ᠡᠮᠦᠨ᠎ᠡ ᠭᠤᠷᠪᠠᠨ ᠤᠯᠠᠷᠢᠯ ᠳᠤ ᠪᠦᠬᠦ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠤᠯᠤᠭᠰᠠᠨ ᠬᠡᠮᠵᠢᠶ᠎ᠡ ᠢᠯᠡᠳᠲᠡ ᠨᠡᠮᠡᠭᠳᠡᠪᠡ
ᠨᠡᠶᠢᠲᠡᠯᠡᠭᠰᠡᠨ ᠴᠠᠭ᠄
2015/10/12
      ᠡᠨᠡ ᠵᠢᠯ ᠤᠨ 1-9 ᠳ᠋ᠤᠭᠡᠷ ᠰᠠᠷ᠎ᠠ ᠳᠤ᠂ ᠪᠦᠬᠦ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠪᠠᠶᠢᠭᠤᠯᠬᠤ ᠶᠢ ᠨᠡᠶᠢᠲᠡ 35᠎ ᠶᠢ ᠵᠦᠪᠰᠢᠶᠡᠷᠡᠵᠤ᠂ ᠠᠳᠠᠯᠢ ᠬᠤᠭᠤᠴᠠᠭᠠᠨ ᠤ ᠎ ᠬᠢ ᠠᠴᠠ 9.4%᠎ ᠪᠠᠷ ᠨᠡᠮᠡᠭᠳᠡᠪᠡ᠃ ᠡᠭᠦᠨ ᠳᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ 19᠂ ᠳᠤᠮᠳᠠᠳᠤ ᠭᠠᠳᠠᠭᠠᠳᠤ ᠶᠢᠨ ᠬᠤᠷᠰᠢᠭᠰᠠᠨ ᠠᠵᠤ ᠠᠬᠤᠶᠢᠯᠠᠯ 2᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡᠲᠦ ᠠᠵᠤ ᠠᠬᠤᠶᠢᠯᠠᠯ 14 ᠪᠤᠢ︔ ᠰᠢᠨ᠎ᠡ ᠪᠠᠷ ᠵᠦᠪᠰᠢᠶᠡᠷᠡᠭᠰᠡᠨ ᠠᠵᠤ ᠠᠬᠤᠶᠢᠯᠠᠯ ᠤᠨ ᠪᠡᠯᠡ ᠤᠷᠤᠭᠤᠯᠤᠯᠲᠠ ᠨᠢ   ᠭᠤᠤᠯᠳᠠᠭᠤ ᠰᠢᠶᠠᠩᠭᠠᠩ᠂ ᠺᠤᠷᠢᠶᠠ᠂ ᠣᠷᠣᠰ᠂ ᠮᠡᠦ᠋ᠷᠢᠲ᠋ᠢᠦ᠋ᠰ᠂ ᠺᠠᠶᠢᠮᠠᠨ ᠤᠯᠳᠤᠷᠢᠭ᠂ ᠮᠣᠩᠭᠤᠯ ᠵᠡᠷᠭᠡ ᠤᠯᠤᠰ ᠠᠴᠠ ᠢᠷᠡᠯᠲᠡ ᠲᠠᠢ ᠪᠠᠶᠢᠨ᠎ᠠ᠃ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠮᠦᠡᠭᠭᠦ 145812 ᠲᠦᠮᠡᠨ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 35.2%᠎ ᠢᠶᠠᠷ ᠨᠡᠮᠡᠭᠳᠡᠪᠡ᠃ ᠠᠵᠢᠯ ᠲᠥᠷᠥᠯ ᠠᠴᠠ ᠨᠢ ᠠᠪᠴᠤ ᠦᠵᠡᠪᠡᠯ᠂ ᠭᠤᠤᠯᠳᠠᠭᠤ ᠠᠭᠤᠷᠬᠠᠶ ᠮᠠᠯᠲᠠᠬᠤ ᠦᠢᠯᠡᠰ᠂ ᠦᠢᠯᠡᠳᠪᠦᠷᠢᠯᠡᠬᠦ ᠦᠢᠯᠡᠰ᠂ ᠴᠠᠬᠢᠯᠭᠠᠨ ᠬᠦᠴᠦ ᠰᠢᠲᠠᠮᠠᠬᠠᠢ ᠬᠡᠢ ᠬᠢᠬᠡᠳ ᠤᠰᠤ ᠬᠠᠩᠭᠠᠬᠤ ᠦᠢᠯᠡᠰ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠲᠡᠮᠦᠷᠯᠢᠭ ᠪᠤᠰᠤ ᠮᠠᠲ᠋ᠧᠷᠢᠶᠠᠯ ᠬᠠᠶᠢᠯᠤᠭᠤᠯᠬᠤ ᠪᠠ ᠬᠤᠨᠣᠬᠤ᠂ ᠢᠳᠡᠭᠡᠨ ᠤᠮᠳᠠᠭᠠᠨ ᠤ ᠦᠢᠯᠡᠰ ᠲᠤ ᠲᠦᠪᠯᠡᠷᠡᠵᠤ ᠪᠤᠢ᠂ ᠭᠠᠵᠠᠷ ᠤᠷᠤᠨ ᠤ ᠲᠠᠷᠬᠠᠯᠲᠠ ᠠᠴᠠ ᠨᠢ ᠠᠪᠴᠤ ᠦᠵᠡᠪᠡᠯ᠂ ᠭᠤᠤᠯᠳᠠᠭᠤ ᠣᠷᠳᠣᠰ ᠬᠤᠲᠠ᠂ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠪᠣᠯᠤᠨ ᠬᠢᠩᠭᠠᠨ ᠠᠶᠢᠮᠠᠭ ᠲᠤ ᠲᠦᠪᠯᠡᠷᠡᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号