᠳᠠᠬᠤᠨ ᠪᠣᠯᠣᠨ ᠨᠡᠮᠡᠯᠲᠡ ᠦᠷᠲᠡᠭ ᠨᠡᠯᠢᠶᠡᠳ ᠳᠣᠣᠷ᠎ᠠ ᠨᠡᠷᠡᠲᠦ ᠦᠢᠯᠡᠳᠬᠦᠨ ᠪᠣᠯᠣᠨ ᠨᠡᠷᠡᠲᠦ ᠲᠠᠸᠠᠷ ᠤᠨ | ᠲᠡᠮᠳᠡᠭ ᠢᠶᠠᠷ ᠳᠤᠲᠠᠮᠠᠭ᠂ ᠰᠣᠳᠣᠯᠣᠨ ᠨᠡᠭᠡᠭᠡᠬᠦ ᠡᠩᠨᠡᠭᠡ ᠦᠭᠡᠢ᠂ ᠮᠡᠷᠭᠡᠵᠢᠯ ᠤᠨ ᠳᠠᠪᠴᠠᠩ ᠪᠣᠯᠣᠨ ᠪᠡᠯᠡ | ᠮᠥᠩᠭᠦ ᠶᠢᠨ ᠲᠤᠯᠭᠠᠭᠤᠷᠢᠯᠠᠬᠤ ᠬᠦᠴᠦᠨ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ | ᠮᠡᠷᠭᠡᠵᠢᠯ ᠤᠨ ᠨᠡᠭᠡᠭᠡᠯᠲᠡ ᠶᠢᠨ ᠴᠢᠳᠠᠪᠤᠷᠢ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠴᠢᠳᠠᠪᠤᠷᠢ ᠨᠡᠶᠢᠳᠡᠮ ᠳᠣᠣᠷ᠎ᠠ | ᠵᠡᠷᠭᠡ ᠠᠰᠠᠭᠤᠳᠠᠯ ᠳᠤ ᠲᠤᠯᠭᠠᠷᠠᠵᠤ ᠪᠤᠢ᠃ | ᠠᠷᠭ᠎ᠠ ᠪᠣᠳᠣᠯᠭ᠎ᠠ | ︽ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ ᠬᠤᠶᠢᠰᠢᠲᠠ ᠶᠢᠨ ᠬᠡᠰᠡᠭ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠥᠭᠵᠢᠭᠦᠯᠬᠦ ᠲᠤᠬᠠᠢ ᠰᠢᠢᠳᠪᠦᠷᠢ ᠪᠠᠶᠢᠷᠢᠯᠠᠭᠤᠯᠤᠯᠲᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠠᠷᠭ᠎ᠠ | ᠠᠪᠴᠠᠯ ᠢ ᠴᠢᠨᠠᠭᠰᠢᠲᠠ ᠴᠢᠩᠭᠠᠷᠠᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠰᠢᠪᠲᠤᠯᠤᠯᠲᠠ᠂ ᠰᠢᠨ᠎ᠡ ᠳᠠᠪᠠᠯᠲᠠ ᠶᠢ ᠪᠡᠶᠡᠯᠡᠭᠦᠯᠬᠦ ᠪᠣᠯᠣᠨ᠎ᠠ᠃ 2017 ᠣᠨ | ᠪᠣᠯᠬᠤ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠡᠮᠡᠭᠳᠡᠯ ᠥᠷᠲᠡᠭ ᠤᠨ ᠪᠦᠬᠦ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠬᠠᠷᠢᠴᠠᠯ ᠢ 60% ᠠᠴᠠ ᠳᠡᠭᠡᠭᠰᠢ ᠪᠣᠯᠭᠠᠬᠤ ᠪᠠᠷ ᠬᠦᠴᠦᠯᠡᠨ | ᠴᠢᠷᠮᠠᠶᠢᠵᠤ ᠪᠤᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠮᠥᠩᠭᠦᠨ | ᠭᠦᠢᠯᠭᠡᠭᠡᠨ ᠤ ᠪᠠᠲᠤᠯᠠᠪᠤᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ | ᠰᠣᠯᠢᠯᠴᠠᠭ᠎ᠠ᠂ ᠵᠠᠰᠠᠭ ᠤᠨ ᠶᠠᠪᠤᠳᠠᠯ ᠤᠨ ᠲᠥᠯᠥᠭᠡᠯᠡᠭᠴᠢ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠬᠤ᠂ | ᠬᠠᠤᠯᠢ ᠪᠠᠷ ᠡᠷᠬᠡ ᠠᠰᠢᠭ ᠢᠶᠠᠨ ᠬᠠᠮᠠᠭᠠᠯᠠᠬᠤ ᠵᠡᠷᠭᠡ ᠦᠢᠯᠡᠴᠢᠯᠡᠭᠡᠨ ᠤ ᠲᠠᠪᠴᠠᠩ ᠢ ᠬᠡᠷᠡᠭᠯᠡᠵᠦ᠂ ᠲᠠᠪᠴᠠᠩ ᠤᠨ | ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠬᠠᠷᠰᠢᠯᠠᠵᠤ | ᠪᠠᠶᠢᠭ᠎ᠠ ᠵᠠᠰᠠᠭ ᠵᠠᠬᠢᠷᠭᠠᠨ ᠤ ᠴᠢᠨᠠᠷᠲᠠᠢ ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ ᠴᠡᠪᠡᠷᠯᠡᠵᠦ᠂ ᠠᠷᠠᠳ ᠤᠨ | ᠪᠡᠯᠡ ᠣᠷᠤᠭᠤᠯᠤᠯᠲᠠ ᠶᠢᠨ ᠬᠦᠷᠢᠶ᠎ᠡ ᠬᠡᠪᠴᠢᠶ᠎ᠡ ᠶᠢ ᠴᠢᠯᠦᠭᠡᠲᠡᠢ ᠪᠣᠯᠭᠠᠨ ᠠᠷᠠᠳ ᠤᠨ ᠪᠡᠯᠡ ᠣᠷᠤᠭᠤᠯᠤᠯᠲᠠ ᠶᠢᠨ | ᠰᠠᠭᠤᠷᠢ ᠠᠵᠤ ᠦᠢᠯᠡᠰ᠂ ᠰᠠᠭᠤᠷᠢ ᠲᠥᠬᠦᠭᠡᠷᠦᠮᠵᠢ᠂ ᠨᠡᠶᠢᠲᠡ ᠶᠢᠨ ᠠᠵᠢᠯ ᠦᠢᠯᠡᠰ᠂ ᠨᠡᠶᠢᠭᠡᠮ ᠤᠨ ᠠᠵᠢᠯ | ᠦᠢᠯᠡᠰ ᠵᠢᠴᠢ ᠮᠥᠩᠭᠦᠨ ᠭᠦᠢᠯᠭᠡᠭᠡ ᠶᠢᠨ ᠦᠢᠯᠡᠴᠢᠯᠡᠭᠡ᠂ ᠳᠠᠭᠠᠳᠬᠠᠯ᠂ ᠣᠳᠣ ᠦᠶ᠎ᠡ ᠶᠢᠨ ᠪᠣᠳᠠᠰ ᠤᠨ ᠭᠦᠢᠯᠭᠡᠭᠡ | ᠂ ᠰᠣᠶᠣᠯ ᠤᠨ ᠠᠵᠣ ᠦᠢᠯᠡᠰ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠬᠦᠷᠢᠶᠡᠨ ᠳᠤ ᠣᠷᠤᠬᠤ ᠶᠢ | ᠲᠡᠳᠬᠦᠨ ᠳᠡᠮᠵᠢᠬᠦ ᠪᠣᠯᠣᠨ᠎ᠠ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠪᠣᠯᠣᠨ ᠤᠯᠤᠰ ᠤᠨ ᠲᠣᠮᠣ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠢᠳᠡᠪᠬᠢᠲᠡᠢ ᠣᠷᠤᠯᠴᠠᠭᠤᠯᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠥᠨᠳᠦᠷ ᠪᠦᠲᠦᠮᠵᠢ᠂ ᠡᠷᠬᠡ ᠲᠡᠭᠰᠢ᠂ ᠦᠷᠭᠦᠯᠵᠢᠯᠡᠨ | ᠬᠥᠭᠵᠢᠬᠦ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠶᠢ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ᠂ ᠲᠥᠷᠥᠯ ᠲᠡᠮᠳᠡᠭ ᠢᠶᠠᠨ | ᠠᠯᠳᠠᠷᠰᠢᠭᠤᠯᠬᠤ᠂ ᠣᠷᠣᠨ ᠤ ᠲᠣᠲᠣᠭᠠᠳᠣ ᠭᠠᠳᠠᠭᠠᠲᠤ ᠶᠢᠨ ᠠᠵᠤ ᠠᠬᠤᠶᠢᠯᠠᠯ ᠤᠨ ᠬᠤᠭᠤᠷᠤᠨᠳᠤᠬᠢ ᠪᠣᠶᠤ | ᠦᠢᠯᠡᠳᠭᠦᠨ ᠤ ᠳᠡᠭᠡᠳᠦ ᠳᠣᠣᠷᠠᠳᠣ ᠣᠷᠣᠰᠬᠠᠯ ᠤᠨ ᠬᠤᠭᠤᠷᠣᠨᠳᠣᠬᠢ ᠵᠣᠯᠭᠠᠯᠴᠠᠯ ᠢ ᠠᠬᠢᠭᠤᠯᠵᠤ᠂ ᠨᠡᠶᠢᠲᠡ ᠶᠢᠨ | ᠥᠮᠴᠢᠯᠡᠯ ᠤᠨ ᠪᠣᠰᠤ ᠠᠵᠤ ᠠᠬᠤᠶᠢᠯᠠᠯ ᠤᠨ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠣᠷᠣᠬᠤ ᠶᠢ | ᠵᠣᠷᠢᠭᠵᠢᠭᠤᠯᠤᠨ᠎ᠠ᠃ ᠪᠡᠯᠡ ᠣᠷᠤᠭᠤᠯᠤᠭᠴᠢ ᠶᠢᠨ ᠲᠣᠮᠣ ᠬᠡᠯᠪᠡᠷᠢ ᠶᠢᠨ ᠲᠤᠰᠬᠠᠢ ᠵᠠᠬ᠎ᠠ ᠳᠡᠯᠭᠡᠭᠦᠷ ᠪᠠᠶᠢᠭᠤᠯᠬᠤ ᠶᠢ | ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠣᠳᠣ ᠦᠶ᠎ᠡ ᠶᠢᠨ | ᠪᠣᠳᠠᠰ ᠤᠨ ᠭᠦᠢᠯᠭᠡᠭᠡ ᠶᠢᠨ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ | ᠬᠤᠪᠢ ᠬᠥᠮᠥᠨ ᠢᠶᠠᠷ ᠪᠦᠷᠢᠯᠳᠦᠭᠰᠡᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠴᠣᠭᠴᠠᠯᠠᠵᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠨ ᠨᠡᠶᠢᠲᠡᠯᠡᠬᠦ ᠳᠦᠷᠢᠮ ᠪᠣᠯᠣᠨ ᠱᠠᠩᠨᠠᠨ | ᠲᠣᠷᠭᠠᠬᠤ ᠲᠣᠭᠲᠠᠴᠠ ᠶᠢ ᠲᠦᠷᠭᠡᠳᠬᠡᠨ ᠲᠣᠭᠲᠠᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ | ᠡᠪᠬᠡᠮᠡᠯ ᠤᠨ ᠡᠷᠬᠡ ᠰᠦᠷᠲᠦ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠪᠣᠯᠣᠨ᠎ᠠ᠃ | ᠨᠡᠶᠢᠭᠡᠮ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠨᠡᠶᠢᠭᠡᠮ ᠤᠨ | ᠪᠦᠯᠬᠦᠮ᠂ ᠵᠠᠭᠤᠴᠢᠯᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠪᠣᠯᠣᠨ | ᠦᠢᠯᠡᠴᠢᠯᠡᠭᠡᠨ ᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠣᠯᠠᠨ ᠭᠤᠣᠯ ᠴᠣᠭᠴᠠ ᠲᠠᠢ ᠮᠥᠷᠲᠡᠭᠡᠨ ᠣᠯᠠᠨ ᠳᠡᠰ | ᠳᠠᠪᠬᠤᠷᠭ᠎ᠠ ᠲᠠᠢ ᠪᠦᠬᠦ ᠲᠠᠯ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠪᠡᠯᠡ ᠣᠷᠤᠭᠤᠯᠤᠯᠲᠠ᠂ | ᠮᠡᠳᠡᠭᠡ ᠵᠠᠩᠭᠢ᠂ ᠮᠡᠷᠭᠡᠵᠢᠯ ᠪᠠ ᠬᠠᠤᠯᠢ ᠳᠦᠷᠢᠮ ᠤᠨ ᠳᠡᠮᠵᠢᠯᠭᠡ ᠬᠦᠷᠲᠡᠭᠡᠨ᠎ᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠷᠭ᠎ᠠ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠣᠲᠣᠭᠠᠲᠤ | ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ︽ᠲᠠᠪᠤᠨ | ᠶᠡᠭᠡ ᠰᠠᠭᠤᠷᠢᠨ︾ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ | ᠲᠡᠳᠬᠦᠨ ᠳᠡᠮᠵᠢᠬᠦ ᠶᠢᠨ ᠬᠠᠮᠲᠤ ︽ᠠᠵᠤ ᠠᠬᠤᠶᠢᠯᠠᠯᠲᠠᠨ ᠤ ᠴᠢᠳᠠᠪᠤᠷᠢᠲᠠᠨ ᠤ ᠬᠥᠮᠥᠷᠭᠡ︾ ᠶᠢ ᠰᠦᠪᠡᠭᠴᠢᠯᠡᠨ | ᠪᠠᠶᠢᠭᠤᠯᠤᠨ᠎ᠠ᠃ ᠠᠵᠤ ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ | ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠠᠷᠠᠯᠵᠢᠶᠠᠨ ᠤ ᠬᠡᠯᠪᠡᠷᠢ ᠶᠢᠨ | ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠣᠬᠢ ᠦᠢᠯᠡᠳᠬᠦᠨ ᠦᠢᠯᠡᠳᠴᠦ᠂ ᠨᠡᠷᠡᠲᠦ ᠲᠡᠮᠳᠡᠭ ᠪᠣᠶᠢᠵᠢᠭᠤᠯᠬᠤ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠬᠤᠭᠤᠷᠣᠨᠳᠤ ᠪᠠᠨ ᠨᠡᠶᠢᠯᠡᠬᠦ᠂ ᠳᠠᠬᠢᠨ ᠵᠣᠬᠢᠶᠠᠨ ᠪᠠᠶᠢᠭᠤᠯᠬᠤ ᠪᠠ | ᠬᠠᠮᠲᠤᠷᠠᠨ ᠠᠵᠢᠯᠯᠠᠬᠤ ᠶᠢ ᠵᠢᠯᠤᠭᠤᠳᠴᠤ᠂ ᠣᠬᠢ ᠰᠢᠯᠢᠳᠡᠭ ᠡᠳ᠋ ᠬᠥᠷᠥᠩᠭᠡ ᠶᠢ ᠠᠮᠢᠯᠠᠭᠤᠯᠤᠨ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠲᠣᠮᠣᠷᠠᠭᠤᠯᠬᠤ ᠪᠠᠷ ᠪᠤᠢ᠃ | |