ᠥᠪᠥᠷ ᠮᠣᠩᠭᠤᠯ ᠨᠠᠮ ᠤᠨ ᠵᠣᠬᠢᠶᠠᠨ ᠪᠠᠶᠢᠭᠤᠯᠤᠯᠲᠠ ᠪᠠ ᠠᠵᠢᠯ ᠢ ᠲᠠᠯ᠎ᠠ ᠨᠤᠲᠤᠭ ᠤᠨ ᠮᠠᠯᠵᠢᠬᠤ ᠣᠷᠣᠨ ᠳᠤ ᠪᠦᠲᠦᠮᠵᠢᠲᠡᠶ ᠪᠠᠷ ᠪᠦᠷᠬᠦᠭᠦᠯᠬᠦ ᠶᠢ ᠥᠷᠭᠡᠳᠬᠡᠬᠦ ᠪᠠᠷ ᠱᠠᠭᠠᠷᠳᠠᠵᠤ ᠪᠠᠶᠢᠨ᠎ᠠ
ᠨᠡᠶᠢᠲᠡᠯᠡᠭᠰᠡᠨ ᠴᠠᠭ᠄
2015/10/12
     10 ᠳ᠋ᠤᠭᠠᠷ ᠰᠠᠷ᠎ᠠ ᠶᠢᠨ11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠳᠤ ᠪᠦᠬᠦ ᠣᠷᠣᠨ ᠤ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢᠨ ᠬᠤᠪᠢᠶᠠᠷᠢ ᠬᠡᠰᠡᠭ ᠤᠨ ᠬᠤᠷᠠᠯ ᠬᠤᠷᠠᠯᠳᠤᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠨᠠᠮ ᠤᠨ ᠭᠡᠰᠢᠭᠦᠨ ᠤ ᠭᠤᠣᠯ ᠡᠷᠦᠬᠡ ᠳᠡᠭᠡᠭᠰᠢ ᠨᠠᠮ ᠤᠨ ᠡᠭᠦᠷ ᠲᠠᠢ ᠬᠤᠯᠪᠣᠭᠠᠯᠠᠵᠤ᠂ ᠳᠣᠷᠣᠭᠰᠢ ᠮᠠᠯᠴᠢᠨ ᠡᠷᠦᠬᠡ ᠲᠠᠢ ᠬᠤᠯᠪᠣᠭᠠᠯᠠᠵᠤ᠂ ᠨᠠᠮ ᠤᠨ ᠭᠡᠰᠢᠭᠦᠳ ᠢ ᠳᠠᠶᠢᠴᠢᠯᠠᠵᠤ᠂ ᠣᠯᠠᠨ ᠲᠦᠮᠡᠨ ᠳᠤ ᠦᠢᠯᠡᠴᠢᠯᠡᠵᠦ ᠰᠡᠳᠬᠢᠯ ᠵᠢᠷᠦᠬᠡ ᠪᠠᠨ ᠬᠤᠯᠪᠣᠭᠠᠯᠠᠬᠤ ᠬᠥᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠠᠯ᠎ᠠ ᠨᠤᠲᠤᠭ ᠤᠨ ᠦᠨᠴᠦᠭ ᠪᠣᠯᠣᠩ ᠳᠤ ᠴᠠᠭ ᠲᠤᠬᠠᠶ ᠳᠤᠨᠢ ᠤᠯᠠᠮᠵᠢᠯᠠᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠣᠳᠣᠬᠠᠨ ᠳᠤ᠂ ᠮᠠᠯᠵᠢᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠵᠡᠷᠭᠡ ᠭᠤᠣᠯ ᠠᠵᠢᠯ ᠎ ᠲᠠᠢ ᠨᠢᠭᠲᠠ ᠤᠶᠠᠯᠳᠤᠭᠤᠯᠵᠤ᠂ ︽ᠬᠤᠣᠰ ᠦᠢᠯᠡᠴᠢᠯᠡᠭᠡ︾᠎ ᠶᠢ ᠡᠭᠦᠳᠦᠨ ᠪᠠᠶᠢᠭᠤᠯᠬᠤ ᠠᠵᠢᠯ ᠢ ᠨᠠᠷᠢᠨ ᠨᠢᠮᠪᠠᠶ ᠠᠷᠭ᠎ᠠ ᠰᠦᠪᠡᠭᠴᠢᠯᠡᠨ᠂ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠦᠢᠯᠡᠴᠢᠯᠡᠬᠦ ᠬᠡᠯᠪᠡᠷᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠷ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠢᠯᠡᠴᠢᠯᠡᠭᠡ ᠪᠠᠨ ᠰᠠᠶᠢᠵᠢᠷᠠᠭᠤᠯᠬᠤ ᠳᠤᠮᠳᠠ ᠤᠳᠤᠷᠢᠳᠬᠤ ᠭᠤᠣᠯᠯᠠᠭᠴᠢ ᠬᠦᠴᠦᠨ ᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠲᠥᠷᠥ ᠪᠠᠷᠢᠬᠤ ᠰᠠᠭᠤᠷᠢ ᠶᠢ ᠮᠠᠯᠵᠢᠬᠤ ᠣᠷᠣᠨ ᠤ ᠦᠨᠳᠦᠰᠦᠲᠡᠨ ᠨᠦᠭᠦᠳ ᠤᠨ ᠠᠷᠠᠳ ᠣᠯᠠᠨ ᠤ ᠳᠤᠮᠳᠠ ᠭᠦᠨ ᠪᠠᠬᠢᠵᠢᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠪᠦᠲᠦᠮᠵᠢᠲᠡᠶ ᠤᠯᠠᠮᠵᠢᠯᠠᠬᠤ ᠬᠡᠯᠪᠡᠷᠢ ᠶᠢ ᠲᠠᠰᠤᠷᠠᠯᠲᠠ ᠦᠭᠡᠶ ᠰᠢᠨᠡᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠠᠰᠠᠭᠤᠳᠠᠯ ᠤᠨ ᠦᠵᠡᠯ ᠤᠬᠠᠮᠰᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂  ᠳᠠᠭᠠᠭᠤᠯᠤᠭᠴᠢ ᠶᠢᠨ ᠡᠩᠨᠡᠭᠡ ᠳᠤ ᠰᠢᠯᠢᠳᠡᠭ ᠢ ᠨᠢ ᠰᠣᠩᠭᠤᠨ ᠴᠢᠳᠠᠪᠤᠷᠢ ᠲᠠᠢ ᠶᠢ ᠨᠢ ᠲᠣᠬᠢᠷᠠᠭᠤᠯᠬᠤ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠳᠠᠯᠠᠨ ᠴᠢᠩᠭᠠᠯᠠᠬᠤ᠂ ᠪᠠᠲᠤᠯᠠᠭ᠎ᠠ ᠶᠢᠨ ᠵᠠᠷᠤᠳᠠᠯ ᠢ  ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ᠂ ᠪᠠᠷᠢᠮᠵᠢᠶᠠᠵᠢᠭᠤᠯᠤᠭᠰᠠᠨ ᠠᠵᠢᠯᠯᠠᠭᠠᠨ ᠤ ᠭᠠᠵᠠᠷ ᠢ ᠪᠦᠲᠦᠭᠡᠨ ᠪᠠᠶᠢᠭᠤᠯᠬᠤ ᠵᠡᠷᠭᠡ ᠠᠵᠢᠯ ᠳᠡᠭᠡᠷ᠎ᠡ ᠬᠦᠴᠦ ᠪᠠᠨ ᠲᠠᠯᠪᠢᠬᠤ ᠶᠢ ᠴᠢᠬᠤᠯᠠᠴᠢᠯᠠᠵᠤ᠂ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠮᠠᠯᠵᠢᠬᠤ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠪᠣᠯᠣᠨ ᠨᠠᠮ ᠤᠨ ᠠᠵᠢᠯ ᠤᠨ ᠪᠦᠷᠬᠦᠴᠡ ᠶᠢ ᠬᠠᠷᠢᠯᠴᠠᠨ ᠨᠢᠭᠡᠳᠦᠭᠦᠯᠵᠦ᠂ ᠢᠯᠡ ᠪᠦᠷᠬᠦᠴᠡ ᠪᠣᠯᠣᠨ ᠳᠠᠯᠳᠠ ᠪᠦᠷᠬᠦᠴᠡ ᠶᠢ ᠬᠠᠷᠢᠯᠴᠠᠨ ᠨᠢᠭᠡᠳᠦᠭᠦᠯᠵᠦ᠂ ᠪᠦᠲᠦᠮᠵᠢᠲᠡᠢ ᠪᠦᠷᠬᠦᠴᠡ ᠪᠣᠯᠤᠨ ᠨᠠᠮ ᠤᠨ ᠤᠳᠤᠷᠢᠳᠤᠯᠭ᠎ᠠ ᠶᠢ ᠬᠠᠷᠢᠯᠴᠠᠨ ᠨᠢᠭᠡᠳᠦᠭᠦᠯᠬᠦ ᠶᠢ ᠲᠠᠰᠤᠷᠠᠯᠲᠠ ᠦᠭᠡᠶ ᠳᠥᠯᠭᠢᠨ ᠠᠬᠢᠭᠤᠯᠬᠤ ᠬᠡᠷᠡᠭᠲᠡᠢ᠃      ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠪᠠ ᠳᠠᠷᠬᠠᠨ ᠮᠤᠤᠮᠢᠩᠭᠠᠨ ᠬᠤᠰᠢᠭᠤ ᠵᠡᠷᠭᠡ 5 ᠨᠢᠭᠡᠴᠡ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠠᠷᠭ᠎ᠠ ᠲᠤᠷᠰᠢᠯᠭ᠎ᠠ ᠪᠠᠨ ᠲᠠᠨᠢᠯᠴᠠᠭᠤᠯᠪᠠ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠭᠡᠰᠢᠭᠦᠨ ᠤ ᠭᠤᠣᠯ ᠡᠷᠦᠬᠡ᠂ ᠭᠠᠴᠠᠭ᠎ᠠ ᠪᠣᠯᠣᠨ ᠰᠤᠮᠤ ᠭᠤᠷᠪᠠᠨ ᠳᠠᠪᠬᠤᠷᠭ᠎ᠠ ᠶᠢᠨ ᠵᠢᠷᠤᠮᠵᠢᠭᠤᠯᠤᠭᠰᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠢᠭ᠋ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠭᠡᠵᠦ  ᠂ ᠲᠤᠷᠰᠢᠯᠭ᠎ᠠ ᠪᠠᠨ ᠰᠣᠯᠢᠯᠴᠠᠨ᠂ ᠬᠠᠮᠲᠤ ᠶᠢᠨ ᠲᠠᠨᠢᠯᠲᠠ ᠲᠠᠢ ᠪᠣᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号