ᠴᠠᠭᠳᠠᠭ᠎ᠠ ᠳᠤ ᠭᠡᠷᠡᠭ ᠮᠡᠳᠡᠬᠦᠯᠬᠦ 110 ᠤᠳᠠᠰᠤ
ᠨᠡᠶᠢᠲᠡᠯᠡᠭᠰᠡᠨ ᠴᠠᠭ᠄
2015-01-30
     ᠡᠷᠡᠬᠦᠥ ᠶᠢᠨ ᠭᠡᠷᠡᠭ᠂ ᠠᠮᠤᠷ ᠲᠥᠪᠰᠢᠨ ᠤ ᠭᠡᠷᠡᠭ ︵ᠤᠴᠢᠷ︶ ᠵᠢᠴᠢ ᠤᠯᠠᠨ ᠨᠡᠶᠢᠳᠡ ᠶᠢᠨ ᠬᠢᠭᠡᠳ ᠬᠥᠮᠥᠨ   ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠥᠪᠰᠢᠨ ᠢ ᠬᠤᠬᠢᠷᠠᠭᠤᠯᠤᠭᠰᠠᠨ᠂ ᠠᠵᠢᠯ ᠰᠤᠷᠤᠯᠴᠠᠯᠭ᠎ᠠ ᠬᠢᠭᠡᠳ  ᠠᠮᠢᠳᠤᠷᠠᠯ ᠤᠨ ᠡᠮᠬᠢ ᠲᠢᠭᠯᠢᠮ ᠢ ᠨᠥᠯᠥᠭᠡᠯᠡᠭᠰᠡᠨ ᠭᠡᠷᠡᠭ ︵ᠤᠴᠢᠷ︶ ᠢ ᠰᠡᠷᠡᠵᠤ ᠮᠡᠳᠡᠪᠡᠯ᠂ ᠲᠡᠷᠡ ᠲᠠᠷᠤᠢ ᠳᠤᠨᠢ  ᠴᠠᠭᠳᠠᠭ᠎ᠠ ᠳᠤ ᠭᠡᠷᠡᠭ ᠮᠡᠳᠡᠬᠦᠯᠬᠦ ᠪᠤᠯ ᠠᠷᠠᠳ ᠢᠷᠭᠡᠳ ᠨᠢᠭᠡᠪᠥᠷᠢ ᠶᠢᠨ ᠬᠥᠢᠴᠡᠳᠭᠡᠪᠡᠰᠤ ᠵᠤᠬᠢᠬᠤ  ᠡᠬᠦᠷᠭᠡ  ᠬᠠᠷᠢᠭᠤᠴᠠᠯᠭ᠎ᠠ ᠪᠤᠯᠤᠨ᠎ᠠ᠃           ※  ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ              ○ ᠵᠤᠳᠤᠭᠠᠨ ᠬᠢᠬᠦ᠂ ᠶᠠᠭᠤᠮ᠎ᠠ ᠬᠤᠯᠠᠭᠠᠢᠢᠯᠠᠬᠤ᠂ ᠲᠤᠨᠤᠵᠤ ᠪᠤᠯᠢᠶᠠᠬᠤ᠂ ᠬᠥᠴᠥᠷᠭᠡᠭᠯᠡᠨ ᠪᠤᠵᠢᠷᠯᠠᠬᠤ᠂  ᠬᠥᠮᠥᠨ ᠠᠯᠠᠬᠤ ᠵᠡᠷᠭᠡ ᠡᠷᠡᠬᠦᠥ ᠶᠢᠨ ᠭᠡᠷᠡᠭ᠂ ᠠᠮᠤᠷ ᠲᠥᠪᠰᠢᠨ ᠤ ᠭᠡᠷᠡᠭ ︵ᠤᠴᠢᠷ︶ ᠢ ᠰᠡᠷᠡᠵᠤ ᠮᠡᠳᠡᠪᠡᠯ ᠲᠡᠷᠡ  ᠲᠠᠷᠤᠢ ᠳᠤᠨᠢ ᠴᠠᠭᠳᠠᠭ᠎ᠠ ᠳᠤ ᠭᠡᠷᠡᠭ ᠮᠡᠳᠡᠬᠦᠯᠥᠨ᠎ᠡ᠃ ᠭᠡᠷᠪᠡ ᠪᠠᠶᠢᠳᠠᠯ ᠪᠠᠴᠢᠮ᠂ ᠲᠡᠷᠡ ᠲᠠᠷᠤᠢ ᠳᠤᠨᠢ ᠴᠠᠭᠳᠠᠭ᠎ᠠ ᠳᠤ  ᠭᠡᠷᠡᠭ ᠮᠡᠳᠡᠬᠦᠯᠬᠦ ᠶᠢᠨ ᠠᠷᠭ᠎ᠠ ᠥᠭᠡᠢ ᠪᠤᠯ ᠰᠡᠵᠢᠭᠳᠡᠨ ᠢ ᠨᠤᠮᠤᠳᠬᠠᠭᠰᠠᠨ ᠪᠤᠶᠤ ᠠᠶᠤᠯᠳᠤ ᠪᠠᠶᠢᠳᠠᠯ ᠠᠴᠠ  ᠮᠤᠯᠳᠤᠷᠠᠭᠰᠠᠨ ᠤ ᠲᠠᠷᠠᠭ᠎ᠠ ᠥᠳᠳᠡᠷ ᠲᠥᠷᠭᠡᠨ ᠢᠶᠠᠷ ᠴᠠᠭᠳᠠᠭ᠎ᠠ ᠳᠤ ᠭᠡᠷᠡᠭ ᠮᠡᠳᠡᠬᠦᠯᠬᠦ ᠭᠡᠷᠡᠭᠳᠡᠢ᠃              ○ ᠤᠰᠤᠨ ᠳᠤ ᠤᠨᠠᠭᠰᠠᠨ᠂ ᠠᠰᠠᠷ ᠬᠠᠷᠠᠶᠢᠭᠰᠠᠨ᠂ ᠥᠪᠡᠷ ᠢ ᠪᠠᠨ ᠬᠤᠤᠷᠯᠠᠭᠰᠠᠨ᠂ ᠨᠠᠰᠤᠳᠠᠶᠢᠴᠤᠳ᠂  ᠭᠡᠥᠭᠡᠳ ᠪᠤᠶᠤ ᠤᠶᠤᠨ ᠴᠢᠳᠠᠪᠤᠷᠢ ᠶᠢᠨ ᠠᠷᠬᠠᠭ ᠲᠠᠢ᠂ ᠮᠡᠳᠡᠷᠡᠯ ᠤᠨ ᠡᠪᠡᠳᠴᠢᠨ ᠲᠠᠢ ᠬᠥᠮᠥᠰ ᠠᠯᠠᠭ᠎ᠠ ᠪᠤᠯᠤᠭᠰᠠᠨ᠂  ᠤᠯᠠᠨ ᠨᠡᠶᠢᠳᠡ ᠪᠠᠷ ᠢᠶᠠᠨ ᠠᠶᠤᠯ ᠲᠥᠭᠰᠢᠬᠦᠷᠢ ᠳᠤ ᠤᠴᠠᠷᠠᠵᠤ ᠭᠠᠭᠴᠠᠭᠠᠷᠳᠠᠨ ᠮᠤᠬᠤᠷᠳᠠᠭᠰᠠᠨ᠂ ᠤᠰᠤ᠂ ᠴᠠᠬᠢᠯᠭᠠᠨ᠂  ᠭᠡᠢ᠂ ᠲᠤᠯᠠᠭᠠᠯᠭ᠎ᠠ ᠵᠡᠷᠭᠡ ᠤᠯᠠᠨ ᠨᠡᠶᠢᠳᠡ ᠶᠢᠨ ᠪᠡᠯᠡᠳᠭᠡᠮᠵᠢ ᠳᠤ ᠲᠥᠭᠰᠢᠬᠦᠷᠢᠳᠤ ᠪᠠᠶᠢᠳᠠᠯ ᠢᠯᠡᠷᠡᠭᠰᠡᠨ ᠵᠡᠷᠭᠡ ᠶᠢ  ᠰᠡᠷᠡᠵᠤ ᠮᠡᠳᠡᠪᠡᠯ ᠴᠥᠮ 110 ᠤᠳᠠᠰᠤ ᠪᠠᠷ ᠴᠠᠭᠳᠠᠭ᠎ᠠ ᠳᠤ ᠭᠡᠷᠡᠭ ᠮᠡᠳᠡᠬᠦᠯᠥᠨ᠎ᠡ᠃          & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ              ◇ 110 ᠤᠳᠠᠰᠤ ᠪᠤᠯ ᠰᠥᠢᠳᠭᠡᠯ ᠠᠪᠳᠠᠭ ᠥᠭᠡᠢ᠂ ᠮᠥᠡᠭᠬᠦᠨ ᠵᠤᠭᠤᠰ ᠤᠷᠬᠢᠬᠤ᠂ ᠰᠤᠷᠤᠨᠵᠢᠨ ᠺᠠᠷᠲ  ᠭᠡᠷᠡᠭᠯᠡᠬᠦ ᠠᠷᠭ᠎ᠠ ᠪᠠᠷ ᠨᠡᠶᠢᠳᠡ ᠶᠢᠨ ᠭᠡᠷᠡᠭᠯᠡᠭᠡᠨ ᠤ ᠤᠳᠠᠰᠤ ᠪᠠᠷ ᠪᠥᠷ ᠰᠢᠭᠤᠳ ᠤᠳᠠᠰᠤᠳᠠᠵᠤ ᠪᠤᠯᠤᠨ᠎ᠠ ᠃            ◇  ᠴᠠᠭᠳᠠᠭ᠎ᠠ ᠳᠤ ᠭᠡᠷᠡᠭ ᠮᠡᠳᠡᠬᠦᠯᠬᠦ ᠥᠶ᠎ᠡ ᠳᠤ ᠭᠡᠷᠡᠭ ᠡᠬᠦᠰᠥᠭᠰᠡᠨ ᠴᠠᠭ ᠬᠤᠭᠤᠴᠠᠭ᠎ᠠ᠂ ᠤᠷᠤᠨ ᠪᠠᠶᠢᠷᠢ᠂  ᠥᠪᠡᠷ ᠤᠨ ᠢᠶᠠᠨ ᠨᠡᠷ᠎ᠡ ᠤᠪᠤᠭ ᠵᠢᠴᠢ ᠬᠠᠷᠢᠯᠴᠠᠬᠤ ᠠᠷᠭ᠎ᠠ ᠮᠠᠶ᠋ᠢᠬ ᠵᠡᠷᠭᠡ  ᠪᠠᠨ ᠲᠤᠳᠤᠷᠬᠠᠢ ᠭᠡᠯᠡᠵᠤ ᠥᠭᠬᠦ ᠭᠡᠷᠡᠭᠳᠡᠢ᠃  ᠭᠡᠷᠪᠡ ᠭᠡᠷᠡᠭ ᠡᠬᠦᠰᠥᠭᠰᠡᠨ ᠭᠠᠵᠠᠷ ᠤᠷᠤᠨ ᠢ ᠨᠢ ᠲᠤᠳᠤᠷᠬᠠᠢ ᠮᠡᠳᠡᠬᠦ ᠥᠭᠡᠢ ᠪᠤᠯ ᠲᠤᠬᠠᠢ ᠶᠢᠨ ᠲᠠᠯᠠᠪᠠᠢ ᠶᠢᠨ  ᠤᠢᠢᠷᠠᠯᠴᠠᠭ᠎ᠠ ᠪᠠᠶᠢᠭ᠎ᠠ ᠢᠯᠡ ᠲᠤᠳᠤ ᠲᠡᠮᠳᠡᠭ ᠲᠠᠢ ᠪᠠᠷᠢᠯᠭ᠎ᠠ᠂ ᠲᠤᠮᠤ ᠭᠡᠯᠪᠡᠷᠢ ᠶᠢᠨ ᠭᠠᠵᠠᠷ ᠲᠠᠯᠠᠪᠠᠢ᠂ ᠤᠯᠠᠨ ᠨᠡᠶᠢᠳᠡ   ᠶᠢᠨ ᠮᠠᠰᠢᠨ ᠲᠡᠷᠭᠡᠨ ᠤ ᠥᠷᠳᠡᠭᠡ᠂ ᠪᠠᠶᠢᠭᠤᠯᠭ᠎ᠠ ᠶᠢᠨ ᠨᠡᠷᠡᠶᠢᠳᠥᠯ ᠵᠡᠷᠭᠡ ᠶᠢ ᠭᠡᠯᠡᠵᠤ ᠥᠭᠬᠦ ᠭᠡᠷᠡᠭᠳᠡᠢ᠃              ◇  ᠴᠠᠭᠳᠠᠭ᠎ᠠ ᠳᠤ ᠭᠡᠷᠡᠭ ᠮᠡᠳᠡᠬᠦᠯᠥᠭᠰᠡᠨ ᠤ ᠲᠠᠷᠠᠭ᠎ᠠ ᠲᠤᠬᠠᠢ ᠶᠢᠨ ᠲᠠᠯᠠᠪᠠᠢ ᠶᠢ ᠬᠠᠮᠠᠭᠠᠯᠠᠵᠤ᠂ ᠴᠠᠭᠳᠠᠭ᠎ᠠ  ᠢᠷᠡᠵᠤ ᠭᠡᠷᠡᠴᠢ ᠪᠠᠷᠢᠮᠳᠠ᠂ ᠤᠷᠤ ᠮᠥᠷ ᠢ ᠪᠠᠶᠢᠴᠠᠭᠠᠬᠤ ᠳᠤ ᠲᠥᠬᠦᠮ ᠥᠵᠡᠬᠦᠯᠬᠦ ᠭᠡᠷᠡᠭᠳᠡᠢ᠃              ◇ ᠨᠠᠰᠤᠨ ᠳᠤ ᠬᠥᠷᠥᠭᠡᠳᠥᠢ ᠭᠡᠥᠭᠡᠳ ᠡᠷᠡᠬᠦᠥ ᠶᠢᠨ ᠭᠡᠷᠡᠭ ᠲᠤ ᠤᠴᠠᠷᠠᠪᠠᠯ᠂ ᠬᠠᠮᠤᠭ ᠤᠨ ᠲᠡᠷᠢᠬᠦᠨ ᠳᠤ  ᠥᠪᠡᠷ ᠤᠨ ᠢᠶᠠᠨ ᠠᠮᠤᠷ ᠲᠥᠪᠰᠢᠨ ᠢᠶᠠᠨ ᠰᠠᠶᠢᠳᠤᠷ ᠬᠠᠮᠠᠭᠠᠯᠠᠬᠤ ᠭᠡᠷᠡᠭᠳᠡᠢ᠃              ◇ ᠵᠥᠢ ᠶᠤᠰᠤᠨ ᠤ ᠬᠠᠮᠠᠭᠠᠯᠠᠯᠳᠠ ᠶᠠᠪᠤᠭᠤᠯᠬᠤ ᠥᠶ᠎ᠡ ᠳᠤ ᠬᠡᠳᠥᠷᠡᠭᠰᠡᠨ ᠬᠠᠮᠠᠭᠠᠯᠠᠯᠳᠠ ᠶᠢᠨ ᠠᠵᠢᠯᠯᠠᠭ᠎ᠠ  ᠠᠪᠬᠤ ᠶᠢ ᠪᠤᠯᠭᠤᠮᠵᠢᠯᠠᠬᠤ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号