ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠯᠠᠭᠠᠨᠴᠠᠪ ᠬᠤᠲᠠ ᠳᠤ ᠭᠦᠨᠵᠡᠭᠡᠶᠢᠷᠡᠨ ᠶᠠᠳᠠᠭᠤ ᠶᠢ ᠳᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2015/10/12
     10 ᠳ᠋ᠤᠭᠠᠷ ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠯᠢᠤ ᠵᠢᠦᠢ ᠷᠦ ᠨᠠᠷ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠯᠣᠭᠠᠨ ᠬᠤᠳᠳᠤᠭ ᠰᠣᠮᠣ ᠳᠤ ᠭᠦᠨᠵᠡᠭᠡᠶᠢᠷᠡᠨ ︽ᠭᠤᠷᠪᠠ ᠶᠢ ᠲᠣᠰᠬᠤᠨ ᠳᠤ ᠣᠷᠤᠭᠤᠯᠵᠤ ᠭᠤᠷᠪᠠ ᠶᠢ ᠡᠷᠦᠬᠡ ᠳᠤ ᠣᠷᠤᠭᠤᠯᠬᠤ︾ ᠶᠠᠳᠠᠭᠤ ᠶᠢ ᠣᠨᠣᠪᠴᠢᠲᠠᠢ ᠳᠡᠳᠬᠦᠬᠦ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠪᠠᠷ᠎ᠠ ᠪᠣᠯᠵᠣ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠶᠠᠭᠤᠨ ᠤ ᠤᠷᠢᠳ ᠳᠣᠯᠣᠭᠠᠨ ᠬᠤᠳᠳᠤᠭ ᠰᠣᠮᠣ ᠶᠢᠨ ᠵᠢᠯᠠᠭ᠎ᠠ ᠲᠣᠰᠬᠤᠨ ᠤ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠪᠣᠯᠣᠨ ᠪᠥᠸᠧ ᠠᠢ ᠬᠡᠲᠦ ᠳᠡᠯᠭᠡᠭᠦᠷ ᠪᠠᠶᠢᠭᠤᠯᠵᠤ ᠪᠠᠶᠢᠭ᠎ᠠ ᠪᠠᠶᠢᠳᠠᠯ ᠢ ᠲᠣᠭᠤᠷᠢᠨ ᠦᠵᠡᠪᠡ᠃ ᠮᠥᠷ ᠮᠥᠷ ᠴᠡᠪᠡᠷ ᠲᠡᠭᠰᠢ ᠭᠡᠷ ᠪᠠᠶᠢᠰᠢᠩ᠂ ᠵᠤᠷᠪᠤᠰ ᠵᠣᠷᠪᠤᠰ ᠳᠡᠭᠰᠢ ᠳᠠᠷᠳᠠᠩ ᠱᠦᠢᠨᠢ ᠵᠠᠮ᠂ ᠬᠥᠮᠦᠰ ᠤᠨ ᠰᠡᠳᠬᠢᠯ ᠢ ᠬᠥᠳᠡᠯᠭᠡᠮ᠎ᠡ ᠤᠬᠠᠭᠤᠯᠭ᠎ᠠ ᠶᠢᠨ ᠪᠣᠯᠣᠩ ᠤᠳ᠂ ᠬᠡᠰᠡᠭ ᠬᠡᠰᠡᠭ ᠢᠭ᠌ᠴᠦ ᠰᠠᠬᠤᠯᠢᠭ ᠨᠣᠭᠤᠭᠠᠷᠠᠭᠤᠯᠤᠯᠲᠠ ᠶᠢᠨ ᠣᠢ ᠪᠣᠯᠣᠨ ᠤᠯᠠᠭᠠᠨ ᠵᠠᠭᠠᠯᠮᠠᠶᠢᠲᠠᠨ ᠤ ᠪᠥᠸᠧ ᠠᠢ ᠬᠡᠲᠦ ᠳᠡᠯᠭᠡᠭᠦᠷ ᠤᠨ ᠪᠠᠷᠠᠭ᠎ᠠ ᠶᠢᠨ ᠲᠠᠯᠪᠢᠭᠤᠷ ᠳᠡᠭᠡᠷᠡᠬᠢ ᠬᠠᠷᠠᠭ᠎ᠠ ᠳᠥᠭᠦᠷᠡᠩ ᠡᠳᠦᠷ ᠲᠤᠲᠤᠮ ᠤᠨ ᠬᠡᠷᠡᠭᠰᠡᠯ ᠵᠢᠴᠢ ᠲᠣᠰᠬᠤᠨ ᠤ ᠠᠷᠠᠳ ᠤᠨ ᠬᠤᠷᠢᠭᠯᠠᠵᠤ ᠴᠢᠳᠠᠰᠢ ᠦᠭᠡᠢ ᠢᠯᠡᠷᠡᠭᠦᠯᠦᠭᠰᠡᠨ ᠵᠣᠯ ᠵᠢᠷᠭᠠᠯᠲᠤ ᠰᠡᠳᠬᠢᠯᠭᠡ ᠶᠢ ᠣᠯᠵᠤ ᠬᠠᠷᠠᠭᠠᠳ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠤᠯᠠᠭᠠᠨᠴᠠᠪ ᠬᠤᠲᠠ ᠶᠢᠨ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠤᠨ ᠣᠯᠣᠭᠰᠠᠨ ᠠᠮᠵᠢᠯᠲᠠ ᠪᠥᠲᠥᠮᠵᠢ ᠳᠤ ᠥᠨᠳᠥᠷ ᠦᠨᠡᠯᠡᠯᠲᠡ ᠥᠭᠪᠡ᠃ ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠴᠠᠭᠠᠨᠨᠠᠭᠤᠷ ᠲᠣᠰᠬᠤᠨ ᠳᠤ ᠬᠦᠷᠴᠦ ᠡᠷᠦᠬᠡ ᠳᠤ ᠣᠷᠣᠵᠣ ᠬᠡᠰᠡᠭ ᠲᠣᠰᠬᠤᠨ ᠤ ᠠᠷᠠᠳ ᠠᠴᠠ ᠶᠠᠳᠠᠭᠤ ᠶᠢ ᠳᠡᠳᠬᠦᠬᠦ ᠠᠵᠢᠯ ᠤᠨ ᠲᠤᠬᠠᠢ ᠰᠠᠨᠠᠯ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠰᠬᠤᠨ ᠳᠤ ᠰᠠᠭᠤᠵᠤ ᠪᠠᠶᠢᠭ᠎ᠠ ᠺᠠᠳ᠋ᠷ ᠤᠨ ᠠᠵᠢᠯ ᠪᠣᠯᠣᠨ ᠠᠮᠢᠳᠤᠷᠠᠯ ᠤᠨ ᠣᠷᠴᠢᠨ ᠲᠣᠭᠤᠷᠢᠨ ᠢ ᠲᠣᠭᠤᠷᠢᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠢ ᠨᠡᠶᠢᠭᠡᠮᠯᠢᠭ ᠤᠨ ᠪᠥᠸᠧ ᠠᠢ ᠡᠷᠡᠭᠦᠯ ᠬᠠᠮᠠᠭᠠᠯᠠᠯ ᠤᠨ ᠥᠷᠲᠡᠭᠡ ᠶᠢᠨ ᠲᠥᠷᠥᠯ ᠵᠦᠢᠯ ᠢ ᠲᠤᠰ ᠲᠣᠰᠬᠤᠨ ᠳᠤ ᠪᠠᠶᠢᠭᠤᠯᠵᠤ᠂ 15 ᠲᠥᠮᠡᠨ ᠲᠥᠭᠦᠷᠢᠭ ᠤᠨ ᠪᠡᠯᠡ ᠮᠥᠡᠭᠭᠦ ᠣᠷᠤᠭᠤᠯᠵᠤ ᠲᠤᠰ ᠲᠣᠰᠬᠤᠨ ᠳᠤ ᠨᠢᠭᠡᠨ ᠤᠯᠠᠭᠠᠨ ᠵᠠᠭᠠᠯᠮᠠᠶᠢᠲᠠᠨ ᠤ ᠪᠥᠸᠧ ᠠᠢ ᠡᠷᠡᠭᠦᠯ ᠬᠠᠮᠠᠭᠠᠯᠠᠯ ᠤᠨ ᠥᠷᠲᠡᠭᠡ ᠪᠠᠶᠢᠭᠤᠯᠬᠤ ᠪᠠᠷ ᠲᠥᠯᠥᠪᠯᠡᠵᠦ᠂ ᠡᠨᠡᠬᠦ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠤᠨ ᠡᠪᠡᠳᠴᠢᠨ ᠦᠵᠡᠭᠦᠯᠵᠦ ᠡᠮᠨᠡᠭᠦᠯᠬᠦ ᠨᠥᠬᠦᠴᠡᠯ ᠢ ᠪᠥᠲᠥᠮᠵᠢᠲᠡᠢ ᠰᠠᠶᠢᠵᠢᠷᠠᠭᠤᠯᠬᠤ ᠪᠥᠭᠡᠳ ᠲᠤᠰ ᠲᠣᠰᠬᠤᠨ ᠤ 800 ᠣᠷᠴᠢᠮ ᠬᠥᠮᠦᠨ ᠡᠭᠦᠨ ᠠᠴᠠ ᠠᠰᠢᠭ ᠬᠦᠷᠲᠡᠬᠦ ᠪᠣᠯᠣᠨ᠎ᠠ ᠭᠡᠵᠡᠢ᠃ ᠬᠠᠮᠤᠭ ᠤᠨ ᠰᠡᠭᠦᠯ ᠳᠤ ᠪᠠᠶᠢᠴᠠᠭᠠᠨ ᠰᠤᠳᠤᠯᠬᠤ ᠳᠤᠭᠤᠶᠢᠯᠠᠩ ᠨᠠᠢᠮᠠᠨ ᠭᠡᠷ ᠲᠣᠰᠬᠤᠨ ᠳᠤ ᠭᠦᠨᠵᠡᠭᠡᠶᠢᠷᠡᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠪᠣᠯᠣᠨ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠳᠣᠯᠣᠭᠠᠨ ᠬᠤᠳᠳᠤᠭ ᠰᠣᠮᠣ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠭᠤᠷᠪᠠ ᠶᠢ ᠲᠣᠰᠬᠤᠨ ᠳᠤ ᠣᠷᠤᠭᠤᠯᠵᠤ ᠭᠤᠷᠪᠠ ᠶᠢ ᠡᠷᠦᠬᠡ ᠳᠤ ᠣᠷᠤᠭᠤᠯᠬᠤ︾ ᠠᠵᠢᠯ ᠤᠨ ᠳᠠᠭᠠᠭᠠᠨ ᠳᠡᠳᠬᠦᠬᠦ ᠴᠢᠭ᠋ ᠪᠣᠯᠣᠨ᠎ᠠ᠂ ᠨᠢᠳᠤᠨᠤᠨ ᠤ 6 ᠳ᠋ᠤᠭᠠᠷ ᠰᠠᠷ᠎ᠠ ᠳᠤ ᠶᠠᠳᠠᠭᠤ ᠶᠢ ᠳᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠶᠡᠭᠡ ᠬᠡᠮᠵᠢᠶᠡᠨ ᠤ ᠬᠦᠴᠦᠨ ᠤ ᠬᠦᠴᠦᠨ᠂ ᠪᠤᠳᠠᠰ ᠤᠨ ᠬᠦᠴᠦᠨ ᠪᠠ ᠡᠳ᠋ ᠤᠨ ᠬᠦᠴᠦᠨ ᠣᠷᠤᠭᠤᠯᠵᠤ᠂ ᠲᠤᠰᠬᠤᠨ ᠤ ᠠᠷᠠᠳ ᠲᠤ ᠶᠡᠭᠡ ᠬᠡᠮᠵᠢᠶᠡᠨ ᠤ ᠪᠤᠳᠠᠳᠤ ᠠᠵᠢᠯ ᠬᠢᠵᠦ ᠥᠭᠴᠦ᠂ ᠲᠤᠬᠠᠢ ᠶᠢᠨ ᠭᠠᠵᠠᠷ ᠤᠨ ᠺᠠᠳ᠋ᠷ ᠣᠯᠠᠨ ᠲᠥᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号