ᠶᠡᠭᠡ ᠰᠠᠯᠬᠢᠨ ᠤ ᠲᠤᠬᠠᠢ ᠤᠶᠢᠯᠠᠭᠠᠯᠳᠠ
ᠨᠡᠶᠢᠲᠡᠯᠡᠭᠰᠡᠨ ᠴᠠᠭ᠄
2015-01-30
     ᠰᠠᠯᠬᠢᠨ ᠤ ᠬᠥᠴᠤ ᠨᠢ 6 ᠲᠡᠰ ︵10.8 ᠮᠧᠲᠷ \ᠰᠧᠺᠦ᠋ᠨ᠋ᠳ᠋︶ ᠬᠥᠷᠬᠦ ᠪᠤᠶᠤ ᠭᠱᠠᠨ ᠵᠠᠭᠤᠷ᠎ᠠ  ᠶᠢᠨ  ᠬᠤᠭᠤᠷᠤᠨᠳᠤ ᠰᠠᠯᠬᠢᠨ ᠤ ᠬᠥᠴᠤ ᠨᠢ 17 ᠮᠧᠲᠷ \ᠰᠧᠺᠦ᠋ᠨ᠋ᠳ᠋ ᠠᠴᠠ ᠲᠡᠭᠡᠭᠰᠢ ᠳᠤ ᠬᠥᠷᠬᠦ ᠶᠢ ᠶᠡᠭᠡ ᠰᠠᠯᠬᠢᠨ ᠭᠡᠨ᠎ᠡ᠃ ᠶᠡᠭᠡ ᠰᠠᠯᠬᠢᠨ ᠪᠤᠯ ᠨᠢᠭᠡ ᠵᠥᠢᠯ ᠤᠨ ᠪᠠᠶᠢᠭᠠᠯᠢ ᠶᠢᠨ ᠥᠵᠡᠭᠳᠡᠯ᠂ ᠲᠥᠷᠭᠡᠨ ᠬᠤᠷᠳᠤᠴᠠ ᠪᠠᠷ ᠰᠢᠯᠵᠢᠵᠤ ᠪᠠᠶᠢᠭ᠎ᠠ ᠠᠭᠠᠷ ᠪᠤᠯᠤᠨ᠎ᠠ᠃ ᠶᠡᠭᠡ ᠰᠠᠯᠬᠢᠨ ᠤ ᠡᠬᠦᠰᠥᠭᠰᠡᠨ ᠰᠢᠯᠳᠠᠭᠠᠨ ᠨᠢ ᠠᠳᠠᠯᠢ ᠪᠤᠰᠤ ᠠᠴᠠ ᠪᠤᠯᠵᠤ᠂ ᠲᠡᠬᠦᠨ ᠢ ᠲᠠᠯᠠᠢ ᠶᠢᠨ  ᠲᠠᠳᠠᠯᠳᠠ ᠶᠢᠨ ᠶᠡᠭᠡ ᠰᠠᠯᠬᠢᠨ᠂ ᠠᠶᠤᠩᠭᠠᠳᠤ ᠪᠤᠷᠤᠭᠠᠨ ᠤ ᠶᠡᠭᠡ ᠰᠠᠯᠬᠢᠨ ᠬᠢᠭᠡᠳ ᠬᠤᠢ ᠰᠠᠯᠬᠢᠨ ᠭᠡᠵᠤ ᠬᠤᠪᠢᠶᠠᠵᠤ  ᠪᠤᠯᠳᠠᠭ᠃             ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ                ○ ᠤᠰᠤᠨ ᠳᠤ ᠠᠵᠢᠯᠯᠠᠭᠰᠠᠳ ᠪᠠ ᠨᠠᠰᠢ ᠴᠠᠰᠢ ᠵᠤᠷᠴᠢᠵᠤ ᠪᠠᠶᠢᠭ᠎ᠠ ᠤᠡᠭᠭᠤᠴᠠ ᠨᠢ ᠠᠷᠭᠠᠴᠠᠭᠠᠬᠤ ᠠᠷᠭ᠎ᠠ  ᠭᠡᠮᠵᠢᠶ᠎ᠡ ᠶᠢ ᠢᠳᠡᠪᠬᠢᠳᠡᠢ ᠠᠪᠴᠤ᠂ ᠭᠠᠷᠠᠮ ᠤᠨ ᠪᠡᠯᠡᠳᠭᠡᠮᠵᠢ ᠪᠠᠨ ᠪᠠᠬᠢᠯᠡᠵᠤ᠂ ᠤᠡᠭᠭᠤᠴᠠ ᠶᠢᠨ ᠤᠷᠤᠰᠴᠤ ᠶᠠᠪᠤᠬᠤ᠂  ᠱᠥᠷᠬᠦᠬᠡᠬᠦ ᠪᠠ ᠮᠥᠷᠬᠦᠯᠳᠥᠬᠦ ᠠᠴᠠ ᠰᠡᠷᠭᠡᠶᠢᠯᠡᠨ᠎ᠡ᠃              ○ ᠨᠢᠰᠭᠡᠯ ᠤᠨ ᠪᠠᠭᠤᠳᠠᠯ᠂ ᠲᠡᠭᠡᠳᠤ ᠬᠤᠷᠳᠤᠴᠠᠳᠤ ᠵᠠᠮ ᠵᠡᠷᠭᠡ ᠶᠢᠨ ᠬᠠᠮᠢᠶᠠᠷᠤᠯᠳᠠ ᠶᠢᠨ ᠨᠢᠭᠡᠴᠡ  ᠨᠦᠭᠦᠳ  ᠵᠠᠮ ᠬᠠᠷᠢᠯᠴᠠᠭ᠎ᠠ ᠶᠢᠨ ᠠᠮᠤᠷ ᠲᠥᠪᠰᠢᠨ ᠢ ᠪᠠᠳᠤᠯᠠᠬᠤ ᠠᠷᠭ᠎ᠠ ᠭᠡᠮᠵᠢᠶ᠎ᠡ ᠠᠪᠴᠤ᠂ ᠬᠤᠯᠪᠤᠭᠳᠠᠯ ᠪᠥᠬᠦᠢ ᠰᠠᠯᠠᠭ᠎ᠠ  ᠮᠥᠴᠢᠷ ᠪᠤᠯᠤᠨ ᠨᠢᠭᠡᠴᠡ ᠨᠢ ᠤᠢ ᠰᠢᠭᠤᠢ᠂ ᠲᠠᠯ᠎ᠠ ᠨᠤᠳᠤᠭ ᠵᠡᠷᠭᠡ ᠭᠠᠵᠠᠷ ᠤᠷᠤᠨ ᠳᠤ ᠭᠠᠯ ᠲᠥᠢᠮᠡᠷ ᠢ ᠠᠩᠬᠠᠷᠤᠨ ᠰᠡᠷᠭᠡᠶᠢᠯᠡᠵᠤ ᠪᠤᠯᠤᠨ᠎ᠠ᠃              ○ ᠵᠠᠳᠠᠭᠠᠢ ᠭᠠᠵᠠᠷ ᠲᠠᠯᠠᠪᠠᠢ ᠳᠠᠬᠢ ᠬᠥᠳᠡᠯᠭᠡᠭᠡᠨ ᠪᠤᠯᠤᠨ ᠥᠨᠳᠥᠷ ᠲᠡᠭᠡᠷᠡᠬᠢ ᠵᠡᠷᠭᠡ ᠭᠡᠷ ᠤᠨ ᠭᠠᠳᠠᠨᠠᠬᠢ  ᠲᠥᠭᠰᠢᠬᠦᠷᠢᠳᠡᠢ ᠠᠵᠢᠯ ᠢ ᠵᠤᠭᠰᠤᠭᠠᠵᠤ᠂ ᠠᠶᠤᠯᠳᠠᠢ ᠭᠠᠵᠠᠷ ᠤᠨ ᠬᠥᠮᠥᠰ ᠪᠤᠶᠤ ᠠᠶᠤᠯᠳᠠᠢ ᠭᠡᠷ ᠪᠠᠷᠢᠯᠭ᠎ᠠ ᠶᠢᠨ  ᠰᠠᠭᠤᠭᠠᠯᠢ ᠠᠷᠠᠳ ᠢ ᠴᠢᠳᠠᠬᠤ ᠶᠢᠨ ᠲᠤᠳᠤᠷ᠎ᠠ ᠰᠠᠯᠬᠢ ᠬᠠᠯᠬᠠᠯᠠᠬᠤ ᠭᠠᠵᠠᠷ ᠲᠤ ᠰᠢᠯᠵᠢᠬᠦᠯᠥᠨ ᠰᠠᠯᠬᠢᠨ ᠠᠴᠠ ᠵᠠᠶᠢᠯᠠᠬᠤ ᠪᠤᠯᠪᠠᠤ᠃              ○ ᠰᠠᠯᠬᠢ ᠬᠠᠯᠬᠠᠯᠠᠬᠤ ᠭᠠᠷᠠᠮ ᠳᠤ ᠪᠤᠴᠠᠬᠰᠠᠨ ᠤᠡᠭᠭᠤᠴᠠ ᠨᠤᠭᠤᠳ ᠤᠷᠴᠢᠨ ᠪᠠᠶᠢᠳᠠᠯ ᠢᠶᠠᠨ ᠥᠨᠳᠥᠰᠥᠯᠡᠨ  ᠂ ᠢᠳᠡᠪᠬᠢᠳᠡᠢ ᠠᠷᠭ᠎ᠠ ᠭᠡᠮᠵᠢᠶ᠎ᠡ ᠠᠪᠴᠤ᠂ ᠬᠥᠮᠥᠰ ᠢ ᠥᠯᠡᠳᠡᠨ ᠰᠠᠬᠢᠬᠤ ᠪᠤᠶᠤ ᠠᠮᠤᠷ ᠲᠥᠪᠰᠢᠨ ᠭᠠᠵᠠᠷ ᠤᠷᠤᠨ ᠳᠤ  ᠰᠢᠯᠵᠢᠬᠦ ᠶᠢ ᠵᠤᠬᠢᠮᠵᠢᠳᠠᠢ ᠲᠤᠬᠢᠷᠠᠭᠤᠯᠬᠤ ᠭᠡᠷᠡᠭᠳᠡᠢ᠃             & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ              ◇ ᠬᠤᠯᠪᠤᠭᠳᠠᠯ ᠪᠥᠬᠦᠢ ᠰᠠᠯᠠᠭ᠎ᠠ ᠮᠥᠴᠢᠷ ᠪᠤᠯᠤᠨ ᠨᠢᠭᠡᠴᠡ ᠨᠦᠭᠦᠳ ᠤᠢ ᠰᠢᠭᠤᠢ᠂ ᠲᠡᠯ᠎ᠠ ᠨᠤᠳᠤᠭ ᠤᠨ ᠭᠠᠯ  ᠲᠥᠢᠮᠡᠷ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠨ᠎ᠠ᠃              ◇ ᠬᠥᠷᠢᠶ᠎ᠡ ᠬᠠᠰᠢᠶ᠎ᠠ᠂ ᠫᠧᠩ ᠬᠤᠷᠢᠶ᠎ᠠ᠂ ᠵᠠᠷ ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠥᠯᠢᠶᠡᠭᠳᠡᠨ  ᠤᠨᠠᠬᠤ ᠪᠠᠷᠢᠯᠭ᠎ᠠ ᠶᠢ ᠪᠠᠬᠢᠯᠡᠬᠦ ᠪᠠᠨ ᠠᠩᠬᠠᠷᠤᠨ᠎ᠠ᠃              ◇ ᠰᠠᠯᠬᠢᠯᠠᠵᠤ ᠪᠠᠶᠢᠭ᠎ᠠ ᠥᠶ᠎ᠡ ᠳᠤ ᠵᠠᠷ ᠤᠨ ᠫᠠᠶᠢᠰᠠ ᠪᠤᠶᠤ ᠲᠥᠷ ᠴᠠᠭ ᠤᠨ ᠪᠠᠷᠢᠯᠭ᠎ᠠ ᠶᠢᠨ ᠲᠤᠤᠷ᠎ᠠ  ᠲᠠᠯᠳᠠᠯᠠᠨ ᠬᠤᠷᠭᠤᠳᠠᠵᠤ ᠪᠤᠯᠬᠤ ᠥᠭᠡᠢ᠃              ◇ ᠰᠠᠯᠬᠢ ᠬᠠᠯᠬᠠᠯᠠᠬᠤ ᠴᠢᠳᠠᠮᠵᠢ ᠪᠠᠷ ᠠᠨᠠᠢ ᠭᠡᠷ ᠪᠠᠷᠢᠯᠭ᠎ᠠ ᠲᠠᠢ ᠲᠤᠮᠳᠠᠳᠤ ᠪᠠᠭ᠎ᠠ ᠰᠤᠷᠭᠠᠭᠤᠯᠢ ᠪᠤᠯᠤᠨ  ᠨᠢᠭᠡᠴᠡ ᠨᠦᠭᠦᠳ ᠬᠢᠴᠢᠶᠡᠯᠯᠡᠬᠦ ᠪᠠᠨ ᠵᠤᠭᠰᠤᠬᠤ ᠪᠤᠶᠤ ᠠᠵᠢᠯᠯᠠᠬᠤ ᠪᠠᠨ  ᠵᠤᠭᠰᠤᠨ᠎ᠠ᠃              ◇ ᠬᠥᠮᠥᠰ ᠭᠠᠳᠠᠭᠰᠢ ᠭᠠᠷᠬᠤ ᠪᠠᠨ ᠴᠦᠬᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号