ᠡᠨᠡ ᠵᠢᠯ ᠮᠠᠨ ᠤ ᠣᠷᠣᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠠ ᠨᠤᠲᠤᠭ ᠪᠠᠯᠴᠢᠭᠡᠷ ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠳ ᠢ ᠬᠤᠲᠠ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠰᠥᠪᠡᠭᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2015/1/28
     ᠡᠨᠡ ᠵᠢᠯ ᠮᠠᠨ ᠤ ᠣᠷᠣᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠠ ᠨᠤᠲᠤᠭ ᠪᠠᠯᠴᠢᠭᠡᠷ ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠳ ᠢ ᠬᠤᠲᠠ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ  ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠰᠥᠪᠡᠭᠴᠢᠯᠡᠨ ᠪᠠᠶᠢᠭᠤᠯᠵᠤ᠂ ᠣᠷᠤᠯᠭ᠎ᠠ ᠪᠠᠭᠠᠲᠠᠢ ᠨᠡᠶᠢᠲᠡ ᠴᠣᠭᠴᠠ ᠶᠢᠨ ᠳᠠᠭᠠᠳᠬᠠᠯ ᠳᠤ ᠣᠷᠣᠯᠴᠠᠨ ᠰᠤᠶᠢᠳᠭᠡᠯ ᠲᠤᠰᠢᠶᠠᠬᠤ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠰᠣᠳᠣᠯᠤᠨ᠂ ᠥᠷᠭᠦᠯᠵᠢᠯᠡᠨ ᠨᠡᠶᠢᠲᠡ ᠶᠢᠨ ᠦᠮᠴᠢᠯᠡᠯ ᠤᠨ ᠪᠣᠰᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ᠂ ᠠᠮᠢᠳᠤᠯᠢᠭ ᠢᠶᠠᠷ ᠠᠵᠢᠯ ᠤᠯᠤᠭᠰᠠᠨ ᠬᠦᠮᠥᠰ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠨ᠂ ᠪᠠᠷᠢᠯᠭ᠎ᠠ ᠵᠡᠷᠭᠡ ᠲᠦᠭᠰᠢᠭᠦᠷᠢ ᠶᠡᠬᠡᠲᠡᠢ ᠠᠵᠢᠯ ᠲᠦᠷᠦᠯ ᠤᠨ ᠬᠢᠨ ᠢ ᠠᠵᠢᠯ ᠠᠴᠠ ᠪᠣᠯᠣᠭᠰᠠᠨ ᠬᠡᠮᠳᠦᠯ ᠤᠨ ᠳᠠᠭᠠᠳᠬᠠᠯ ᠳᠤ ᠣᠷᠣᠯᠴᠠᠭᠤᠯᠬᠤ ᠠᠵᠢᠯ ᠢ ᠰᠠᠶᠢᠲᠤᠷ ᠬᠢᠨ᠎ᠡ᠃ ᠡᠨᠡ ᠵᠢᠯ ᠤᠨ ᠡᠴᠦᠰ ᠪᠣᠯᠬᠤ ᠳᠤ᠂ ᠮᠠᠨ ᠤ ᠣᠷᠣᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠥᠨᠳᠥᠰᠥᠨ ᠨᠠᠰᠤᠵᠢᠯ ᠤᠨ ᠠᠰᠠᠷᠠᠮᠵᠢ ᠂ ᠥᠨᠳᠥᠰᠥᠨ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠣᠭᠰᠠᠨ ᠭᠡᠮᠲᠥᠯ ᠤᠨ ᠳᠠᠭᠠᠳᠬᠠᠯ ᠪᠠ ᠥᠷᠡᠵᠢᠯ ᠤᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ ᠶᠢ ᠲᠤᠰ ᠲᠤᠰ 530 ᠲᠦᠮᠡ᠂ 1000 ᠲᠦᠮᠡ᠂ 237 ᠲᠦᠮᠡ᠂ 291 ᠲᠦᠮᠡ ᠪᠠ 300 ᠲᠦᠮᠡ ᠳᠤ ᠬᠦᠷᠥᠭᠦᠯᠥᠨ᠎ᠡ᠃    ᠡᠨᠡ ᠵᠢᠯ ᠮᠠᠨ ᠤ ᠣᠷᠣᠨ ᠣᠯᠭᠤᠮᠵᠢ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠳ ᠪᠣᠯᠣᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠭᠦ ᠳᠤ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠠᠴᠠ ᠨᠦᠬᠦᠪᠦᠷᠢ ᠦᠭᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠣᠯᠣᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠥᠷᠦ ᠶᠢᠨ ᠪᠣᠳᠣᠯᠭ᠎ᠠ ᠳᠠᠬᠢ ᠡᠮᠨᠡᠯᠭᠡ ᠳᠤ ᠰᠠᠭᠤᠭᠰᠠᠨ ᠤ ᠵᠠᠷᠤᠳᠠᠯ ᠤᠨ ᠰᠠᠭᠤᠷᠢ ᠮᠦᠩᠭᠦ ᠠᠴᠠ  ᠵᠠᠷᠤᠴᠠᠭᠤᠯᠬᠤ ᠬᠠᠷᠢᠴᠠᠯ ᠢ ᠲᠤᠰ ᠲᠤᠰ 80% ᠪᠠ 70%᠎ ᠠᠴᠠ ᠳᠡᠭᠡᠭᠰᠢ ᠪᠠᠶᠢᠯᠭᠠᠬᠤ ᠶᠢᠨ ᠬᠠᠮᠳᠤ ᠬᠦᠨᠳᠦ ᠣᠨᠴᠠ ᠶᠡᠭᠡ ᠡᠪᠡᠳᠴᠢᠨ ᠤ ᠪᠠᠲᠤᠯᠠᠭ᠎ᠠ ᠶᠢᠨ ᠲᠣᠭᠲᠠᠴᠠ ᠶᠢ ᠪᠥᠷᠢᠨᠰᠢᠭᠦᠯᠥᠨ᠂ ᠰᠠᠭᠤᠭᠠᠯᠢ ᠠᠷᠠᠳ ᠤᠨ ᠶᠡᠭᠡ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠤᠣᠷᠲᠤ ᠬᠠᠪᠤᠳᠠᠷ ᠤᠨ ᠨᠡᠩ ᠣᠯᠠᠨ ᠡᠪᠡᠳᠴᠢᠲᠡᠨ ᠤ ᠴᠢᠬᠤᠯᠠ ᠬᠡᠷᠡᠭᠰᠡᠬᠦ ᠴᠢᠭᠯᠡᠭᠦᠯᠥᠯᠭᠰᠡᠨ ᠡᠮ ᠢ ᠡᠮᠨᠡᠯᠭᠡ ᠶᠢᠨ ᠳᠠᠭᠠᠳᠬᠠᠯ ᠤᠨ ᠵᠠᠷᠤᠴᠠᠭᠤᠯᠬᠤ ᠬᠡᠪᠴᠢᠶᠡᠨ ᠳᠤ ᠣᠷᠣᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号