ᠬᠥᠢᠳᠡᠨ ᠤᠷᠤᠰᠬᠠᠯ  ᠤᠨ ᠲᠤᠬᠠᠢ ᠮᠡᠳᠡᠴᠨ
ᠨᠡᠶᠢᠲᠡᠯᠡᠭᠰᠡᠨ ᠴᠠᠭ᠄
2015-01-30
     ᠤᠳᠠᠭ᠎ᠠ ᠪᠥᠷᠢ ᠶᠢᠨ ᠬᠥᠢᠳᠡᠨ ᠠᠭᠠᠷ ᠲᠠᠭᠠᠷᠢᠵᠤ ᠭᠠᠷᠬᠤ ᠪᠤᠯᠭᠠᠨ ᠳᠤ᠂ ᠲᠡᠷᠡ ᠬᠦ ᠭᠠᠵᠠᠷ ᠤᠷᠤᠨ  ᠳᠠᠬᠢ 24  ᠴᠠᠭ ᠤᠨ ᠬᠠᠮᠤᠭ ᠲᠤᠤᠷ᠎ᠠ ᠲᠤᠯᠠᠭᠠᠨ ᠤ ᠭᠡᠮᠵᠢᠶ᠎ᠡ ᠨᠢ 8 ℃ ᠠᠴᠠ ᠲᠡᠭᠡᠭᠰᠢ ᠪᠠᠭᠤᠷᠠᠬᠤ ᠮᠥᠷᠳᠡᠭᠡᠨ ᠬᠠᠮᠤᠭ ᠲᠤᠤᠷ᠎ᠠ  ᠲᠤᠯᠠᠭᠠᠨ ᠤ ᠭᠡᠮᠵᠢᠶ᠎ᠡ ᠨᠢ 4℃ ᠲᠠᠢ ᠲᠡᠩᠴᠡᠬᠦᠥ ᠪᠤᠶᠤ ᠲᠤᠤᠷ᠎ᠠ ᠪᠠᠶᠢᠵᠤ᠂ ᠡᠭᠡ ᠬᠠᠭᠤᠷᠠᠢ ᠲᠡᠭᠡᠷᠡᠬᠢ ᠲᠡᠭᠰᠢᠳᠭᠡᠭᠰᠡᠨ  ᠰᠠᠯᠬᠢᠨ ᠤ ᠬᠥᠴᠤ ᠨᠢ 5 — 7 ᠲᠡᠰ ᠲᠤ ᠬᠥᠷᠪᠡᠯ᠂ ᠬᠥᠢᠳᠡᠨ ᠤᠷᠤᠰᠬᠠᠯ ᠭᠡᠨ᠎ᠡ᠃ ᠬᠥᠢᠳᠡᠨ ᠤᠷᠤᠰᠬᠠᠯ  ᠲᠠᠭᠠᠷᠢᠵᠤ ᠭᠠᠷᠤᠭᠰᠠᠨ ᠭᠠᠵᠠᠷ ᠤᠨ ᠲᠤᠯᠠᠭᠠᠨ ᠤ ᠭᠡᠮᠵᠢᠶ᠎ᠡ ᠭᠡᠨᠡᠳᠳᠡ ᠪᠠᠭᠤᠷᠠᠬᠤ᠂ ᠶᠡᠭᠡ ᠰᠠᠯᠬᠢ ᠪᠤᠯᠤᠨ ᠪᠤᠷᠤᠭᠠᠨ  ᠴᠠᠰᠤ ᠤᠷᠤᠬᠤ ᠵᠡᠷᠭᠡ ᠴᠠᠭ ᠠᠭᠤᠷ ᠤᠨ ᠪᠠᠶᠢᠳᠠᠯ ᠶᠡᠭᠡ ᠭᠡᠪᠴᠢᠶ᠎ᠡ ᠪᠠᠷ ᠢᠯᠡᠷᠡᠨ᠎ᠡ᠃   ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ              ● ᠪᠠᠬᠢᠯᠡᠵᠤ ᠲᠤᠯᠠᠭᠠᠯᠠᠬᠤ ᠪᠠᠨ ᠠᠩᠬᠠᠷᠴᠤ᠂ ᠡᠪᠡᠳᠴᠢᠨ ᠡᠮᠭᠡᠭ ᠲᠠᠭᠠᠯᠳᠤᠨ ᠡᠬᠦᠰᠬᠦ ᠶᠢ  ᠰᠡᠷᠭᠡᠶᠢᠯᠡᠨ᠎ᠡ᠃              ● ᠶᠡᠭᠡ ᠰᠠᠯᠬᠢᠨ ᠳᠤ ᠬᠢᠯᠪᠠᠷᠬᠠᠨ ᠬᠡᠶᠢᠰᠴᠤ ᠥᠯᠢᠶᠡᠭᠳᠡᠬᠦ ᠡᠬᠦᠳᠡ ᠴᠤᠩᠬᠤ᠂ ᠪᠥᠰᠡᠯᠡᠬᠦᠷ ᠬᠠᠪᠳᠠᠰᠤ ᠵᠡᠷᠭᠡ  ᠪᠡᠯᠡᠳᠭᠡᠮᠵᠢ ᠪᠠᠨ  ᠪᠠᠬᠢᠯᠡᠨ᠎ᠡ  ᠃              ● ᠲᠠᠷᠢᠮᠠᠯ ᠤᠨ ᠵᠥᠢᠯ᠂ ᠮᠠᠯ ᠵᠢᠬᠦᠷᠳᠡᠨ ᠵᠡᠷᠭᠡ ᠪᠠᠨ ᠬᠠᠮᠠᠭᠠᠯᠠᠬᠤ ᠠᠷᠭ᠎ᠠ ᠭᠡᠮᠵᠢᠶ᠎ᠡ ᠠᠪᠬᠤ ᠭᠡᠷᠡᠭᠳᠡᠢ᠃   &ᠲᠤᠰᠬᠠᠢ ᠮᠡᠷᠭᠡᠵᠢᠯᠳᠡᠨ ᠤ ᠰᠠᠨᠠᠭᠤᠯᠤᠮᠵᠢ              ◆ ᠬᠥᠢᠳᠡᠨ ᠤᠷᠤᠰᠬᠠᠯ ᠤᠨ ᠤᠷᠢᠳᠴᠢᠯᠠᠭᠰᠠᠨ ᠮᠡᠳᠡᠭᠡ ᠶᠢ ᠪᠠᠶᠢᠡᠭᠭᠤ ᠠᠩᠬᠠᠷᠴᠤ᠂ ᠭᠠᠮᠰᠢᠬ ᠢ ᠰᠡᠷᠭᠡᠶᠢᠯᠡᠬᠦ  ᠪᠡᠯᠡᠳᠭᠡᠯ ᠠᠵᠢᠯ ᠢᠶᠠᠨ ᠤᠷᠢᠳᠴᠢᠯᠠᠨ ᠰᠠᠶᠢᠳᠤᠷ  ᠬᠢᠨ᠎ᠠ᠃              ◆ ᠬᠥᠢᠳᠡᠨ ᠤᠷᠤᠰᠬᠠᠯ ᠠᠴᠠ ᠪᠤᠯᠵᠤ ᠰᠠᠯᠬᠢᠨ ᠪᠤᠷᠤᠭᠠᠨ ᠬᠢᠯᠪᠠᠷ ᠡᠬᠦᠰᠬᠦ ᠪᠤᠯᠬᠤᠷ᠂ ᠤᠰᠤᠨ ᠳᠤ  ᠠᠵᠢᠯᠯᠠᠬᠤ ᠬᠥᠮᠥᠰ ᠤᠨᠴᠠᠭᠠᠢ  ᠠᠩᠬᠠᠷᠤᠨ᠎ᠠ  ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号