ᠥᠪᠥᠷ ᠵᠠᠰᠠᠭ ᠠᠯᠪᠠᠨ ᠲᠠᠷᠬᠠᠭᠠᠭᠰᠠᠨ ﹇2015﹈ 34 ᠳ᠋ᠤᠭᠡᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠣᠶᠢᠷ᠎ᠠ ᠶᠢᠨ ᠵᠢᠯ ᠤᠨ ᠲᠤᠷᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ︽ᠭᠠᠯ ᠰᠡᠷᠭᠡᠶᠢᠯᠡᠬᠦ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ | ᠲᠠᠷᠬᠠᠭᠠᠭᠰᠠᠨ ﹇2011﹈ 46 ᠳ᠋ᠤᠭᠠᠷ ᠲᠣᠭᠠᠲᠤ︶ ᠪᠠ ︽ᠭᠠᠯ ᠰᠡᠷᠭᠡᠶᠢᠯᠡᠬᠦ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ | ᠣᠷᠳᠤᠨ ᠤ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠲᠠᠷᠬᠠᠭᠠᠭᠰᠠᠨ ﹇2012﹈ 67 ᠳ᠋ᠤᠭᠠᠷ ᠲᠣᠭᠠᠲᠤ︶ ᠤᠨ | ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠭᠠᠯ ᠰᠡᠷᠭᠡᠶᠢᠯᠡᠬᠦ ᠠᠵᠢᠯ | ᠮᠡᠳᠡᠭᠳᠡᠮ᠎ᠡ ᠳᠠᠪᠰᠢᠯᠲᠠ ᠲᠠᠢ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠠᠷᠠᠳ | ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠥᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ ᠮᠠᠨ ᠤ ᠣᠷᠣᠨ ᠤ ᠠᠵᠤ ᠦᠢᠯᠡᠳᠪᠦᠷᠢᠯᠡᠬᠦ᠂ ᠬᠤᠲᠠ ᠪᠠᠯᠭᠠᠰᠤᠴᠢᠯᠠᠬᠤ᠂ ᠲᠠᠷᠢᠶᠠᠯᠠᠩ ᠮᠠᠯ ᠠᠵᠤ | ᠠᠬᠤᠢ ᠶᠢᠨ ᠤᠳᠣᠬᠢᠴᠢᠯᠠᠬᠤ ᠠᠬᠢᠴᠠ ᠶᠢᠨ ᠲᠠᠰᠤᠷᠠᠯᠲᠠ ᠦᠭᠡᠢ ᠲᠥᠷᠭᠡᠳᠬᠦ ᠶᠢ ᠳᠠᠭᠠᠯᠳᠤᠨ᠂ ᠰᠢᠨ᠎ᠡ ᠮᠠᠲ᠋ᠧᠷᠢᠶᠠᠯ᠂ | ᠰᠢᠨ᠎ᠡ ᠡᠨᠧᠷᠬᠢ᠂ ᠰᠢᠨ᠎ᠡ ᠭᠠᠷ ᠤᠷᠠᠯᠠᠯ ᠥᠷᠭᠡᠨ ᠢᠶᠠᠷ ᠬᠡᠷᠡᠭᠯᠡᠭᠳᠡᠵᠦ᠂ ᠭᠠᠮᠰᠢᠭ ᠲᠤ ᠤᠴᠠᠷᠠᠭᠤᠯᠬᠤ ᠬᠦᠴᠦᠨ | ᠵᠦᠢᠯ ᠲᠠᠰᠤᠷᠠᠯᠲᠠ ᠦᠭᠡᠢ ᠨᠡᠮᠡᠭᠳᠡᠨ᠂ ᠬᠦᠨᠳᠦ ᠪᠦᠭᠡᠳ ᠣᠨᠴᠠ ᠶᠡᠭᠡ ᠭᠠᠯ ᠤᠨ ᠭᠠᠮᠰᠢᠭ ᠢ ᠰᠡᠷᠭᠡᠶᠢᠯᠡᠬᠦ ᠪᠠ | ᠬᠤᠷᠢᠭᠯᠠᠬᠤ ᠡᠭᠦᠷᠭᠡ ᠡᠳᠦᠷ ᠢᠷᠡᠬᠦᠶ᠎ᠡ ᠬᠠᠲᠠᠭᠤ ᠪᠡᠷᠬᠡ ᠪᠣᠯᠪᠠ᠃ 2014 ᠣᠨ ᠳᠤ᠂ ᠪᠦᠬᠦ ᠣᠷᠣᠨ ᠳᠤ | ᠨᠡᠶᠢᠲᠡ 11409 ᠤᠳᠠᠭ᠎ᠠ ᠭᠠᠯ ᠤᠨ ᠭᠠᠮᠰᠢᠭ ᠡᠭᠦᠰᠴᠦ᠂ 57 ᠬᠦᠮᠦᠨ ᠠᠳᠡᠵᠦ᠂ 27 ᠬᠦᠮᠦᠨ ᠰᠢᠷᠠᠭᠲᠤᠨ᠂ | ᠡᠳ᠋ ᠬᠦᠷᠦᠩᠭᠡ ᠶᠢᠨ ᠰᠢᠭᠤᠳ ᠬᠤᠬᠢᠷᠠᠯ 1.17 ᠳ᠋ᠦᠩᠰᠢᠭᠤᠷ ᠲᠦᠭᠦᠷᠢᠭ ᠲᠤ ᠬᠦᠷᠪᠡ᠃ ᠡᠨᠡ ᠨᠢ 2013 | ᠣᠨ ᠲᠠᠢ ᠬᠠᠷᠢᠴᠠᠭᠤᠯᠪᠠᠯ᠂ ᠭᠠᠮᠰᠢᠭ ᠭᠠᠷᠤᠭᠰᠠᠨ ᠲᠤᠭ᠎ᠠ ᠨᠢ 3.5% ᠪᠠᠷ ᠪᠠᠭᠠᠰᠴᠤ᠂ ᠠᠳᠡᠭᠰᠡᠨ ᠬᠦᠮᠦᠨ ᠤ | ᠲᠤᠭ᠎ᠠ ᠨᠢ 42.5% ᠪᠠᠷ ᠳᠡᠭᠡᠭᠰᠢᠯᠡᠨ᠂ ᠰᠢᠷᠠᠭᠲᠤᠭᠰᠠᠨ ᠬᠦᠮᠦᠨ ᠤ ᠲᠤᠭ᠎ᠠ ᠨᠢ 68.8% ᠪᠠᠷ ᠳᠡᠭᠡᠭᠰᠢᠯᠡᠵᠦ᠂ | ᠡᠳ᠋ ᠬᠦᠷᠦᠩᠭᠡ ᠶᠢᠨ ᠰᠢᠭᠤᠳ ᠬᠤᠬᠢᠷᠠᠯ ᠨᠢ 9.3% ᠪᠠᠷ ᠪᠠᠭᠤᠷᠠᠵᠤ᠂ ᠭᠠᠯ ᠤᠨ ᠭᠠᠮᠰᠢᠭ ᠤᠨ ᠪᠠᠶᠢᠳᠠᠯ ᠨᠢ | ᠪᠠᠳᠤᠯᠠᠭ᠎ᠠ ᠪᠠᠷ ᠪᠠᠷᠤᠬᠳᠠᠢ ᠪᠠᠶᠢᠨ᠎ᠠ᠃ ᠭᠠᠯ ᠲᠦᠢᠮᠡᠷ ᠤᠨ ᠠᠳᠡᠯ ᠤᠨ ᠰᠤᠷᠭᠠᠮᠵᠢ ᠶᠢ ᠬᠢᠨᠠᠮᠠᠭᠠᠢ ᠪᠠᠷ ᠬᠦᠯᠢᠶᠡᠨ | ᠠᠪᠴᠤ᠂ ᠪᠦᠬᠦ ᠣᠷᠣᠨ ᠤ ᠭᠠᠯ ᠰᠡᠷᠭᠡᠶᠢᠯᠡᠯᠲᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠰᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ | ᠬᠤᠯᠪᠤᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠭᠠᠯ ᠰᠡᠷᠭᠡᠶᠢᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ | ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠠᠶᠤᠯ | ᠦᠭᠡᠢ ᠪᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠭᠠᠯ ᠰᠡᠷᠭᠡᠶᠢᠯᠡᠬᠦ ᠠᠵᠢᠯ ᠤᠨ ᠡᠭᠦᠷᠭᠡ | ᠬᠠᠷᠢᠭᠤᠴᠠᠯᠭ᠎ᠠ ᠶᠢ ᠬᠠᠤᠯᠢ ᠶᠤᠰᠤᠭᠠᠷ ᠭᠦᠢᠴᠡᠳᠭᠡᠨ᠂ ᠭᠠᠯ ᠰᠡᠷᠭᠡᠶᠢᠯᠡᠬᠦ ᠠᠵᠢᠯ ᠢ ᠦᠨᠡᠨᠬᠦ ᠨᠡᠩ ᠳᠤᠪᠤᠶᠢᠮ᠎ᠠ | ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠ | ᠨᠡᠶᠢᠭᠡᠮ ᠤᠨ ᠡᠶ᠎ᠡ ᠵᠣᠬᠢᠴᠠᠯ ᠠᠮᠦᠷ ᠲᠣᠭᠲᠠᠭᠤᠨ ᠢ ᠬᠠᠮᠠᠭᠠᠯᠠᠬᠤ ᠳᠡᠭᠡᠳᠦ ᠬᠡᠮᠵᠢᠶ᠎ᠡ ᠠᠴᠠ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠪᠦᠲᠦᠮᠵᠢᠲᠡᠢ ᠲᠦᠯᠬᠢᠨ ᠠᠬᠢᠭᠤᠯᠬᠤ ᠬᠡᠷᠡᠭᠲᠡᠢ᠃ ︽ᠲᠥᠷᠥ ᠲᠠᠷᠬᠠᠭᠠᠭᠰᠠᠨ ﹇2011﹈ 46 ᠳ᠋ᠤᠭᠠᠷ ᠲᠣᠭᠠᠲᠤ︾ | ᠪᠠ ︽ᠦᠪᠦᠷ ᠵᠠᠰᠠᠭ ᠲᠠᠷᠬᠠᠭᠠᠭᠰᠠᠨ ﹇2012﹈ 67 ᠳ᠋ᠤᠭᠠᠷ ᠲᠣᠭᠠᠲᠤ︾ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠤᠰᠤᠭᠠᠷ᠂ ᠭᠠᠯ ᠰᠡᠷᠭᠡᠶᠢᠯᠡᠬᠦ ᠠᠵᠢᠯ ᠢ ᠦᠨᠡᠨᠬᠦ ᠠᠵᠤ ᠠᠬᠤᠢ ᠨᠠᠶᠢᠭᠡᠮ ᠤᠨ ᠬᠥᠭᠵᠢᠯᠲᠡ ᠶᠢᠨ ᠶᠡᠷᠦᠩᠬᠡᠢ | ᠲᠦᠯᠦᠪᠵᠢᠭᠦᠯᠭᠡ ᠳᠤ ᠣᠷᠤᠭᠤᠯᠵᠤ᠂ ᠵᠠᠰᠠᠭ ᠤᠨ ᠣᠷᠳᠤᠨ ᠤ ᠬᠠᠷᠠᠯᠲᠠᠲᠤ ᠬᠠᠷᠢᠭᠤᠴᠠᠯᠭ᠎ᠠ ᠪᠠ ᠨᠡᠶᠢᠭᠡᠮ ᠤᠨ | ᠶᠡᠷᠦᠩᠬᠡᠶᠢᠯᠡᠨ ᠵᠠᠰᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠬᠠᠭᠠᠰ ᠵᠢᠯ ᠪᠦᠷᠢ ᠳᠤ ᠬᠠᠮᠤᠭ ᠪᠠᠭ᠎ᠠ ᠳᠠᠭᠠᠨ | ᠨᠢᠭᠡ ᠤᠳᠠᠭ᠎ᠠ ᠬᠤᠷᠠᠯ ᠬᠤᠷᠠᠯᠳᠤᠭᠤᠯᠵᠤ ᠭᠠᠯ ᠰᠡᠷᠭᠡᠶᠢᠯᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠤᠨ | ᠪᠠᠶᠢᠷᠢᠯᠠᠭᠤᠯᠬᠤ ᠬᠡᠷᠡᠭᠲᠡᠢ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︿12 · 5﹀ ᠭᠠᠯ | ᠰᠡᠷᠭᠡᠶᠢᠯᠡᠬᠦ ᠠᠵᠢᠯ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ︾ ᠲᠠᠢ ᠬᠠᠷᠢᠴᠠᠭᠤᠯᠤᠨ᠂ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭ᠎ᠠ ᠠᠳᠬᠤᠵᠤ᠂ ᠪᠦᠲᠦᠭᠡᠨ ᠪᠠᠶᠢᠭᠤᠯᠤᠯᠲᠠ ᠶᠢᠨ | ᠡᠭᠦᠷᠭᠡ ᠪᠠᠨ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︽︿ᠣᠷᠣᠨ ᠨᠤᠲᠤᠭ ᠤᠨ ᠭᠠᠯ | ᠰᠡᠷᠭᠡᠶᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠣᠬᠠᠢ ᠡᠳ᠋ ᠤᠨ ᠵᠠᠰᠠᠭ ᠤᠨ | ᠶᠠᠮᠦᠨ ᠤ ᠮᠡᠳᠡᠭᠳᠡᠯ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠤᠯᠠᠮᠵᠢᠯᠠᠨ ᠶᠠᠪᠤᠭᠤᠯᠬᠤ ᠤᠴᠢᠷ︾ ︵ᠦᠪᠦᠷ ᠡᠳ᠋ ᠲᠦᠰᠦᠪ ﹇2012﹈ 1849 ᠳ᠋ᠤᠭᠡᠷ ᠲᠣᠭᠠᠲᠤ︶ ᠤᠨ | ᠱᠠᠭᠠᠷᠳᠠᠯᠭ᠎ᠠ ᠶᠤᠰᠤᠭᠠᠷ᠂ ᠭᠠᠯ ᠰᠡᠷᠭᠡᠶᠢᠯᠡᠬᠦ ᠵᠠᠷᠤᠳᠠᠯ ᠤᠨ ᠲᠦᠰᠦᠪ ᠢ ᠪᠠᠲᠤᠯᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠨᠤᠭᠤᠳ ᠭᠠᠯ | ᠰᠡᠷᠭᠡᠶᠢᠯᠡᠬᠦ ᠦᠨᠳᠦᠰᠦᠨ ᠵᠠᠷᠤᠯᠭ᠎ᠠ ᠶᠢᠨ ᠵᠠᠷᠤᠳᠠᠯ ᠢ ᠪᠠᠷᠢᠮᠵᠢᠶ᠎ᠠ ᠶᠤᠰᠤᠭᠠᠷ ᠪᠠᠲᠤᠯᠠᠬᠤ ᠶᠢᠨ ᠬᠠᠮᠲᠤ᠂ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠮᠵᠢ᠂ ᠭᠠᠯ ᠤᠨᠲᠠᠷᠠᠭᠠᠬᠤ ᠲᠤᠨᠤᠭ ᠲᠥᠭᠦᠭᠡᠷᠦᠮᠵᠢ᠂ ᠭᠠᠯ ᠤᠨᠲᠠᠷᠠᠭᠠᠬᠤ | ᠠᠩᠭᠢ ᠥᠷᠲᠡᠭᠡ᠂ ᠬᠦᠨᠳᠦ ᠶᠡᠭᠡ ᠡᠭᠦᠷᠭᠡ ᠵᠡᠷᠭᠡ ᠲᠤᠰᠬᠠᠢ ᠵᠦᠢᠯ ᠤᠨ ᠵᠠᠷᠤᠯᠭ᠎ᠠ ᠶᠢ ᠨᠡᠮᠡᠭᠳᠡᠭᠦᠯᠬᠦ ᠬᠡᠷᠡᠭᠲᠡᠢ᠃ | ᠬᠤᠶᠠᠷ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠬᠦ ᠬᠡᠷᠡᠭᠲᠡᠢ | ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠶᠤᠰᠤᠭᠠᠷ᠂ ᠤᠳᠤᠬᠠᠨ ᠳᠤ ᠮᠠᠨ ᠤ ᠣᠷᠣᠨ ᠤ ᠭᠠᠯ ᠤᠨᠲᠠᠷᠠᠭᠠᠬᠤ | ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠪᠡᠯᠡᠳᠭᠡᠮᠵᠢ ᠨᠢ 46.6% ᠲᠣᠳᠠᠵᠤ᠂ ᠬᠤᠲᠠ ᠶᠢᠨ ᠭᠠᠯ | ᠤᠨᠲᠠᠷᠠᠭᠠᠭᠤᠯ ᠨᠢ 76.7% ᠲᠤᠳᠠᠬᠳᠠᠨ᠂ ᠪᠦᠬᠦ ᠣᠷᠣᠨ ᠤ ᠣᠯᠠᠨ ᠨᠡᠶᠢᠲᠡ ᠶᠢᠨ ᠭᠠᠯ ᠤᠨᠲᠠᠷᠠᠭᠠᠬᠤ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ | ᠲᠥᠪᠰᠢᠨ ᠠᠴᠠ ᠬᠦᠨᠳᠦ ᠨᠤᠴᠢᠲᠠᠢ ᠬᠤᠴᠤᠷᠴᠤ ᠪᠠᠶᠢᠨ᠎ᠠ᠃ ᠡᠯ᠎ᠡ ᠭᠠᠵᠠᠷ ᠣᠷᠣᠨ ᠨᠤᠭᠤᠳ ᠬᠤᠲᠠ ᠬᠦᠳᠡᠭᠡ ᠶᠢᠨ | ᠭᠠᠯ ᠰᠡᠷᠭᠡᠶᠢᠯᠡᠯᠲᠡ ᠶᠢᠨ ᠲᠦᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠭᠠᠯ | ᠤᠨᠲᠠᠷᠠᠭᠠᠬᠤ ᠪᠡᠯᠡᠳᠭᠡᠮᠵᠢ ᠶᠢᠨ ᠲᠦᠯᠦᠪᠵᠢᠭᠦᠯᠭᠡ ᠶᠢᠨ ᠪᠠᠶᠢᠷᠢᠰᠢᠭᠤᠯᠤᠯ ᠢ ᠰᠠᠶᠢᠲᠤᠷ ᠬᠢᠵᠦ᠂ ᠭᠠᠯ ᠤᠨᠲᠠᠷᠠᠭᠠᠬᠤ | ᠥᠷᠲᠡᠭᠡ᠂ ᠭᠠᠯ ᠰᠡᠷᠭᠡᠶᠢᠯᠡᠯᠲᠡ ᠶᠢᠨ ᠤᠰᠤᠨ ᠤ ᠬᠠᠩᠭᠠᠯᠭ᠎ᠠ᠂ ᠭᠠᠯ ᠰᠡᠷᠭᠡᠶᠢᠯᠡᠯᠲᠡ ᠶᠢᠨ ᠴᠢᠮᠡᠭᠡ ᠬᠤᠯᠪᠤᠭ᠎ᠠ᠂ | ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠪᠠᠷᠢᠮᠵᠢᠶ᠎ᠠ ᠳᠤ ᠲᠦᠷᠭᠡᠬᠡᠨ ᠬᠦᠷᠭᠡᠬᠦ ᠬᠡᠷᠡᠭᠲᠡᠢ᠃ | ᠰᠢᠨ᠎ᠡ ᠪᠠᠷ ᠪᠠᠶᠢᠭᠤᠯᠤᠭᠰᠠᠨ ᠬᠤᠲᠠ ᠶᠢᠨ ᠲᠤᠭᠤᠷᠢᠭ᠂ ᠬᠠᠭᠤᠴᠢᠨ ᠬᠤᠲᠠ ᠶᠢᠨ ᠲᠤᠭᠤᠷᠢᠭ ᠢ ᠰᠢᠨᠡᠳᠭᠡᠨ ᠵᠠᠰᠠᠬᠤ | ᠪᠠ ᠰᠢᠨ᠎ᠡ ᠪᠠᠷ ᠪᠠᠶᠢᠭᠤᠯᠤᠭᠰᠠᠨ ᠨᠡᠭᠡᠭᠡᠯᠲᠡ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ | ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠶᠢ ᠵᠡᠷᠭᠡ ᠳᠤᠨᠢ ᠪᠦᠲᠦᠭᠡᠨ ᠪᠠᠶᠢᠭᠤᠯᠵᠤ᠂ ᠪᠡᠯᠡᠳᠬᠡᠮᠵᠢ | ᠳᠤᠳᠠᠬᠳᠠᠬᠤ ᠪᠠ ᠨᠦᠬᠦᠬᠦ ᠠᠵᠢᠯ ᠢ ᠰᠢᠨ᠎ᠡ ᠪᠠᠷ ᠨᠡᠮᠡᠭᠳᠡᠬᠦᠯᠬᠦ ᠦᠭᠡᠢ ᠪᠣᠯᠭᠠᠨ᠎ᠠ᠃ ᠤᠯᠤᠰ ᠪᠠ ᠦᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ | ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠦᠷᠨᠢᠭᠦᠯᠦᠨ᠂ ᠬᠤᠲᠠ ᠪᠠᠯᠭᠠᠰᠤ ᠶᠢᠨ ᠪᠠᠶᠢᠭᠤᠯᠤᠨ | ᠪᠦᠲᠦᠭᠡᠭᠰᠡᠨ ᠲᠣᠭᠤᠷᠢᠭ᠂ ᠨᠡᠭᠡᠭᠡᠯᠲᠡ ᠶᠢᠨ ᠲᠤᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ | ᠭᠠᠯ ᠤᠨᠲᠠᠷᠠᠭᠠᠬᠤ ᠥᠷᠲᠡᠭᠡ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ ᠢ ᠪᠦᠲᠦᠭᠡᠨ ᠪᠠᠶᠢᠭᠤᠯᠬᠤ | ᠡᠭᠦᠷᠭᠡ ᠶᠢ 3 ᠵᠢᠯ ᠤᠨ ᠳᠤᠲᠤᠷ᠎ᠠ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠡᠭᠦᠨ ᠳᠤ᠂ 2015 | ᠣᠨ ᠳᠤ ᠲᠣᠳᠠᠭᠤᠳᠠᠭᠰᠠᠨ ᠲᠤᠭ᠎ᠠ ᠶᠢᠨ 30% ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ | 2016 ᠣᠨ ᠳᠤ ᠲᠣᠳᠠᠭᠤᠳᠠᠭᠰᠠᠨ ᠲᠤᠭ᠎ᠠ ᠶᠢᠨ 50% ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠦᠨ᠂ 2017 ᠣᠨ ᠳᠤ ᠪᠦᠲᠦᠭᠡᠨ ᠪᠠᠶᠢᠭᠤᠯᠤᠯᠲᠠ ᠶᠢᠨ ᠪᠦᠬᠦ ᠡᠭᠦᠷᠭᠡ ᠶᠢ ᠪᠡᠶᠡᠯᠡᠭᠦᠯᠦᠨ᠎ᠡ᠃ | ᠭᠤᠷᠪᠠ᠂ ᠭᠠᠯ ᠤᠨᠲᠠᠷᠠᠭᠠᠬᠤ ᠲᠤᠨᠤᠭ ᠲᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ | ᠤᠳᠤᠬᠠᠨ ᠳᠤ᠂ ᠪᠦᠬᠦ ᠣᠷᠣᠨ ᠤ ᠭᠠᠯ ᠤᠨᠲᠠᠷᠠᠭᠠᠬᠤ ᠲᠤᠨᠤᠭ ᠲᠥᠭᠦᠭᠡᠷᠦᠮᠵᠢ 40% ᠪᠠᠷ ᠲᠣᠳᠠᠭᠤᠳᠠᠵᠤ | ᠂ ᠢᠯᠠᠩᠭᠤᠶ᠎ᠠ ᠦᠨᠳᠦᠷ ᠳᠠᠪᠬᠤᠷᠭᠠᠲᠤ ᠪᠠᠷᠢᠯᠭ᠎ᠠ᠂ ᠭᠠᠵᠠᠷ ᠳᠣᠣᠷᠠᠬᠢ ᠣᠷᠣᠨ ᠵᠠᠢ᠂ ᠬᠢᠮᠢ ᠶᠢᠨ ᠠᠵᠤ | ᠦᠢᠯᠡᠳᠪᠦᠷᠢ ᠶᠢᠨ ᠭᠠᠯ ᠢ ᠤᠨᠲᠠᠷᠠᠭᠠᠬᠤ ᠪᠠ ᠤᠨᠴᠤᠭᠤᠢ ᠭᠠᠯ ᠲᠦᠢᠮᠡᠷ ᠤᠨ ᠠᠳᠡᠯ ᠢ ᠰᠢᠢᠳᠪᠦᠷᠢᠯᠡᠬᠦ ᠲᠤᠨᠤᠭ | ᠲᠥᠭᠦᠭᠡᠷᠦᠮᠵᠢ ᠨᠡᠯᠢᠶᠡᠳ ᠲᠣᠳᠠᠭᠤᠳᠠᠵᠤ ᠪᠠᠶᠢᠨ᠎ᠠ᠃ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠨᠤᠭᠤᠳ ᠲᠤᠰ ᠭᠠᠵᠠᠷ ᠣᠷᠣᠨ ᠤ ᠭᠠᠯ ᠤᠨ ᠭᠠᠮᠰᠢᠭ ᠪᠠ ᠠᠶᠤᠯᠲᠠᠢ ᠢᠷᠡᠯᠲᠡ ᠶᠢᠨ ᠣᠨᠴᠠᠯᠢᠭ ᠢᠶᠠᠨ | ᠦᠨᠳᠦᠰᠦᠯᠡᠨ᠂ ︽ᠬᠤᠲᠠ ᠶᠢᠨ ᠭᠠᠯ ᠤᠨᠲᠠᠷᠠᠭᠠᠬᠤ ᠥᠷᠲᠡᠭᠡ ᠶᠢ ᠪᠦᠲᠦᠭᠡᠨ ᠪᠠᠶᠢᠭᠤᠯᠬᠤ ᠪᠠᠷᠢᠮᠵᠢᠶ᠎ᠠ︾ ᠪᠠ ︽ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠩᠭᠠᠳᠬᠠᠬᠤ ᠬᠡᠯᠪᠡᠷᠢ ᠶᠢᠨ ᠭᠠᠯ ᠤᠨᠲᠠᠷᠠᠭᠠᠬᠤ | ᠥᠷᠲᠡᠭᠡ ᠶᠢ ᠪᠦᠲᠦᠭᠡᠨ ᠪᠠᠶᠢᠭᠤᠯᠬᠤ ᠪᠠᠷᠢᠮᠵᠢᠶ᠎ᠠ︾ ᠶᠤᠰᠤᠭᠠᠷ ᠡᠯ᠎ᠡ ᠲᠦᠷᠦᠯ ᠤᠨ ᠵᠢᠵᠢᠭᠦᠷᠯᠡᠬᠦ ᠭᠠᠯ ᠤᠨᠳᠠᠷᠭᠠᠬᠤ | ᠲᠡᠷᠭᠡ ᠶᠢ ᠳᠦᠬᠦᠷᠵᠢᠭᠦᠯᠦᠨ ᠨᠡᠮᠡᠭᠳᠡᠬᠦᠯᠵᠦ᠂ ᠦᠨᠳᠦᠷ ᠲᠤ ᠡᠷᠭᠦᠬᠦ ᠲᠦᠷᠦᠯ ᠤᠨ ᠭᠠᠯ ᠤᠨᠲᠠᠷᠠᠭᠠᠬᠤ ᠲᠡᠷᠭᠡ ᠶᠢ | ᠲᠣᠬᠢᠷᠠᠭᠤᠯᠭ᠎ᠠ ᠦᠭᠡᠢ ᠬᠤᠰᠢᠭᠤ ᠰᠢᠶᠠᠨ ︵ᠬᠤᠲᠠ᠂ ᠲᠤᠭᠤᠷᠢᠭ︶ ᠨᠤᠭᠤᠳ 45 ᠮᠧᠲᠷ ᠠᠴᠠ ᠳᠡᠭᠡᠭᠰᠢᠬᠢ | ᠦᠨᠳᠦᠷ ᠲᠤ ᠭᠠᠷᠭᠠᠬᠤ ᠲᠡᠪᠴᠡᠩ ᠪᠦᠬᠦᠢ ᠭᠠᠯ ᠤᠨᠲᠠᠷᠠᠭᠠᠬᠤ ᠲᠡᠷᠭᠡ ᠶᠢ ᠬᠠᠮᠤᠭ ᠴᠦᠭᠡᠨ ᠳᠡᠭᠡᠨ ᠨᠢᠭᠡ ᠶᠢ | ᠲᠣᠬᠢᠷᠠᠭᠤᠯᠬᠤ ᠬᠡᠷᠡᠭᠲᠡᠢ᠃ 2015 ᠣᠨ ᠳᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠤᠨ ᠤ ᠪᠠᠶᠢᠭ᠎ᠠ ᠭᠠᠵᠠᠷ ᠲᠤ ᠣᠯᠠᠨ ᠬᠡᠷᠡᠭᠴᠡᠭᠡᠲᠦ᠂ ᠴᠢᠳᠠᠮᠵᠢ ᠶᠡᠬᠡᠲᠡᠢ᠂ ᠤᠷᠤᠰᠤᠴᠠ ᠶᠡᠬᠡᠲᠡᠢ ︵100L / | S ᠠᠴᠠ ᠳᠡᠭᠡᠭᠰᠢ︶ ᠭᠠᠯ ᠤᠨᠲᠠᠷᠠᠭᠠᠬᠤ ᠲᠡᠷᠭᠡ ᠶᠢ ᠬᠠᠮᠤᠭ ᠴᠦᠭᠡᠨ ᠳᠡᠭᠡᠨ 2 ᠢ ᠲᠣᠬᠢᠷᠠᠭᠤᠯᠵᠤ᠂ 40 | ᠮᠧᠲᠷ ᠠᠴᠠ ᠳᠡᠭᠡᠭᠰᠢᠬᠢ ᠦᠨᠳᠦᠷ ᠲᠤ ᠡᠷᠭᠦᠵᠦ ᠰᠦᠷᠴᠢᠬᠦ ᠭᠠᠯ ᠤᠨᠲᠠᠷᠠᠭᠠᠬᠤ ᠲᠡᠷᠭᠡ ᠶᠢ ᠬᠠᠮᠤᠭ ᠴᠦᠭᠡᠨ ᠳᠡᠭᠡᠨ | 1 ᠶᠢ ᠲᠣᠬᠢᠷᠠᠭᠤᠯᠬᠤ ᠬᠡᠷᠡᠭᠲᠡᠢ︔ 50% ᠶᠢᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠤᠨ ᠤ ᠪᠠᠶᠢᠭ᠎ᠠ ᠭᠠᠵᠠᠷ ᠤᠨ ᠭᠤᠣᠯ ᠬᠤᠲᠠ ᠶᠢᠨ ᠲᠤᠭᠤᠷᠢᠭ ᠪᠠ ᠰᠢᠶᠠᠨ ᠤ ᠳᠡᠰ ᠤᠨ ᠬᠤᠲᠠ ᠶᠢᠨ ᠭᠠᠯ | ᠤᠨᠲᠠᠷᠠᠭᠠᠬᠤ ᠥᠷᠲᠡᠭᠡᠨ ᠳᠤ ᠠᠪᠴᠢᠮᠠᠯ ᠠᠭᠠᠷ ᠤᠨ ᠬᠦᠭᠡᠰᠦ ᠭᠠᠷᠭᠠᠬᠤ ᠲᠡᠷᠭᠡ᠂ ᠰᠢᠩᠭᠡᠨ ᠡᠳ᠋ ᠠᠴᠢᠶᠠᠯᠠᠵᠤ | ᠦᠨᠳᠦᠷ ᠲᠤ ᠰᠦᠷᠴᠡᠬᠦ ᠲᠡᠷᠭᠡ ᠶᠢ ᠲᠣᠬᠢᠷᠠᠭᠤᠯᠬᠤ ᠬᠡᠷᠡᠭᠲᠡᠢ︔ 80% ᠶᠢᠨ ᠭᠠᠯ ᠤᠨᠲᠠᠷᠠᠭᠠᠬᠤ ᠥᠷᠲᠡᠭᠡᠨ ᠳᠤ | ᠴᠢᠳᠠᠮᠵᠢ ᠶᠡᠬᠡᠲᠡᠢ ᠠᠯᠤᠰ ᠬᠤᠯᠠ ᠠᠴᠠ ᠭᠠᠯ ᠤᠨᠲᠠᠷᠠᠭᠠᠬᠤ ᠲᠦᠷᠦᠯ ᠤᠨ ᠲᠡᠷᠭᠡ᠂ ᠬᠦᠨᠳᠦ ᠬᠡᠯᠪᠡᠷᠢ ᠶᠢᠨ | ᠬᠦᠭᠡᠰᠦ ᠲᠠᠢ ᠤᠰᠤ ᠰᠦᠷᠴᠢᠬᠦ ᠲᠡᠷᠭᠡ ᠶᠢ ᠲᠣᠬᠢᠷᠠᠭᠤᠯᠬᠤ ᠬᠡᠷᠡᠭᠲᠡᠢ︔ ᠡᠯ᠎ᠡ ᠭᠠᠵᠠᠷ ᠤᠨ ᠣᠨᠴᠠ ᠵᠢᠵᠢᠭᠦᠷ ᠤᠨ | ᠭᠠᠯ ᠤᠨᠲᠠᠷᠠᠭᠠᠬᠤ ᠥᠷᠲᠡᠭᠡᠨ ᠳᠠᠬᠢ ᠲᠤᠰᠬᠠᠢ ᠵᠢᠵᠢᠭᠦᠷ ᠤᠨ ᠭᠠᠯ ᠤᠨᠲᠠᠷᠠᠭᠠᠬᠤ ᠲᠥᠭᠦᠭᠡᠷᠦᠮᠵᠢ ᠶᠢᠨ | ᠲᠣᠬᠢᠷᠠᠭᠤᠯᠤᠯᠲᠠ ᠶᠢᠨ ᠨᠤᠷᠮ᠎ᠠ ᠶᠢ 100% ᠳᠤ ᠬᠦᠷᠦᠭᠦᠯᠵᠦ᠂ ᠭᠠᠯ ᠤᠨᠲᠠᠷᠠᠭᠠᠬᠤ ᠥᠷᠲᠡᠭᠡ ᠪᠦᠬᠦᠨ ᠤ | ᠣᠨᠴᠠᠭᠠᠢ ᠵᠦᠢᠯ ᠤᠨ ᠰᠡᠷᠭᠡᠶᠢᠯᠡᠵᠦ ᠬᠠᠮᠠᠭᠠᠯᠠᠬᠤ ᠲᠤᠨᠤᠭ ᠲᠥᠭᠦᠭᠡᠷᠦᠮᠵᠢ ᠶᠢᠨ ᠲᠦᠭᠡᠮᠡᠯᠵᠢᠭᠦᠯᠬᠦ ᠨᠤᠷᠮ᠎ᠠ ᠶᠢ | 100% ᠳᠤ ᠬᠦᠷᠦᠭᠦᠯᠬᠦ ᠬᠡᠷᠡᠭᠲᠡᠢ᠃ | ᠳᠥᠷᠪᠡ᠂ ᠣᠯᠠᠨ ᠬᠡᠯᠪᠡᠷᠢ ᠮᠠᠶ᠋ᠢᠭ ᠤᠨ ᠭᠠᠯ ᠤᠨᠲᠠᠷᠠᠭᠠᠬᠤ ᠡᠩᠨᠡᠭᠡ ᠶᠢ ᠪᠠᠬᠢᠵᠢᠭᠦᠯᠦᠨ ᠬᠥᠭᠵᠢᠭᠦᠯᠬᠦ | ᠬᠡᠷᠡᠭᠲᠡᠢ | ᠣᠳᠣᠬᠠᠨ ᠳᠤ᠂ ᠪᠦᠬᠦ ᠣᠷᠣᠨ ᠤ 459 ᠪᠠᠶᠢᠭᠤᠯᠤᠮᠵᠢᠲᠦ ᠪᠠᠯᠭᠠᠰᠤ ᠶᠢᠨ 249 ᠪᠠᠯᠭᠠᠰᠤᠨ ᠳᠤ | ᠲᠤᠰᠬᠠᠶᠢᠯᠠᠭᠰᠠᠨ ᠭᠠᠯ ᠤᠨᠲᠠᠷᠠᠭᠠᠬᠤ ᠬᠦᠴᠦᠨ ᠪᠠᠶᠢᠬᠤ ᠦᠭᠡᠢ ᠪᠠᠶᠢᠭᠰᠠᠭᠠᠷ ᠶᠤᠮ᠃ ᠡᠯ᠎ᠡ ᠭᠠᠵᠠᠷ | ᠣᠷᠣᠨ ᠨᠤᠭᠤᠳ ᠭᠠᠵᠠᠷ ᠣᠷᠣᠨ ᠤ ᠣᠨᠴᠠᠯᠢᠭ ᠲᠠᠭᠠᠨ ᠲᠣᠬᠢᠷᠠᠭᠤᠯᠤᠨ᠂ ᠡᠯ᠎ᠡ ᠬᠡᠯᠪᠡᠷᠢ ᠮᠠᠶ᠋ᠢᠭ ᠤᠨ ᠭᠠᠯ | ᠤᠨᠲᠠᠷᠠᠭᠠᠬᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠲᠦᠯᠦᠪᠯᠡᠭᠡ ᠲᠠᠢ᠂ ᠭᠤᠣᠯᠳᠠᠯᠭ᠎ᠠ ᠲᠠᠢ ᠪᠠᠷ ᠲᠦᠯᠬᠢᠨ | ᠠᠬᠢᠭᠤᠯᠬᠤ ᠬᠡᠷᠡᠭᠲᠡᠢ᠃ 2015 ᠣᠨ ᠳᠤ᠂ ᠪᠦᠬᠦ ᠣᠷᠣᠨ ᠨᠡᠶᠢᠲᠡ 30 ᠰᠤᠮᠤ ᠰᠢᠶᠠᠩ ᠪᠠᠯᠭᠠᠰᠤ ᠶᠢᠨ ᠲᠤᠰᠬᠠᠢ | ᠲᠤᠰᠢᠶᠠᠯᠲᠤ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ ᠡᠭᠦᠨ ᠳᠤ ᠰᠢᠯᠢ ᠶᠢᠨ ᠭᠤᠣᠯ ᠠᠶᠢᠮᠠᠭ᠂ ᠦᠬᠠᠢ | ᠬᠤᠲᠠ᠂ ᠠᠯᠠᠱᠠ ᠠᠶᠢᠮᠠᠭ ᠲᠤᠰᠪᠤᠷᠢ 1 ᠰᠤᠮᠤ ᠰᠢᠶᠠᠩ ᠪᠠᠯᠭᠠᠰᠤ ᠳᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ | ᠠᠩᠭᠢ ᠶᠢ ᠪᠠᠶᠢᠭᠤᠯᠤᠨ᠂ ᠪᠤᠰᠤᠳ ᠠᠶᠢᠮᠠᠭ ᠬᠤᠲᠠ ᠨᠤᠭᠤᠳ ᠲᠤᠰᠪᠤᠷᠢ 3 ᠰᠤᠮᠤ ᠰᠢᠶᠠᠩ ᠪᠠᠯᠭᠠᠰᠤ ᠳᠤ | ᠲᠤᠰᠬᠠᠢ ᠲᠤᠰᠢᠶᠠᠯᠲᠦ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ ᠪᠦᠲᠦᠭᠡᠨ ᠪᠠᠶᠢᠭᠤᠯᠬᠤ ᠪᠡᠯᠡ ᠮᠦᠩᠭᠦ ᠶᠢ | ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠂ ᠠᠵᠢᠯᠲᠠᠨ ᠡᠯᠰᠡᠬᠦ ᠳᠤ ︽ᠰᠢᠶᠠᠩ | ᠪᠠᠯᠭᠠᠰᠤ ᠶᠢᠨ ᠭᠠᠯ ᠤᠨᠲᠠᠷᠠᠭᠠᠬᠤ ᠠᠩᠭᠢ ᠶᠢᠨ ᠪᠠᠷᠢᠮᠵᠢᠶ᠎ᠠ︾ ︵GA/T998 - 2012︶ ᠪᠣᠯᠣᠨ ︽ᠦᠪᠦᠷ | ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠲᠤᠰᠬᠠᠢ ᠲᠤᠰᠢᠶᠠᠯᠲᠦ ᠭᠠᠯ ᠤᠨᠲᠠᠷᠠᠭᠠᠬᠤ ᠡᠩᠨᠡᠭᠡ ᠶᠢ ᠪᠦᠲᠦᠭᠡᠨ | ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ︵ᠦᠪᠦᠷ ᠵᠠᠰᠠᠭ ᠠᠯᠪᠠᠨ ᠲᠠᠷᠬᠠᠭᠠᠭᠰᠠᠨ ﹇2014﹈ 21 ᠳ᠋ᠤᠭᠡᠷ | ᠲᠣᠭᠠᠲᠤ︶ ᠶᠢᠨ ᠬᠠᠮᠢᠶ᠎ᠠ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃ ᠪᠤᠲᠠᠲᠠᠢ ᠬᠡᠷᠡᠭᠴᠡᠭᠡ ᠪᠠᠨ | ᠦᠨᠳᠦᠰᠦᠯᠡᠨ᠂ ᠪᠤᠰᠤᠳ ᠭᠤᠣᠯᠳᠠᠯᠭ᠎ᠠ ᠲᠠᠢ ᠪᠠᠯᠭᠠᠰᠤ᠂ ᠲᠥᠪ ᠪᠠᠯᠭᠠᠰᠤ ᠪᠠ ᠰᠤᠮᠤ ᠰᠢᠶᠠᠩ ᠪᠠᠯᠭᠠᠰᠤ ᠶᠢᠨ ᠠᠵᠤ | ᠦᠢᠯᠡᠳᠪᠦᠷᠢ ᠶᠢᠨ ᠲᠤᠭᠤᠷᠢᠭ᠂ ᠨᠡᠭᠡᠭᠡᠯᠲᠡ ᠶᠢᠨ ᠲᠤᠭᠤᠷᠢᠭ ᠨᠤᠭᠤᠳ ᠲᠤ ᠲᠤᠰᠬᠠᠢ ︵ᠬᠠᠪᠰᠤᠷᠭᠠᠭᠰᠠᠨ︶ | ᠲᠤᠰᠢᠶᠠᠯᠲᠦ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠲᠡᠷᠭᠡ | ᠪᠠ ᠪᠠᠭᠠᠵᠢ ᠬᠡᠷᠡᠭᠰᠡᠯ ᠢ ᠲᠣᠬᠢᠷᠠᠭᠤᠯᠤᠨ᠂ ᠰᠤᠮᠤ ᠰᠢᠶᠠᠩ ᠪᠠᠯᠭᠠᠰᠤ ᠶᠢᠨ ᠭᠡᠨᠡᠳᠲᠡ ᠶᠢᠨ ᠭᠠᠯ ᠲᠦᠢᠮᠡᠷ ᠤᠨ | ᠠᠳᠡᠯ ᠢ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ᠲᠠᠪᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠨᠤᠭᠤᠳ ᠭᠠᠯ ᠰᠡᠷᠭᠡᠶᠢᠯᠡᠬᠦ ᠠᠮᠦᠷ | ᠲᠥᠪᠰᠢᠨ ᠤ ᠵᠦᠪᠯᠡᠯ ᠢ ᠪᠠᠶᠢᠭᠤᠯᠵᠤ᠂ ᠲᠤᠰᠬᠠᠢ ᠠᠵᠢᠯᠲᠠᠳ ᠢ ᠲᠣᠬᠢᠷᠠᠭᠤᠯᠤᠨ ᠭᠠᠯ ᠰᠡᠷᠭᠡᠶᠢᠯᠡᠬᠦ ᠠᠮᠦᠷ | ᠲᠥᠪᠰᠢᠨ ᠤ ᠰᠦᠯᠵᠢᠶᠡᠵᠢᠭᠰᠡᠨ ᠬᠠᠮᠢᠶᠠᠷᠤᠯᠲᠠ ᠶᠢᠨ ᠠᠵᠢᠯ ᠢ ᠡᠷᠬᠢᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠭᠠᠯ ᠰᠡᠷᠭᠡᠶᠢᠯᠡᠬᠦ ᠠᠮᠦᠷ ᠲᠥᠪᠰᠢᠨ ᠤ ᠰᠦᠯᠵᠢᠶᠡᠵᠢᠭᠰᠡᠨ ᠬᠠᠮᠢᠶᠠᠷᠤᠯᠲᠠ ᠶᠢᠨ ᠠᠵᠢᠯᠲᠠᠳ ᠤᠨ | ᠠᠵᠢᠯ ᠤᠨ ᠨᠦᠬᠦᠪᠦᠷᠢ᠂ ᠵᠠᠮ ᠬᠠᠷᠢᠯᠴᠠᠭ᠎ᠠ ᠪᠠ ᠴᠢᠮᠡᠭᠡ ᠬᠤᠯᠪᠤᠭ᠎ᠠ ᠶᠢᠨ ᠨᠦᠬᠦᠪᠦᠷᠢ᠂ ᠢᠯᠡᠴᠢᠯᠡᠨ ᠮᠡᠳᠡᠭᠦᠯᠵᠦ | ᠵᠠᠭᠠᠯᠳᠤᠬᠤ ᠱᠠᠩᠨᠠᠯ ᠵᠡᠷᠭᠡ ᠵᠠᠷᠤᠳᠠᠯ ᠢ ᠠᠳᠠᠯᠢ ᠱᠠᠲᠤᠨ ᠤ ᠭᠠᠯ ᠤᠨᠲᠠᠷᠠᠭᠠᠬᠤ ᠴᠡᠷᠢᠭ ᠠᠩᠭᠢ ᠶᠢᠨ ᠵᠠᠷᠤᠳᠠᠯ ᠠᠴᠠ | ᠨᠢᠭᠡᠲᠦᠯᠲᠡᠢ ᠲᠦᠯᠦᠪᠯᠡᠨ ᠰᠢᠢᠳᠪᠦᠷᠢᠯᠡᠨ᠎ᠡ᠃ 2015 ᠣᠨ ᠳᠤ᠂ ᠪᠦᠬᠦ ᠣᠷᠣᠨ ᠤ ᠰᠤᠮᠤ ᠰᠢᠶᠠᠩ ᠪᠠᠯᠭᠠᠰᠤᠨ | ᠪᠦᠬᠦᠨ ᠳᠤ ᠬᠠᠷᠢᠭᠤᠴᠠᠯᠭ᠎ᠠ ᠨᠢ ᠲᠤᠳᠤᠷᠬᠠᠢ᠂ ᠲᠣᠭᠲᠠᠴᠠ ᠨᠢ ᠪᠦᠷᠢᠨ ᠳᠦᠬᠦᠷ᠂ ᠠᠵᠢᠯᠯᠠᠭᠠᠨ ᠨᠢ ᠦᠨᠳᠦᠷ | ᠪᠦᠲᠦᠮᠵᠢᠲᠡᠢ ᠪᠠᠶᠢᠬᠤ ᠭᠠᠯ ᠰᠡᠷᠭᠡᠶᠢᠯᠡᠬᠦ ᠠᠮᠦᠷ ᠲᠥᠪᠰᠢᠨ ᠤ ᠰᠦᠯᠵᠢᠶᠡᠵᠢᠭᠰᠡᠨ ᠬᠠᠮᠢᠶᠠᠷᠤᠯᠲᠠ ᠶᠢᠨ ᠵᠣᠬᠢᠶᠠᠨ | ᠪᠠᠶᠢᠭᠤᠯᠤᠯᠲᠠ ᠶᠢ ᠦᠨᠳᠦᠰᠦᠨ ᠳᠡᠭᠡᠨ ᠪᠠᠶᠢᠭᠤᠯᠬᠤ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠤᠰᠤᠭᠠᠷ᠂ ᠮᠠᠯᠵᠢᠬᠤ ᠲᠠᠷᠢᠶᠠᠯᠠᠬᠤ ᠣᠷᠣᠨ ᠤ | ᠪᠤᠲᠠᠲᠠᠢ ᠳᠤ ᠨᠡᠶᠢᠴᠡᠭᠰᠡᠨ ᠭᠠᠯ ᠰᠡᠷᠭᠡᠶᠢᠯᠡᠬᠦ ᠲᠣᠰᠬᠠᠢ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔ ᠪᠦᠬᠦ | ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠤᠲᠠ᠂ ᠭᠤᠣᠯᠳᠠᠯᠭ᠎ᠠ ᠲᠠᠢ ᠪᠠᠯᠭᠠᠰᠤ᠂ ᠲᠥᠪ | ᠪᠠᠯᠭᠠᠰᠤ ᠨᠤᠭᠤᠳ ᠭᠠᠯ ᠰᠡᠷᠭᠡᠶᠢᠯᠡᠬᠦ ᠲᠤᠰᠬᠠᠢ ᠲᠦᠯᠦᠪᠵᠢᠭᠦᠯᠭᠡ ᠪᠠᠨ ᠨᠠᠶᠢᠷᠠᠭᠤᠯᠤᠨ ᠵᠣᠬᠢᠶᠠᠵᠤ ᠳᠠᠭᠤᠰᠬᠠᠬᠤ | ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠠᠶᠢᠯ ᠲᠤᠰᠬᠤᠨ ᠤ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ | ᠭᠠᠵᠠᠷ ᠣᠷᠣᠨ ᠤ ᠣᠨᠴᠠᠯᠢᠭ ᠲᠤ ᠲᠣᠬᠢᠷᠠᠬᠰᠠᠨ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠭᠡᠮᠵᠢ ᠶᠢ | ᠪᠠᠶᠢᠭᠤᠯᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠤᠨᠤᠭ ᠲᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠰᠢᠨ᠎ᠡ ᠲᠠᠷᠢᠶᠠᠯᠠᠬᠤ ᠣᠷᠣᠨ ᠰᠢᠨ᠎ᠡ ᠮᠠᠯᠵᠢᠬᠤ ᠣᠷᠣᠨ ᠤ ᠭᠠᠯ ᠰᠡᠷᠭᠡᠶᠢᠯᠡᠬᠦ ᠠᠵᠢᠯ ᠤᠨ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠭᠠᠯ ᠤᠨ ᠭᠠᠮᠰᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠂ ᠡᠬᠡ ᠣᠷᠣᠨ ᠤ | ᠤᠮᠠᠷᠠᠲᠤ ᠬᠢᠯᠢ ᠶᠢᠨ ᠠᠮᠦᠷ ᠲᠥᠪᠰᠢᠨ ᠲᠣᠭᠲᠠᠭᠤᠨ ᠪᠠᠶᠢᠬᠤ ᠬᠠᠯᠬᠠᠪᠴᠢ ᠶᠢ ᠪᠠᠶᠢᠭᠤᠯᠬᠤ ᠳᠤ ᠰᠠᠶᠢᠨ ᠰᠠᠶᠢᠬᠠᠨ | ᠭᠠᠯ ᠰᠡᠷᠭᠡᠶᠢᠯᠡᠯᠲᠡ ᠶᠢᠨ ᠠᠮᠦᠷ ᠲᠥᠪᠰᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠬᠡᠷᠡᠭᠲᠡᠢ᠃ | | | | |