ᠥᠪᠥᠷ ᠮᠣᠩᠭᠤᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠥᠨᠥᠳᠦᠷ ᠠᠴᠠ ᠡᠬᠢᠯᠡᠨ ᠰᠢᠨ᠎ᠡ ᠰᠤᠷᠤᠭᠴᠢ ᠶᠢᠨ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠳᠠᠩᠰᠠᠯᠠᠭᠤᠯᠤᠨ᠎ᠠ
ᠨᠡᠶᠢᠲᠡᠯᠡᠭᠰᠡᠨ ᠴᠠᠭ᠄
2015/10/12
     10 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠤᠶᠢᠯᠠᠭᠠᠭᠰᠠᠨ ᠨᠢ᠂ 10 ᠳ᠋ᠤᠭᠠᠷ ᠰᠠᠷ᠎ᠠ ᠶᠢᠨ 12᠎ ᠤ ᠡᠳᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ 2015 ᠣᠨ ᠤ ᠤᠷᠤᠨ ᠤ ᠳᠤᠲᠤᠷᠠᠬᠢ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶᠎ ᠤᠨ ᠰᠤᠷᠭᠠᠭᠤᠯᠢ ᠶᠢᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠨᠤᠭᠤᠳ᠂ ᠤᠷᠤᠨ ᠤ ᠲᠤᠲᠤᠷ᠎ᠠ ᠭᠠᠳᠠᠨᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠭᠰᠡᠨ ᠰᠢᠨ᠎ᠡ ᠰᠤᠷᠤᠭᠴᠢᠳ ᠤᠨ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠨᠢᠭᠡᠳᠦᠯᠲᠡᠶ ᠳᠠᠩᠰᠠᠯᠠᠨ᠎ᠠ᠃ ᠪᠣᠳᠠᠲᠠᠶ ᠳᠠᠩᠰᠠᠯᠠᠭᠤᠯᠬᠤ ᠴᠠᠭ᠄ 10 ᠳ᠋ᠤᠭᠠᠷ ᠰᠠᠷ᠎ᠠ ᠶᠢᠨ 12᠎ ᠤᠨ ᠡᠳᠦᠷ ᠤᠨ 9 ᠴᠠᠭ ᠠᠴᠠ 30᠎ ᠤ ᠡᠳᠦᠷ ᠤᠨ 17 ᠴᠠᠭ ᠪᠤᠯᠲᠠᠯ᠎ᠠ᠃ ᠣᠷᠣᠨ ᠤ ᠲᠤᠲᠤᠷᠠᠬᠢ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶᠎ ᠤᠨ ᠳᠡᠭᠡᠳᠦ ᠰᠤᠷᠭᠠᠭᠤᠯᠢ ᠪᠤᠯᠤᠨ ᠣᠷᠣᠨ ᠤ ᠳᠣᠲᠣᠷ᠎ᠠ ᠭᠠᠳᠠᠨᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2015 ᠣᠨ ᠤ ᠰᠢᠨ᠎ᠡ ᠰᠤᠷᠤᠭᠴᠢ ᠡᠯᠰᠡᠬᠦ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠠᠵᠢᠯ ᠢᠶᠠᠨ ᠵᠠᠪᠠᠯ ᠲᠣᠭᠲᠠᠭᠰᠠᠨ ᠴᠠᠭ ᠤᠨ ᠳᠣᠲᠣᠷ᠎ᠠ ᠨᠢᠭᠡ ᠯᠡ ᠤᠳᠠᠭ᠎ᠠ ᠳᠤ ᠪᠡᠶᠡᠯᠡᠭᠦᠯᠬᠦ ᠬᠡᠷᠡᠭᠲᠠᠢ᠃ ᠲᠣᠭᠲᠠᠭᠰᠠᠨ ᠬᠤᠭᠤᠴᠠᠭᠠᠨ ᠳᠤ ᠦᠯᠦ ᠳᠠᠩᠰᠠᠯᠠᠭᠤᠯᠤᠭᠰᠠᠨ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶᠎ ᠤᠨ ᠰᠤᠷᠭᠠᠭᠤᠯᠢ ᠶᠢᠨ ᠰᠤᠷᠤᠭᠴᠢᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠭᠤᠷᠪᠠᠨ ᠵᠢᠯ ᠤᠨ ᠰᠤᠷᠤᠯᠴᠠᠯᠭ᠎ᠠ ᠪᠠᠨ  ᠳᠠᠭᠤᠰᠬᠠᠭᠰᠠᠨ ᠤ ᠳᠠᠷᠠᠭ᠎ᠠ ᠳᠠᠷᠠᠭᠠᠴᠢ ᠶᠢᠨ ᠡᠯᠰᠡᠯᠲᠡ ᠳᠤ ᠰᠢᠯᠵᠢᠭᠦᠯᠦᠨ ᠤᠷᠤᠭᠤᠯᠵᠤ ᠪᠣᠯᠬᠤ ᠦᠭᠡᠶ᠂ ᠡᠭᠦᠨ ᠠᠴᠠ ᠪᠤᠯᠤᠭᠰᠠᠨ ᠦᠯᠡᠳᠡᠭᠳᠡᠯ ᠠᠰᠠᠭᠤᠳᠠᠯ ᠢ ᠴᠥᠮ ᠰᠤᠷᠤᠭᠴᠢ ᠡᠯᠰᠡᠬᠦ ᠰᠤᠷᠭᠠᠭᠤᠯᠢ ᠬᠠᠷᠢᠭᠤᠴᠠᠵᠤ ᠲᠠᠶᠢᠯᠪᠤᠷᠢᠯᠠᠨ ᠰᠢᠢᠳᠪᠦᠷᠢᠯᠡᠬᠦ ᠬᠡᠷᠡᠭᠲᠠᠢ᠃      ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶᠎ ᠤᠨ ᠰᠤᠷᠭᠠᠭᠤᠯᠢ ᠶᠢᠨ ᠰᠢᠨ᠎ᠡ ᠡᠯᠰᠡᠭᠰᠡᠨ ᠰᠤᠷᠤᠭᠴᠢ ᠶᠢᠨ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠠᠵᠢᠯ ᠢ 2015 ᠣᠨ ᠤ ᠰᠤᠷᠤᠭᠴᠢ ᠡᠯᠰᠡᠬᠦ ᠲᠥᠯᠥᠪᠯᠡᠭᠡ ᠶᠢ ᠲᠤᠭᠲᠠᠭᠠᠭᠰᠠᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠨᠤᠭᠤᠳ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠢᠭᠡᠳᠦᠯᠲᠡᠶ ᠬᠠᠮᠢᠶᠠᠷᠴᠤ᠂ ᠪᠣᠳᠠᠲᠠᠶ ᠳᠠᠩᠰᠠᠯᠠᠭᠤᠯᠬᠤ ᠠᠵᠢᠯ ᠢ ᠰᠤᠷᠤᠭᠴᠢᠳ ᠤᠨ ᠡᠮᠦᠨᠡᠬᠢ ᠭᠤᠷᠪᠠᠨ ᠵᠢᠯ ᠤᠨ ᠰᠤᠷᠤᠯᠴᠠᠵᠤ ᠪᠠᠶᠢᠭᠰᠠᠨ ᠰᠤᠷᠭᠠᠭᠤᠯᠢ ︵ᠬᠠᠮᠲᠤᠷᠠᠨ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠵᠤ ᠪᠣᠯᠤᠨ᠎ᠠ︶᠎ ᠠᠴᠠ ᠬᠠᠷᠢᠭᠤᠴᠠᠨ᠎ᠠ᠃      ᠣᠷᠣᠨ ᠤ ᠳᠤᠲᠤᠷᠠᠬᠢ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠎ ᠤᠨ ᠰᠤᠷᠭᠠᠭᠤᠯᠢ ᠳᠠᠩᠰᠠᠯᠠᠭᠤᠯᠬᠤ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠰᠤᠷᠭᠠᠭᠤᠯᠢ ᠶᠢᠨ ᠬᠠᠷᠢᠶᠠᠲᠤ ᠰᠤᠷᠤᠭᠴᠢ ᠨᠢᠬᠡᠪᠦᠷᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠠᠮᠵᠢᠭᠤᠨ ᠰᠤᠳᠠᠯ ᠤᠨ ᠮᠡᠳᠡᠭᠡ ᠵᠠᠩᠭᠢ ᠶᠢᠨ ᠰᠢᠯᠭᠠᠨ ᠪᠠᠲᠤᠯᠠᠯᠲᠠ ᠬᠢᠬᠦ ᠱᠠᠭᠠᠷᠳᠠᠯᠭ᠎ᠠ ᠶᠣᠰᠣᠭᠠᠷ ᠬᠦᠢᠴᠡᠳᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号