|
12331 ᠢᠳᠡᠭᠡᠨ ᠪᠠ ᠡᠮ ᠤᠨ ᠵᠦᠢᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ |
|
|
ᠨᠡᠶᠢᠲᠡᠯᠡᠭᠰᠡᠨ ᠴᠠᠭ᠄
2015/1/30
|
|
12331 ᠪᠤᠯ ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠨᠢᠭᠡᠲᠥᠯᠲᠡᠢ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠣᠯᠣᠨ᠎ᠠ ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ ᠤᠯᠠᠨ ᠲᠦᠮᠡᠨ ᠠᠴᠠ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠡᠷᠡᠭᠦᠯᠵᠢᠯ ᠢᠳᠡᠭᠡᠨ᠂ ᠵᠠᠰᠠᠯ ᠴᠢᠮᠡᠭ ᠤᠨ ᠡᠳ᠋ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ ᠭᠤᠭᠴᠣᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠭᠤᠯᠠ ᠤᠮᠳᠠᠭᠠᠨ ᠤ ᠦᠢᠯᠡᠴᠢᠯᠡᠭᠡᠨ ᠤ ᠭᠤᠭᠴᠣᠭᠠᠨ ᠳᠠᠬᠢ ᠢᠳᠡᠭᠡᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠨ᠎ᠠ᠃ ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠪᠠᠶᠢᠭᠤᠯᠤᠮᠵᠢ ᠪᠠᠶᠢᠭᠤᠯᠵᠦ᠂ ᠢᠯᠡᠴᠢᠯᠡᠨ ᠮᠡᠳᠡᠭᠦᠯᠥᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ ᠬᠡᠷᠡᠭᠲᠡᠢ᠃ ᠵᠠᠭᠠᠯᠳᠤᠵᠤ ᠢᠯᠡᠴᠢᠯᠡᠨ ᠮᠡᠳᠡᠭᠦᠯᠥᠭᠰᠡᠨ ᠢ ᠬᠦᠯᠢᠶᠠᠨ ᠠᠪᠤᠭᠰᠠᠨ ᠤ ᠳᠠᠷᠠᠭ᠎ᠠ᠂ ᠲᠤᠰ ᠪᠠᠶᠢᠭᠤᠯᠤᠮᠵᠢ ᠨᠢᠭᠡᠳᠦᠯᠲᠡᠢ ᠳ᠋ᠤᠭᠠᠷᠯᠠᠨ ᠬᠠᠮᠢᠶᠠᠷᠴᠤ᠂ ᠲᠤᠰᠬᠠᠢ ᠬᠦᠮᠦᠨ ᠢᠶᠠᠷ ᠬᠠᠷᠢᠭᠤᠴᠠᠭᠤᠯᠬᠤ ᠶᠢᠨ ᠬᠠᠮᠲᠤ 5 ᠠᠵᠢᠯᠯᠠᠬᠤ ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ ᠰᠢᠢᠳᠪᠦᠷᠢ ᠭᠠᠷᠭᠠᠬᠤ ᠬᠡᠷᠡᠭᠲᠡᠢ᠃ ᠵᠠᠭᠠᠯᠳᠤᠵᠦ ᠢᠯᠡᠴᠢᠯᠡᠨ ᠮᠡᠳᠡᠭᠦᠯᠦᠭᠰᠡᠨ ᠡᠲᠡᠭᠡᠳ ᠬᠢᠭᠡᠳ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠨᠢ ᠲᠣᠲᠣᠷᠬᠠᠢ ᠮᠥᠷᠲᠡᠭᠡᠨ ᠲᠤᠰ ᠵᠠᠰᠠᠭ ᠵᠠᠬᠢᠷᠭᠠᠨ ᠤ ᠣᠷᠣᠨ ᠤ ᠬᠠᠮᠢᠶᠠᠷᠤᠯᠲᠠ ᠳᠤ ᠬᠠᠷᠢᠶᠠᠯᠠᠭᠳᠠᠪᠠᠯ᠂ ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠪᠦᠬᠦᠨ ᠢ ᠰᠢᠢᠳᠪᠦᠷᠢᠯᠡᠵᠦ ᠳᠠᠭᠤᠰᠬᠤ ᠬᠤᠭᠤᠴᠠᠭ᠎ᠠ ᠬᠢᠵᠠᠭᠠᠷ ᠨᠢ ᠶᠡᠷᠥᠩᠬᠡᠶᠢᠳᠡᠭᠡᠨ 60 ᠡᠳᠦᠷ ᠪᠣᠯᠤᠨ᠎ᠠ᠂ ᠪᠠᠶᠢᠳᠠᠯ ᠨᠢ ᠪᠣᠳᠤᠯᠢᠶᠠᠨᠲᠠᠢ ᠶᠢᠨ ᠤᠷᠲᠤᠳᠬᠠᠬᠤ ᠬᠤᠭᠤᠴᠠᠭ᠎ᠠ ᠶᠢ 30 ᠡᠳᠦᠷ ᠠᠴᠠ ᠳᠠᠪᠠᠭᠤᠯᠵᠦ ᠪᠣᠯᠬᠤ ᠦᠭᠡᠢ᠃
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|