ᠰᠣᠶᠣᠯ ᠨᠢ ᠪᠤᠰᠤᠳᠴᠢ ᠶᠢᠷᠲᠢᠨᠴᠦ ᠶᠢᠨ ᠲᠤᠰᠬᠠᠯ ᠪᠣᠯᠤᠭᠰᠠᠨ ᠤ ᠬᠤᠪᠢ ᠳᠤ ᠠᠵᠤ ᠠᠬᠤᠢ ᠨᠡᠶᠢᠭᠡᠮ ᠤᠨ | ᠳᠠᠪᠰᠢᠯᠲᠠ ᠶᠢ ᠳᠠᠭᠠᠯᠳᠤᠨ ᠬᠦᠭᠵᠢᠨ ᠰᠢᠨᠡᠳᠬᠦ ᠨᠢ ᠵᠠᠶᠢᠯᠠᠰᠢ ᠦᠭᠡᠢ᠃ ᠲᠠᠯ᠎ᠠ ᠨᠤᠲᠤᠭ ᠤᠨ ᠰᠤᠶᠤᠯ ᠪᠣᠯ ᠦᠪᠦᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠳᠤ ᠦᠨᠳᠦᠰᠦᠯᠡᠭᠰᠡᠨ ᠰᠤᠶᠤᠯ ᠮᠦᠨ᠂ | ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠳᠤᠮᠳᠠ ᠬᠦᠳᠡᠯᠦᠩᠭᠦᠢ | ᠤᠯᠠᠮᠵᠢᠯᠠᠭᠳᠠᠵᠤ ᠪᠠᠶᠢᠭ᠎ᠠ ᠰᠤᠶᠤᠯ ᠪᠣᠯᠤᠨ᠎ᠠ᠃ ᠰᠢ ᠶᠢᠨ ᠫᠢᠩ ᠶᠡᠷᠦᠩᠬᠡᠶ ᠱᠦᠵᠢ ᠵᠢᠭᠠᠨ ᠭᠠᠷᠭᠠᠭᠰᠠᠨ ᠨᠢ᠂ ︽ | ᠤᠯᠠᠮᠵᠢᠯᠠᠯᠲᠤ ᠰᠤᠶᠤᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ | ᠬᠦᠭᠵᠢᠭᠦᠯᠦᠯᠲᠡ ᠶᠢ ᠴᠢᠷᠮᠠᠶᠢᠨ ᠪᠡᠶᠡᠯᠡᠭᠦᠯᠵᠦ᠂ ᠡᠭᠦᠨ ᠤ ᠤᠯᠠᠮ ᠢᠶᠠᠷ ᠠᠬᠤᠢ ᠰᠤᠶᠤᠯ ᠯᠤᠭ᠎ᠠ ᠬᠠᠷᠢᠯᠴᠠᠨ | ᠨᠡᠪᠴᠢᠭᠦᠯᠵᠦ᠂ ᠰᠤᠶᠤᠯᠲᠠᠳ ᠤᠨ ᠴᠠᠭ ᠦᠶ᠎ᠡ ᠶᠢᠨ ᠡᠭᠦᠷᠭᠡ ᠳᠤ ᠬᠠᠮᠲᠤ ᠦᠢᠯᠡᠴᠢᠯᠡᠭᠦᠯᠬᠦ ᠬᠡᠷᠡᠭᠲᠡᠢ︾ ᠭᠡᠵᠡᠢ᠃ | ︽ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ︾ ᠶᠢᠨ ᠴᠢᠭᠯᠡᠯᠲᠡ | ᠨᠢ ᠨᠠᠮ ᠤᠨ ᠰᠢᠨ᠎ᠡ ᠲᠡᠤᠬᠡ ᠶᠢᠨ ᠨᠦᠭᠦᠴᠡᠯ ᠳᠤᠤᠷ᠎ᠠ ᠰᠤᠶᠤᠯ ᠤᠨ ᠬᠦᠭᠵᠢᠯᠲᠡ ᠶᠢᠨ ᠵᠢᠮ᠎ᠡ ᠶᠤᠰᠤ ᠪᠤᠯᠤᠨ | ᠰᠤᠶᠤᠯ ᠤᠨ ᠬᠦᠭᠵᠢᠯᠲᠡ ᠶᠢᠨ ᠬᠠᠷᠢᠭᠤᠴᠠᠯᠭ᠎ᠠ᠂ ᠡᠭᠦᠷᠭᠡ᠂ ᠵᠠᠮ ᠮᠥᠷ ᠤᠨ ᠲᠤᠬᠠᠢ ᠲᠠᠨᠢᠯᠲᠠ ᠨᠢᠭᠡᠨ ᠰᠢᠨ᠎ᠡ | ᠳᠡᠭᠡᠳᠦ ᠬᠡᠮᠵᠢᠶ᠎ᠡ ᠳᠤ ᠬᠦᠷᠦᠭᠰᠡᠨ ᠤ ᠪᠡᠯᠭᠡ ᠲᠡᠮᠳᠡᠭ ᠮᠦᠨ ᠪᠦᠭᠡᠳ ᠲᠠᠯ᠎ᠠ ᠨᠤᠲᠤᠭ ᠤᠨ ᠰᠤᠶᠤᠯ ᠤᠨ | ᠬᠦᠭᠵᠢᠯᠲᠡ ᠶᠢᠨ ᠴᠢᠭᠯᠡᠯ ᠰᠢᠩᠭᠡᠵᠦ ᠪᠠᠶᠢᠭ᠎ᠠ ᠶᠤᠮ᠃ ᠲᠡᠭᠡᠪᠡᠯ᠂ ᠲᠠᠯ᠎ᠠ ᠨᠤᠲᠤᠭ ᠤᠨ ᠰᠤᠶᠤᠯ ᠤᠨ ᠪᠦᠲᠦᠭᠡᠯᠴᠢ | ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ ᠶᠢᠨ ᠴᠢᠬᠤᠯᠠ ᠠᠴᠢ ᠬᠤᠯᠪᠤᠭᠳᠠᠯ | ᠨᠢ ᠶᠠᠭᠤ ᠪᠣᠢ︖ ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠬᠦᠭᠵᠢᠭᠦᠯᠬᠦ ᠶᠢᠨ ᠣᠳᠤᠬᠢ ᠪᠠᠶᠢᠳᠠᠯ ᠨᠢ ᠶᠠᠮᠠᠷ | ᠪᠠᠶᠢᠬᠤ ᠪᠠ ᠶᠠᠮᠠᠷ ᠠᠰᠠᠭᠤᠳᠠᠯ ᠤᠷᠤᠰᠢᠵᠤ ᠪᠠᠶᠢᠬᠤ ᠪᠣᠢ︖ ᠲᠠᠯ᠎ᠠ ᠨᠤᠲᠤᠭ ᠤᠨ ᠰᠣᠶᠣᠯ ᠤᠨ ᠪᠦᠲᠦᠭᠡᠯᠴᠢ | ᠴᠢᠨᠠᠷᠲᠠᠢ ᠬᠤᠪᠢᠷᠠᠭᠤᠯᠤᠯᠲᠠ᠂ ᠡᠭᠦᠳᠦᠯᠲᠡ ᠶᠢᠨ ᠴᠢᠨᠠᠷᠲᠠᠶ ᠬᠦᠭᠵᠢᠭᠦᠯᠦᠯᠲᠡ ᠶᠢ ᠬᠡᠷᠬᠢᠨ ᠪᠡᠶᠡᠯᠡᠭᠦᠯᠬᠦ ᠪᠣᠢ︖ | ᠡᠨᠡ ᠲᠤᠬᠠᠢ᠂ ᠰᠤᠷᠪᠤᠯᠵᠢᠯᠠᠭᠴᠢ ᠦᠪᠦᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠸᠠᠩᠴᠤᠭ᠂ ᠪᠣᠥ ᠰᠡᠴᠡᠨ ᠪᠤᠯᠤᠨ ᠢ ᠰᠦᠩ 3 ᠰᠣᠳᠤᠯᠤᠭᠴᠢ ᠶᠢ ᠲᠤᠰᠬᠠᠶ ᠰᠤᠷᠪᠤᠯᠵᠢᠯᠠᠪᠠ᠃ | ᠰᠤᠷᠪᠤᠯᠵᠢᠯᠠᠭᠴᠢ᠄ ᠲᠠᠯ᠎ᠠ ᠨᠤᠲᠤᠭ ᠤᠨ ᠰᠤᠶᠤᠯ ᠪᠣᠯ ᠳᠤᠮᠳᠠᠳᠤ ᠶᠢᠨ ᠰᠤᠶᠤᠯ ᠤᠨ ᠭᠤᠷᠪᠠᠨ ᠶᠡᠭᠡ ᠡᠬᠢ | ᠰᠠᠩ ᠪᠣᠯᠬᠤ ᠪᠦᠭᠡᠳ ᠪᠠᠰᠠᠴᠤ ᠡᠳᠦᠭᠡ ᠶᠢᠨ ᠦᠪᠦᠷ ᠮᠣᠩᠭᠤᠯ ᠤᠨ ᠬᠠᠮᠤᠭ ᠤᠨ ᠣᠨᠴᠠᠯᠢᠭ ᠲᠠᠢ ᠪᠦᠭᠡᠳ | ᠠᠮᠢᠵᠢᠷᠠᠯ ᠤᠨ ᠬᠦᠴᠦᠨ ᠲᠠᠢ ᠤᠷᠤᠨ ᠨᠤᠲᠤᠭ ᠤᠨ ᠰᠤᠶᠤᠯ ᠪᠣᠯᠤᠨ᠎ᠠ᠃ ᠥᠭᠡᠷᠡᠴᠢᠯᠡᠯᠲᠡ ᠬᠢᠵᠦ ᠴᠢᠯᠥᠭᠡᠲᠡᠶ | ᠶᠠᠪᠤᠯᠴᠠᠬᠤ ᠶᠢ ᠪᠦᠬᠦ ᠲᠠᠯ ᠪᠠᠷ ᠭᠦᠨᠵᠡᠭᠡᠶᠢᠷᠡᠵᠦ᠂ ᠰᠣᠶᠣᠯ ᠤᠨ ᠪᠠᠶᠢᠭᠤᠯᠤᠯᠲᠠ ᠲᠠᠰᠤᠷᠠᠯᠲᠠ ᠦᠭᠡᠶ ᠴᠢᠩᠭᠠᠷᠠᠵᠤ | ᠪᠠᠶᠢᠭ᠎ᠠ ᠦᠨᠦᠳᠦᠷ᠂ ᠲᠠᠯ᠎ᠠ ᠨᠤᠲᠤᠭ ᠤᠨ ᠰᠤᠶᠤᠯ ᠤᠨ ᠲᠡᠥᠬᠡ ᠶᠢᠨ ᠦᠨ᠎ᠡ ᠴᠠᠨ᠎ᠠ ᠪᠠ ᠪᠣᠳᠠᠲᠤ ᠠᠴᠢ | ᠬᠤᠯᠪᠤᠭᠳᠠᠯ ᠢ ᠡᠳᠦᠷ ᠢᠷᠡᠬᠦᠶ᠎ᠡ ᠳᠣᠪᠤᠶᠢᠯᠭᠠᠵᠤ᠂ ᠲᠠᠯ᠎ᠠ ᠨᠤᠲᠤᠭ ᠤᠨ ᠰᠤᠶᠤᠯ ᠭᠡᠮᠡᠬᠦ ᠦᠪᠦᠷ ᠮᠤᠩᠭᠤᠯ ᠤᠨ | ᠬᠠᠮᠤᠭ ᠤᠨ ᠲᠥᠯᠥᠭᠡᠯᠡᠬᠦ ᠴᠢᠨᠠᠷᠲᠠᠢ ᠰᠣᠶᠣᠯ ᠤᠨ ᠨᠡᠷᠡᠲᠦ ᠲᠦᠷᠦᠯ ᠲᠡᠮᠳᠡᠭᠲᠦ ᠪᠠ ᠲᠡᠮᠳᠡᠭ ᠢ ᠪᠦᠲᠦᠭᠡᠯᠴᠢ | ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠶᠢᠨ ᠴᠢᠬᠤᠯᠠ ᠠᠴᠢ ᠬᠤᠯᠪᠤᠭᠳᠠᠯ ᠨᠢ | ᠶᠠᠭᠤ ᠪᠣᠢ︖ | ᠸᠠᠩᠴᠤᠭ᠄ ᠡᠩ ᠲᠡᠷᠢᠭᠦᠨ ᠳᠤ᠂ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ | ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠲᠡᠭᠦᠨ ᠤ ᠲᠤᠰ ᠪᠡᠶ᠎ᠡ ᠶᠢᠨ ᠰᠢᠰᠲ᠋ᠧᠮ ᠢ ᠬᠠᠮᠠᠭᠠᠯᠠᠬᠤ᠂ ᠤᠯᠠᠮᠵᠢᠯᠠᠬᠤ | ᠪᠠ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠳᠤ ᠲᠦᠢᠯ ᠤᠨ ᠢᠳᠡᠪᠬᠢᠲᠡᠢ ᠲᠦᠯᠬᠢᠨ ᠠᠬᠢᠭᠤᠯᠬᠤ ᠦᠢᠯᠡᠳᠦᠯ | ᠦᠵᠡᠭᠦᠯᠬᠦ ᠪᠣᠯᠣᠨ᠎ᠠ᠃ ᠤᠷᠴᠢᠮ ᠤᠨ ᠵᠢᠯ ᠤᠳ ᠲᠤ᠂ ᠦᠪᠦᠷ ᠮᠤᠩᠭᠤᠯ ᠲᠠᠯ᠎ᠠ ᠨᠤᠲᠤᠭ ᠤᠨ ᠰᠤᠶᠣᠯ ᠤᠨ | ᠲᠣᠭᠤᠷᠢᠨ ᠳᠤ ᠶᠡᠭᠡ ᠬᠡᠮᠵᠢᠶᠡᠨ ᠤ ᠦᠯᠡᠮᠵᠢ ᠦᠷ᠎ᠡ ᠪᠦᠲᠦᠮᠵᠢᠲᠡᠢ ᠦᠨᠡᠨ ᠪᠣᠳᠠᠲᠠᠢ ᠠᠵᠢᠯ ᠬᠢᠵᠦ᠂ ᠲᠠᠯ᠎ᠠ | ᠨᠤᠲᠤᠭ ᠤᠨ ᠰᠤᠶᠤᠯ ᠤᠨ ᠡᠷᠳᠡᠮ ᠰᠢᠨᠵᠢᠯᠡᠭᠡ ᠶᠢᠨ ᠰᠣᠳᠤᠯᠤᠯ᠂ ᠰᠤᠳᠤᠯᠭᠠᠨ ᠤ ᠰᠠᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠬᠢᠭᠡᠳ ᠲᠠᠯ᠎ᠠ ᠨᠤᠲᠤᠭ ᠤᠨ ᠰᠤᠶᠤᠯ ᠢᠶᠠᠷ ᠣᠨᠴᠠᠯᠢᠭ ᠪᠣᠯᠭᠠᠭᠰᠠᠨ ᠪᠠ ᠭᠤᠣᠯ ᠰᠡᠳᠦᠪ ᠪᠣᠯᠭᠠᠭᠰᠠᠨ | ᠰᠤᠶᠤᠯ ᠤᠨ ᠰᠣᠯᠢᠯᠴᠠᠭ᠎ᠠ᠂ ᠰᠤᠶᠤᠯ ᠤᠨ ᠦᠢᠯᠡᠰ᠂ ᠰᠤᠶᠤᠯ ᠤᠨ ᠠᠵᠤ ᠦᠢᠯᠡᠰ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠮᠠᠰᠢ ᠰᠠᠶᠢᠨ ᠠᠮᠵᠢᠯᠲᠠ ᠣᠯᠵᠤ᠂ ᠦᠪᠡᠷ ᠤᠨ ᠦᠪᠡᠷᠮᠢᠴᠡ ᠤᠨᠴᠠᠯᠢᠭᠲᠤ | ᠳᠠᠪᠠᠭᠤᠯᠢᠭ ᠢ ᠪᠦᠷᠢᠯᠳᠦᠭᠦᠯᠪᠡ᠃ ᠰᠢᠨ᠎ᠡ ᠶᠢ ᠡᠭᠦᠳᠬᠦ ᠪᠣᠯ ᠰᠤᠶᠤᠯ ᠤᠨ ᠡᠬᠢ ᠪᠠᠶᠠᠯᠢᠭ ᠢ ᠬᠠᠮᠠᠭᠠᠯᠠᠬᠤ ᠬᠠᠮᠤᠭ | ᠤᠨ ᠪᠦᠲᠦᠮᠵᠢᠲᠡᠢ ᠠᠷᠭ᠎ᠠ ᠬᠡᠯᠪᠡᠷᠢ ᠪᠣᠯᠣᠨ᠎ᠠ᠃ ᠲᠠᠯ᠎ᠠ ᠨᠤᠲᠤᠭ ᠤᠨ ᠰᠤᠶᠤᠯ ᠢ ᠰᠢᠨᠡᠴᠢᠯᠡᠬᠦ ᠳᠤ᠂ ᠣᠳᠣ | ᠦᠶ᠎ᠡ ᠶᠢᠨ ᠣᠨᠤᠯ᠂ ᠣᠳᠣ ᠦᠶ᠎ᠡ ᠶᠢᠨ ᠮᠡᠷᠭᠡᠵᠢᠯ ᠬᠢᠭᠡᠳ ᠬᠠᠮᠢᠶᠠᠷᠤᠯᠲᠠ ᠶᠢ ᠬᠡᠷᠡᠭᠯᠡᠨ ᠲᠡᠭᠦᠨ ᠤ ᠢᠵᠠᠭᠤᠷ | ᠰᠢᠰᠲ᠋ᠧᠮᠵᠢ ᠶᠢ ᠰᠢᠨᠡᠴᠢᠯᠡᠵᠦ᠂ ᠲᠡᠭᠦᠨ ᠳᠤ ᠨᠡᠩ ᠤᠯᠠᠨ ᠰᠢᠨ᠎ᠡ ᠰᠤᠷᠭᠤᠭ ᠡᠯᠧᠮᠧᠨ᠋ᠲ ᠣᠷᠤᠭᠤᠯᠵᠤ᠂ | ᠲᠡᠭᠦᠨ ᠢ ᠨᠡᠩ ᠢᠯᠡᠭᠦᠦ ᠴᠠᠭ ᠦᠶᠡᠴᠢ ᠴᠢᠨᠠᠷᠲᠠᠢ ᠪᠤᠯᠭᠠᠬᠤ ᠴᠢᠬᠤᠯᠠ ᠲᠠᠢ ᠶᠤᠮ᠃ ᠭᠠᠨᠴᠠᠬᠦ ᠲᠠᠰᠤᠷᠠᠯᠲᠠ ᠦᠭᠡᠢ | ᠰᠢᠨ᠎ᠡ ᠶᠢ ᠡᠭᠦᠳᠪᠡᠯ᠂ ᠲᠠᠯ᠎ᠠ ᠨᠤᠲᠤᠭ ᠤᠨ ᠰᠤᠶᠤᠯ ᠰᠠᠶ᠋ᠢ ᠨᠡᠩ ᠡᠶ᠎ᠡ ᠵᠣᠬᠢᠴᠠᠩᠭᠤᠢ ᠪᠠᠷ ᠡᠳᠦᠭᠡ ᠴᠠᠭ ᠲᠤ | ᠠᠭᠤᠰᠤᠨ ᠨᠠᠪᠴᠢᠵᠤ᠂ ᠥᠪᠡᠷ ᠤᠨ ᠰᠢᠰᠲ᠋ᠧᠮ ᠢᠶᠠᠨ ᠨᠡᠩ ᠪᠦᠲᠦᠮᠵᠢᠲᠡᠢ ᠬᠠᠮᠠᠭᠠᠯᠠᠨ ᠤᠯᠠᠮᠵᠢᠯᠠᠵᠤ᠂ ᠦᠪᠡᠷ ᠤᠨ | ᠠᠮᠢᠵᠢᠷᠠᠯ ᠤᠨ ᠬᠦᠴᠦᠨ ᠪᠤᠯᠤᠨ ᠴᠠᠭ ᠦᠶ᠎ᠡ ᠶᠢᠨ ᠦᠨ᠎ᠡ ᠴᠠᠨ᠎ᠠ ᠶᠢ ᠳᠡᠭᠡᠭᠰᠢᠯᠡᠭᠦᠯᠵᠦ ᠴᠢᠳᠠᠨ᠎ᠠ᠃ | ᠳᠠᠷᠠᠭ᠎ᠠ ᠳᠤᠨᠢ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ | ᠴᠢᠨᠠᠷᠲᠠᠶ ᠬᠦᠭᠵᠢᠭᠦᠯᠬᠦ ᠨᠢ ᠦᠪᠦᠷ ᠮᠣᠩᠭᠤᠯ ᠤᠨ ᠤᠷᠤᠨ ᠨᠤᠲᠤᠭ ᠤᠨ ᠰᠤᠶᠤᠯ ᠤᠨ ᠪᠠᠶᠢᠭᠤᠯᠤᠯᠲᠠ ᠳᠤ ᠮᠠᠰᠢ | ᠴᠢᠬᠤᠯᠠ ᠪᠣᠳᠠᠲᠤ ᠠᠴᠢ ᠬᠤᠯᠪᠤᠭᠳᠠᠯ ᠶᠤᠮ᠃ ᠲᠠᠯ᠎ᠠ ᠨᠤᠲᠤᠭ ᠤᠨ ᠰᠤᠶᠤᠯ ᠪᠣᠯ ᠦᠨᠳᠦᠰᠦᠲᠡᠨ ᠤ ᠰᠤᠶᠤᠯ | ᠬᠢᠭᠡᠳ ᠤᠷᠤᠨ ᠨᠤᠲᠤᠭ ᠤᠨ ᠰᠤᠶᠤᠯ᠂ ᠨᠡᠭᠦᠳᠡᠯ ᠰᠤᠶᠤᠯ ᠬᠢᠭᠡᠳ ᠪᠣᠰᠤᠳ ᠰᠤᠶᠤᠯ᠂ ᠤᠯᠠᠮᠵᠢᠯᠠᠯᠲᠤ ᠰᠤᠶᠤᠯ | ᠬᠢᠭᠡᠳ ᠣᠳᠣ ᠦᠶ᠎ᠡ ᠶᠢᠨ ᠰᠤᠶᠤᠯ ᠤᠨ ᠨᠢᠭᠡᠲᠦᠯ ᠮᠦᠨ᠂ ᠥᠪᠥᠷ ᠮᠣᠩᠭᠤᠯ ᠤᠨ ᠬᠠᠮᠤᠭ ᠤᠨ ᠲᠦᠭᠡᠮᠡᠯ ᠠᠴᠢ | ᠬᠤᠯᠪᠣᠭᠳᠠᠯ ᠲᠠᠢ ᠰᠣᠶᠣᠯ ᠤᠨ ᠦᠨᠳᠦᠰᠦ ᠰᠠᠭᠤᠷᠢ ᠮᠦᠨ᠃ ᠦᠪᠦᠷ ᠮᠣᠩᠭᠤᠯ ᠤᠨ ᠦᠨᠳᠦᠰᠦᠲᠡᠨ ᠤ | ᠰᠤᠶᠤᠯ ᠤᠨ ᠬᠦᠴᠦᠷᠬᠡᠭ ᠤᠷᠤᠨ ᠢ ᠪᠦᠲᠦᠭᠡᠨ ᠪᠠᠶᠢᠭᠤᠯᠬᠤ ᠪᠠ ︽8337︾ ᠬᠦᠭᠵᠢᠯᠲᠡ ᠶᠢᠨ ᠰᠡᠳᠬᠢᠴᠡ ᠨᠢ | ᠪᠦᠷ ᠲᠠᠯ᠎ᠠ ᠨᠤᠲᠤᠭ ᠤᠨ ᠰᠤᠶᠤᠯ ᠤᠨ ᠲᠤᠯᠭᠠᠭᠤᠷᠢᠯᠠᠬᠤ ᠦᠢᠯᠡᠳᠦᠯ ᠠᠴᠠ ᠰᠠᠯᠵᠤ ᠴᠢᠳᠠᠬᠤ ᠦᠭᠡᠢ ᠶᠤᠮ᠃ | ᠡᠶᠢᠮᠦ ᠠᠴᠠ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ ᠴᠢᠨᠠᠷᠲᠠᠶ | ᠬᠦᠭᠵᠢᠭᠦᠯᠬᠦ ᠨᠢ ᠦᠪᠦᠷ ᠮᠣᠩᠭᠤᠯ ᠤᠨ ᠤᠷᠤᠨ ᠨᠤᠲᠤᠭ ᠤᠨ ᠠᠵᠤ ᠠᠬᠤᠢ ᠰᠤᠶᠤᠯ ᠤᠨ ᠪᠦᠲᠦᠭᠡᠨ | ᠪᠠᠶᠢᠭᠤᠯᠤᠯᠲᠠ᠂ ᠨᠡᠩ ᠢᠯᠠᠩᠭᠤᠶ᠎ᠠ ᠰᠤᠶᠤᠯ ᠤᠨ ᠠᠵᠤ ᠦᠢᠯᠡᠰ᠂ ᠰᠤᠶᠤᠯ ᠨᠡᠭᠦᠳᠡᠯ ᠮᠠᠯᠵᠢᠯ ᠤᠨ ᠦᠢᠯᠡᠰ ᠤᠨ | ᠬᠦᠭᠵᠢᠯᠲᠡ᠂ ᠤᠷᠤᠨ ᠨᠤᠲᠤᠭ ᠤᠨ ᠰᠤᠶᠤᠯ ᠤᠨ ᠨᠡᠷᠡᠲᠦ ᠲᠦᠷᠦᠯ ᠲᠡᠮᠳᠡᠭᠲᠦ ᠶᠢᠨ ᠪᠠᠶᠢᠭᠤᠯᠤᠯᠲᠠ᠂ ᠭᠠᠵᠠᠷ | ᠤᠷᠤᠨ ᠤ ᠰᠤᠶᠤᠯ ᠤᠨ ᠨᠦᠯᠦᠭᠡᠯᠡᠬᠦ ᠬᠦᠴᠦ᠂ ᠰᠤᠶᠤᠯ ᠤᠨ ᠨᠢᠭᠲᠠᠷᠠᠯ ᠤᠨ ᠬᠦᠴᠦᠨ ᠤ ᠳᠡᠭᠡᠭᠰᠢᠯᠡᠭᠦᠯᠦᠯᠲᠡ ᠵᠢᠴᠢ | ᠨᠡᠶᠢᠭᠡᠮ ᠤᠨ ᠡᠶ᠎ᠡ ᠵᠣᠬᠢᠴᠠᠯ᠂ ᠦᠨᠳᠦᠰᠦᠲᠡᠨ ᠤ ᠪᠦᠯᠬᠦᠮᠳᠡᠯ ᠤᠨ ᠠᠬᠢᠭᠤᠯᠤᠯᠲᠠ ᠵᠡᠷᠭᠡ ᠳᠤ ᠪᠦᠷ ᠥᠪᠡᠷᠮᠢᠴᠡ | ᠪᠣᠳᠠᠲᠤ ᠠᠴᠢ ᠬᠤᠯᠪᠣᠭᠳᠠᠯ ᠲᠠᠢ ᠶᠤᠮ᠃ | ᠭᠤᠷᠪᠠ ᠳᠤ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠤᠨ ᠡᠭᠦᠳᠦᠯᠲᠡ ᠶᠢᠨ | ᠴᠢᠨᠠᠷᠲᠠᠶ ᠬᠦᠭᠵᠢᠭᠦᠯᠬᠦ ᠨᠢ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢᠨ ᠠᠵᠤ ᠦᠢᠯᠡᠰ ᠲᠤ ᠰᠣᠶᠣᠯ ᠤᠨ | ᠢᠳᠡᠪᠬᠢᠲᠡᠢ ᠵᠠᠮᠴᠢ ᠶᠢᠨ ᠠᠴᠢ ᠬᠤᠯᠪᠣᠭᠳᠠᠯ ᠲᠠᠢ ᠶᠤᠮ᠃ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠤᠯᠤᠨ | ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠯᠳᠤᠬᠤ ᠪᠣᠳᠤᠯᠭ᠎ᠠ ᠶᠢᠨ ᠪᠣᠳᠤᠯᠬᠢᠯᠠᠯ ᠨᠢ ᠡᠷᠲᠡᠨ ᠤ ᠲᠣᠷᠭᠠᠨ ᠵᠠᠮ ᠤᠨ ᠲᠡᠤᠬᠡᠨ | ᠰᠤᠶᠤᠯ ᠤᠨ ᠤᠯᠠ ᠮᠦᠷ ᠢ ᠦᠨᠳᠦᠰᠦᠯᠡᠪᠡ᠃ ᠲᠠᠯ᠎ᠠ ᠨᠤᠲᠤᠭ ᠤᠨ ᠲᠣᠷᠭᠠᠨ ᠵᠠᠮ ᠪᠣᠯ ᠲᠠᠯ᠎ᠠ ᠨᠤᠲᠤᠭ ᠤᠨ | ᠰᠤᠶᠤᠯ ᠤᠨ ᠬᠠᠮᠤᠭ ᠠᠴᠠ ᠲᠦᠪᠯᠡᠷᠡᠩᠭᠦᠢ ᠲᠠᠷᠬᠠᠴᠠ᠂ ᠳᠣᠷᠣᠨᠠᠳᠠᠬᠢᠨ ᠪᠠ ᠥᠷᠥᠨᠡᠳᠠᠬᠢᠨ ᠤ ᠰᠣᠶᠣᠯ ᠤᠨ | ᠨᠡᠶᠢᠯᠡᠯ ᠤᠨ ᠬᠠᠮᠤᠭ ᠤᠨ ᠦᠷᠨᠢᠭᠦᠨ ᠰᠣᠶᠣᠯ ᠤᠨ ᠬᠤᠩᠭᠢᠯ ᠪᠣᠯᠵᠤ ᠪᠠᠶᠢᠪᠠ᠃ ᠦᠪᠦᠷ ᠮᠣᠩᠭᠤᠯ ᠪᠣᠯ ᠳᠤᠮᠳᠠᠳᠤ | ᠤᠯᠤᠰ ᠤᠨ ᠲᠠᠯ᠎ᠠ ᠨᠤᠲᠤᠭ ᠤᠨ ᠰᠤᠶᠤᠯ ᠤᠨ ᠲᠥᠪ ᠤᠷᠤᠨ ᠪᠣᠯᠵᠤ᠂ ᠤᠮᠠᠷᠠᠰᠢ ᠤᠷᠤᠰ ᠮᠣᠩᠭᠤᠯ ᠬᠤᠶᠠᠷ | ᠤᠯᠤᠰ ᠲᠠᠢ ᠵᠠᠬ᠎ᠠ ᠨᠡᠶᠢᠯᠡᠵᠦ᠂ ᠮᠠᠨ ᠤ ᠤᠯᠤᠰ ᠤᠨ ᠤᠮᠠᠷᠠᠰᠢ ᠨᠡᠬᠡᠬᠡᠯᠲᠡ ᠶᠢᠨ ᠴᠣᠩᠬᠤ ᠪᠠ ᠬᠦᠭᠦᠷᠭᠡ ᠪᠣᠯᠤᠨ᠎ᠠ᠃ | ᠭᠠᠳᠠᠭᠠᠳᠤ ᠲᠠᠢ ᠠᠵᠤ ᠠᠬᠤᠢ ᠶᠢᠨ ᠬᠠᠮᠲᠤᠷᠠᠯᠴᠠᠭ᠎ᠠ ᠬᠢᠬᠦ ᠳᠤ ᠰᠤᠶᠤᠯ ᠢᠶᠠᠷ ᠵᠠᠮᠴᠢ ᠪᠣᠯᠭᠠᠬᠤ ᠬᠡᠷᠡᠭᠲᠡᠢ ᠶᠤᠮ᠃ | ᠡᠶᠢᠮᠦ ᠠᠴᠠ᠂ ᠲᠠᠯ᠎ᠠ ᠨᠤᠲᠤᠭ ᠤᠨ ᠰᠤᠶᠤᠯ ᠢ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠶᠢᠨ ᠶᠡᠭᠡ ᠪᠠᠶᠢᠷᠢᠭᠤᠯᠤᠯᠲᠠ ᠳᠤ ᠤᠷᠤᠭᠤᠯᠵᠤ᠂ ᠲᠠᠯ᠎ᠠ ᠨᠤᠲᠤᠭ ᠤᠨ ᠰᠤᠶᠤᠯ ᠤᠨ ᠴᠠᠭ ᠦᠶ᠎ᠡ ᠶᠢᠨ | ᠦᠨ᠎ᠡ ᠴᠠᠨ᠎ᠠ ᠶᠢ ᠪᠣᠯᠪᠠᠰᠤᠷᠠᠭᠤᠯᠤᠨ ᠡᠭᠦᠳᠴᠦ᠂ ᠲᠠᠯ᠎ᠠ ᠨᠤᠲᠤᠭ ᠤᠨ ᠰᠤᠶᠤᠯ ᠢᠶᠠᠷ ᠬᠦᠮᠦᠨ ᠰᠤᠶᠤᠯ ᠤᠨ | ᠬᠤᠯᠪᠤᠭᠠᠰᠤ ᠪᠣᠯᠭᠠᠵᠤ᠂ ᠲᠠᠯ᠎ᠠ ᠨᠤᠲᠤᠭ ᠤᠨ ᠲᠣᠷᠭᠠᠨ ᠵᠠᠮ ᠳᠠᠭᠠᠦ ᠡᠯ᠎ᠡ ᠤᠯᠤᠰ ᠯᠤᠭ᠎ᠠ ᠥᠷᠭᠡᠨ ᠬᠡᠪᠴᠢᠶᠡᠨ ᠤ | ᠰᠣᠶᠣᠯ ᠤᠨ ᠬᠠᠮᠲᠤ ᠶᠢᠨ ᠲᠠᠨᠢᠯᠲᠠ ᠶᠢ ᠪᠣᠢ ᠪᠣᠯᠭᠠᠵᠤ᠂ ᠲᠠᠯ᠎ᠠ ᠨᠤᠲᠤᠭ ᠤᠨ ᠰᠤᠶᠤᠯ ᠢᠶᠠᠷ ᠣᠨᠴᠠᠯᠢᠭ ᠪᠠ ᠭᠤᠣᠯ | ᠰᠡᠳᠦᠪ ᠪᠣᠯᠭᠠᠭᠰᠠᠨ ᠰᠤᠶᠤᠯ ᠤᠨ ᠰᠣᠯᠢᠯᠴᠠᠭ᠎ᠠ᠂ ᠰᠤᠶᠤᠯ ᠤᠨ ᠠᠵᠤ ᠦᠢᠯᠡᠰ ᠤᠨ ᠰᠢᠰᠲ᠋ᠧᠮᠵᠢ ᠶᠢ ᠬᠠᠮᠲᠤᠪᠡᠷ | ᠴᠣᠭᠴᠠᠯᠠᠬᠤ ᠨᠢ᠂ ᠦᠪᠦᠷ ᠮᠣᠩᠭᠤᠯ ᠤᠨ ᠭᠠᠳᠠᠭᠠᠳᠤ ᠰᠤᠶᠤᠯ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠳᠤ | ᠴᠦ ᠲᠡᠷᠡ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠤᠯᠠᠨ ᠤᠯᠤᠰ ᠤᠨ ᠵᠦᠭᠡᠯᠡᠨ | ᠤᠷᠴᠢᠨ ᠠᠬᠤᠢ ᠶᠢ ᠰᠠᠶᠢᠵᠢᠷᠠᠭᠤᠯᠬᠤ ᠪᠠ ᠲᠡᠭᠦᠨ ᠤ ᠲᠥᠪᠯᠡᠩᠭᠦᠢ ᠬᠦᠴᠦᠨ᠂ ᠨᠡᠶᠢᠯᠡᠯ ᠬᠦᠴᠦᠨ᠂ ᠨᠢᠭᠲᠠᠷᠠᠯ ᠤᠨ | ᠬᠦᠴᠦᠨ ᠢ ᠳᠡᠭᠡᠭᠰᠢᠯᠡᠭᠦᠯᠬᠦ ᠳᠤ ᠴᠦ ᠲᠡᠷᠡ ᠪᠦᠷ ᠯᠤᠲᠤ ᠶᠡᠭᠡ ᠳᠠᠯᠳᠠ ᠦᠨ᠎ᠡ ᠴᠠᠨ᠎ᠠ ᠲᠠᠢ ᠶᠤᠮ᠃ | ᠰᠣᠷᠪᠤᠯᠵᠢᠯᠠᠭᠴᠢ᠄ ᠬᠦᠮᠦᠨ ᠲᠦᠷᠦᠯᠬᠢᠲᠡᠨ ᠤ ᠲᠡᠥᠬᠡ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ | ᠤᠶᠢᠷ᠎ᠠ ᠶᠢᠨ ᠦᠶ᠎ᠡ ᠣᠳᠣ ᠦᠶ᠎ᠡ ᠠᠴᠠ ᠨᠠᠰᠢ᠂ ᠳᠡᠯᠡᠬᠡᠢ ᠶᠢᠨ ᠡᠯ᠎ᠡ ᠭᠠᠵᠠᠷ ᠤᠷᠤᠨ᠂ ᠡᠯ᠎ᠡ ᠦᠨᠳᠦᠰᠦᠲᠡᠨ ᠤ | ᠰᠤᠶᠤᠯ ᠤᠨ ᠤᠯᠠᠷᠢᠯᠲᠠ᠂ ᠨᠡᠶᠢᠯᠡᠯᠲᠡ ᠶᠢᠨ ᠬᠥᠭ ᠠᠶᠢᠵᠠᠮ ᠮᠡᠳᠡᠭᠳᠡᠮ᠎ᠡ ᠲᠦᠷᠭᠡᠳᠴᠦ᠂ ᠲᠠᠯ᠎ᠠ ᠨᠤᠲᠤᠭ ᠲᠤ | ᠨᠤᠲᠤᠭ ᠤᠨ ᠰᠤᠶᠤᠯ ᠪᠠ ᠭᠠᠳᠠᠨ᠎ᠠ ᠶᠢᠨ ᠰᠤᠶᠤᠯ ᠤᠨ ᠤᠷᠢᠳ ᠭᠠᠷᠤᠭᠠᠳᠤᠶ ᠶᠡᠭᠡ ᠳᠣᠯᠭᠢᠰᠤᠯᠲᠠ᠂ ᠶᠡᠭᠡ | ᠮᠥᠷᠭᠦᠯᠳᠦᠯ᠂ ᠶᠡᠭᠡ ᠨᠡᠶᠢᠯᠡᠯᠲᠡ ᠶᠢᠨ ᠴᠠᠭ ᠦᠶ᠎ᠡ ᠬᠦᠷᠴᠦ ᠢᠷᠡᠪᠡ᠃ ᠶᠠᠭ ᠡᠶᠢᠮᠦ ᠴᠠᠭ ᠦᠶ᠎ᠡ ᠶᠢᠨ ᠠᠬᠤᠢ | ᠪᠠᠶᠢᠳᠠᠯ ᠳᠣᠣᠷ᠎ᠠ᠂ ᠲᠠᠯ᠎ᠠ ᠨᠤᠲᠤᠭ ᠤᠨ ᠰᠤᠶᠤᠯ ᠢ ᠤᠯᠠᠮᠵᠢᠯᠠᠨ ᠬᠥᠭᠵᠢᠭᠦᠯᠬᠦ ᠪᠠᠶᠢᠳᠠᠯ ᠶᠠᠮᠠᠷ ᠪᠠᠶᠢᠬᠤ ᠪᠠ ᠶᠠᠮᠠᠷ | ᠠᠰᠠᠭᠤᠳᠠᠯ ᠤᠷᠤᠰᠢᠵᠤ ᠪᠠᠶᠢᠬᠤ ᠪᠣᠢ︖ | ᠪᠣᠥ ᠰᠡᠴᠡᠨ᠄ ᠤᠶᠢᠷ᠎ᠠ ᠶᠢᠨ ᠦᠶ᠎ᠡ ᠣᠳᠣ ᠦᠶ᠎ᠡ ᠠᠴᠠ ᠨᠠᠰᠢ᠂ ᠲᠠᠯ᠎ᠠ ᠨᠤᠲᠤᠭ ᠤᠨ ᠬᠦᠮᠦᠨ ᠠᠮᠠ ᠶᠢᠨ | ᠪᠠᠶᠢᠭᠠᠯᠢᠯᠢᠭ ᠨᠡᠮᠡᠭᠳᠡᠬᠦ᠂ ᠪᠠᠶᠢᠭᠠᠯᠢ ᠶᠢᠨ ᠣᠷᠴᠢᠨ ᠠᠬᠤᠢ ᠶᠢᠨ ᠨᠦᠭᠦᠴᠡᠯ ᠤᠨ ᠬᠤᠪᠢᠷᠠᠬᠤ᠂ ᠳᠤᠲᠤᠷ᠎ᠠ ᠭᠠᠵᠠᠷ ᠤᠨ | ᠬᠦᠮᠦᠨ ᠠᠮᠠ ᠶᠡᠭᠡ ᠬᠡᠮᠵᠢᠶ᠎ᠡ ᠪᠠᠷ ᠣᠷᠤᠵᠤ ᠢᠷᠡᠬᠦ ᠶᠢ ᠳᠠᠭᠠᠯᠳᠤᠨ᠂ ᠰᠠᠭᠤᠷᠢᠰᠢᠬᠤ᠂ ᠬᠠᠭᠠᠰ ᠰᠠᠭᠤᠷᠢᠰᠢᠬᠤ ᠮᠠᠯ | ᠠᠵᠤ ᠠᠬᠤᠢ ᠢᠳᠡᠭ ᠢᠳᠡᠭ ᠢᠶᠠᠷ ᠴᠤᠯ ᠨᠡᠭᠦᠳᠡᠯ ᠮᠠᠯ ᠠᠵᠤ ᠠᠬᠤᠢ ᠶᠢ ᠣᠷᠤᠯᠠᠵᠤ᠂ ᠲᠠᠷᠢᠶᠠᠯᠠᠩ ᠤᠨ ᠪᠣᠯᠪᠠᠰᠤᠨ᠂ | ᠠᠵᠤ ᠦᠢᠯᠡᠳᠪᠦᠷᠢ ᠶᠢᠨ ᠪᠣᠯᠪᠠᠰᠤᠨ᠂ ᠬᠤᠳᠠᠯᠳᠤᠭᠠᠨ ᠤ ᠪᠣᠯᠪᠠᠰᠤᠨ᠂ ᠬᠤᠲᠠ ᠶᠢᠨ ᠪᠣᠯᠪᠠᠰᠤᠨ ᠤ ᠬᠦᠴᠦᠨ | ᠵᠦᠢᠯ ᠶᠡᠭᠡ ᠬᠡᠮᠵᠢᠶ᠎ᠡ ᠪᠠᠷ ᠴᠣᠯᠭᠤᠷᠠᠭᠠᠳ᠂ ᠦᠶ᠎ᠡ ᠤᠯᠠᠷᠢᠨ ᠰᠠᠭᠠᠲᠤᠭᠰᠠᠨ ᠲᠠᠯ᠎ᠠ ᠨᠤᠲᠤᠭ ᠤᠨ ᠦᠨᠳᠦᠰᠦᠲᠡᠨ ᠤ | ᠰᠤᠶᠤᠯ ᠳᠤ ᠲᠦᠢᠯ ᠤᠨ ᠶᠡᠭᠡ ᠬᠤᠪᠢᠷᠠᠯᠲᠠ ᠭᠠᠷᠭᠠᠪᠠ᠃ ᠣᠪ ᠣᠬᠤᠷᠬᠠᠨ ᠬᠤᠶᠠᠷ ᠵᠠᠭᠤᠨ ᠵᠢᠯ ᠤᠨ ᠬᠤᠭᠤᠷᠤᠨᠳᠤ᠂ | ᠰᠠᠭᠤᠬᠤ ᠠᠶᠠᠯᠠᠬᠤ ᠠᠴᠠ ᠠᠪᠤᠭᠠᠳ ᠢᠳᠡᠭᠡᠨ ᠤᠮᠳᠠᠭᠠᠨ ᠤ ᠶᠣᠰᠣ ᠵᠠᠩᠰᠢᠯ ᠬᠦᠷᠲᠡᠯ᠎ᠡ᠂ ᠤᠷᠤᠨ ᠨᠤᠲᠤᠭ ᠤᠨ | ᠬᠡᠯᠡ ᠬᠡᠯᠡᠯᠭᠡ ᠦᠨᠳᠦᠰᠦᠲᠡᠨ ᠤ ᠬᠡᠯᠡᠯᠭᠡ ᠠᠴᠠ ᠠᠪᠤᠭᠠᠳ ᠤᠳᠬ᠎ᠠ ᠵᠣᠬᠢᠶᠠᠯ ᠤᠷᠠᠯᠢᠭ ᠬᠦᠷᠲᠡᠯ᠎ᠡ᠂ ᠲᠠᠯ᠎ᠠ | ᠨᠤᠲᠤᠭ ᠤᠨ ᠰᠤᠶᠤᠯ ᠤᠨ ᠬᠦᠭᠵᠢᠯᠲᠡ ᠤᠯᠠᠷᠢᠯᠲᠠ ᠮᠠᠰᠢ ᠶᠡᠭᠡ ᠬᠤᠪᠢᠷᠠᠭᠰᠠᠨ ᠪᠠᠶᠢᠨ᠎ᠠ᠃ ᠲᠠᠯ᠎ᠠ ᠨᠤᠲᠤᠭ ᠤᠨ | ᠦᠨᠳᠦᠰᠦᠲᠡᠨ ᠵᠠᠷᠢᠮ ᠤᠳᠤᠮ ᠰᠤᠶᠤᠯ᠂ ᠤᠯᠠᠮᠵᠢᠯᠠᠯᠲᠤ ᠰᠤᠶᠤᠯ ᠤᠨ ᠤᠨᠴᠠᠯᠢᠭ ᠰᠢᠨᠵᠢ ᠪᠠᠨ ᠠᠯᠳᠠᠭᠰᠠᠨ ᠮᠠᠭᠠᠳ | ᠦᠭᠡᠢ᠂ ᠭᠡᠪᠡᠴᠦ ᠪᠠᠰᠠ ᠮᠠᠰᠢ ᠣᠯᠠᠨ ᠣᠨᠳᠣᠣ ᠰᠣᠶᠣᠯ ᠤᠨ ᠤᠨᠴᠠᠯᠢᠭ ᠰᠢᠨᠵᠢ ᠶᠢ ᠰᠢᠩᠭᠡᠭᠡᠨ ᠠᠪᠴᠤ᠂ | ᠤᠯᠠᠮᠵᠢᠯᠠᠯᠲᠤ ᠡᠬᠡ ᠪᠡᠶ᠎ᠡ ᠲᠠᠢ ᠠᠳᠠᠯᠢ ᠪᠣᠰᠤ ᠮᠦᠷᠲᠡᠭᠡᠨ ᠪᠠᠰᠠ ᠤᠯᠠᠮᠵᠢᠯᠠᠨ ᠬᠠᠩᠭᠠᠭᠴᠢ ᠪᠡᠶ᠎ᠡ ᠲᠠᠢ ᠠᠳᠠᠯᠢ | ᠪᠣᠰᠤ ᠮᠠᠰᠢ ᠤᠯᠠᠨ ᠰᠤᠶᠤᠯ ᠤᠨ ᠰᠢᠨ᠎ᠡ ᠤᠨᠴᠠᠯᠢᠭ ᠰᠢᠨᠵᠢ ᠶᠢ ᠡᠭᠦᠳᠦᠨ ᠪᠦᠲᠦᠭᠡᠭᠰᠡᠨ ᠪᠠᠶᠢᠨ᠎ᠠ᠃ ᠲᠠᠯ᠎ᠠ | ᠨᠤᠲᠤᠭ ᠤᠨ ᠰᠤᠶᠤᠯ ᠤᠨ ᠬᠦᠭᠵᠢᠯᠲᠡ᠂ ᠤᠯᠠᠷᠢᠯᠲᠠ ᠶᠢᠨ ᠴᠢᠭᠯᠡᠯ ᠪᠠ ᠬᠠᠨᠳᠤᠰᠢ ᠪᠣᠯ ᠪᠣᠯᠪᠠᠰᠤᠨ᠂ ᠳᠠᠪᠰᠢᠩᠭᠤᠢ᠂ | ᠠᠷᠠᠳᠴᠢᠯᠠᠯᠲᠤ᠂ ᠰᠢᠨᠵᠢᠯᠡᠬᠦ ᠤᠬᠠᠭᠠᠨᠴᠢ ᠪᠠᠶᠢᠬᠤ ᠨᠢ ᠭᠠᠷᠴᠠᠭ᠎ᠠ ᠦᠭᠡᠢ᠃ ᠪᠣᠳᠠᠰ ᠤᠨ ᠰᠤᠶᠤᠯ᠂ ᠳᠦᠷᠢᠮᠲᠤ | ᠰᠤᠶᠤᠯ ᠠᠴᠠ ᠠᠪᠤᠭᠠᠳ ᠤᠶᠤᠨ ᠤ ᠰᠤᠶᠤᠯ ᠬᠦᠷᠲᠡᠯ᠎ᠡ ᠠᠯᠢ ᠨᠢ ᠴᠦ ᠭᠡᠳ ᠡᠶᠢᠮᠦ ᠶᠤᠮ᠃ | ᠢᠯᠠᠩᠭᠤᠶ᠎ᠠ ᠳᠡᠯᠡᠬᠡᠶᠢᠴᠢᠯᠡᠯᠲᠡ ᠶᠢᠨ ᠳᠠᠪᠠᠯᠭᠠᠨ ᠨᠢ ᠬᠥᠮᠦᠨ ᠲᠥᠷᠥᠯᠬᠢᠲᠡᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠠᠬᠢᠴᠠ ᠶᠢ ᠭᠦᠨᠵᠡᠭᠡᠶ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠡᠯ᠎ᠡ ᠤᠯᠤᠰ | ᠦᠨᠳᠦᠰᠦᠲᠡᠨ ᠤ ᠰᠤᠶᠤᠯ ᠤᠨ ᠴᠣᠭᠴᠠᠯᠠᠯᠲᠠ ᠳᠤ ᠶᠠᠭ ᠭᠦᠨ ᠭᠦᠨᠵᠡᠭᠡᠢ ᠨᠥᠯᠥᠭᠡ ᠦᠵᠡᠭᠦᠯᠵᠦ ᠪᠠᠶᠢᠨ᠎ᠠ᠃ | ᠰᠣᠶᠣᠯ ᠤᠨ ᠤᠯᠠᠮᠵᠢᠯᠠᠯ ᠢ ᠬᠠᠷᠰᠢᠯᠠᠵᠤ ᠪᠠᠶᠢᠭᠰᠠᠨ ᠦᠩᠭᠡᠷᠡᠭᠰᠡᠨ ᠤ ᠲᠡᠷᠡᠬᠦ ᠬᠦᠮᠦᠨ ᠤ ᠤᠷᠰᠢᠭ ᠪᠤᠶᠤ | ᠪᠠᠶᠢᠭᠠᠯᠢ ᠶᠢᠨ ᠡᠯᠳᠡᠪ ᠵᠦᠢᠯ ᠤᠨ ᠪᠠᠬᠢᠯᠡᠯᠲᠡ ᠨᠢ ᠶᠠᠭ ᠲᠠᠰᠤᠷᠠᠯᠲᠠ ᠦᠭᠡᠶ ᠰᠦᠢᠷᠡᠵᠦ᠂ ᠰᠤᠶᠤᠯ ᠤᠨ ᠤᠯᠠᠮᠵᠢᠯᠠᠯ | ᠤᠷᠢᠳ ᠭᠠᠷᠤᠭᠠᠳᠤᠢ ᠬᠤᠷᠳᠤᠨ ᠪᠣᠯᠵᠤ᠂ ᠪᠢᠳᠡ ᠤᠯᠠᠨ ᠤ ᠳᠠᠪᠠᠭᠤᠯᠢᠭ ᠲᠠᠯ᠎ᠠ ᠶᠢ ᠦᠷᠭᠡᠨ ᠢᠶᠠᠷ ᠡᠵᠡᠮᠰᠢᠨ | ᠠᠪᠴᠤ᠂ ᠳᠡᠯᠡᠬᠡᠢ ᠶᠢᠨ ᠡᠯ᠎ᠡ ᠦᠨᠳᠦᠰᠦᠲᠡᠨ ᠤ ᠰᠤᠶᠤᠯ ᠤᠨ ᠰᠣᠳᠤ ᠶᠢ ᠨᠢ ᠮᠠᠰᠢ ᠳᠦᠭᠦᠮ ᠳᠦᠲᠡ ᠪᠠᠷ | ᠰᠢᠩᠭᠡᠭᠡᠨ ᠠᠪᠴᠤ᠂ ᠦᠪᠡᠷ ᠢ ᠪᠠᠨ ᠪᠠᠶᠠᠯᠢᠭᠵᠢᠭᠤᠯᠬᠤ ᠪᠠ ᠬᠦᠭᠵᠢᠭᠦᠯᠵᠦ ᠴᠢᠳᠠᠬᠤ ᠪᠣᠯᠭᠠᠵᠠᠢ᠃ ᠨᠢᠭᠡᠨ | ᠦᠨᠳᠦᠰᠦᠲᠡᠨ ᠤ ᠰᠤᠶᠤᠯ ᠤᠨ ᠬᠦᠭᠵᠢᠯᠲᠡ ᠶᠢᠨ ᠬᠢᠷᠢ ᠲᠦᠪᠰᠢᠨ ᠨᠢ ᠰᠢᠨᠵᠢᠯᠡᠬᠦ ᠤᠬᠠᠭᠠᠨ᠂ ᠰᠤᠶᠤᠯ ᠰᠤᠷᠭᠠᠨ | ᠬᠦᠮᠦᠵᠢᠯ ᠤᠨ ᠦᠢᠯᠡᠰ ᠳᠡᠭᠡᠷ᠎ᠡ ᠲᠦᠪᠯᠡᠷᠡᠩᠭᠦᠢ ᠲᠤᠰᠬᠠᠭᠳᠠᠬᠤ ᠨᠢ ᠵᠠᠶᠢᠯᠠᠰᠢ ᠦᠭᠡᠢ᠃ ᠲᠡᠥᠬᠡ ᠶᠢᠨ ᠠᠯᠢ ᠨᠢᠭᠡᠨ | ᠴᠠᠭ ᠦᠶ᠎ᠡ ᠳᠤ ᠴᠦ᠂ ᠮᠣᠩᠭᠤᠯ᠂ ᠳᠠᠭᠤᠷ᠂ ᠡᠸᠡᠩᠬᠢ᠂ ᠣᠷᠴᠣᠨ ᠵᠡᠷᠭᠡ ᠲᠠᠯ᠎ᠠ ᠨᠤᠲᠤᠭ ᠤᠨ ᠦᠨᠳᠦᠰᠦᠲᠡᠨ ᠳᠤ | ᠶᠡᠷᠦ ᠠᠴᠠ ᠥᠨᠥ ᠶᠢᠨ ᠮᠡᠲᠦ ᠡᠶᠢᠮᠦ ᠤᠯᠠᠨ ᠰᠢᠨᠵᠢᠯᠡᠬᠦ ᠤᠬᠠᠭᠠᠨᠲᠠᠨ᠂ ᠵᠣᠬᠢᠶᠠᠯᠴᠢ᠂ ᠮᠡᠷᠭᠡᠵᠢᠯᠲᠡᠨ ᠫᠷᠣᠹᠧᠰᠰᠣᠷ | ᠲᠠᠢ ᠪᠠᠶᠢᠭ᠎ᠠ ᠦᠭᠡᠢ᠂ ᠶᠡᠷᠦ ᠠᠴᠠ ᠥᠨᠥ ᠶᠢᠨ ᠮᠡᠲᠤ ᠡᠶᠢᠮᠦ ᠡᠯᠪᠡᠭ ᠪᠠᠶᠠᠯᠢᠭ ᠰᠤᠶᠤᠯ ᠪᠦᠲᠦᠭᠡᠯ ᠢ ᠡᠩ ᠤᠨ | ᠤᠯᠠᠨ ᠲᠦᠮᠡᠨ ᠳᠤ ᠬᠠᠩᠭᠠᠵᠤ ᠬᠡᠷᠡᠭᠯᠡᠭᠦᠯᠵᠦ ᠪᠠᠶᠢᠭᠰᠠᠨ ᠦᠭᠡᠢ᠂ ᠮᠣᠩᠭᠤᠯ ᠲᠦᠮᠡᠨ ᠤ ᠪᠦᠬᠦᠶᠢᠯᠡ ᠴᠣᠭᠴᠠ ᠶᠢᠨ | ᠰᠤᠶᠤᠯ ᠪᠣᠯᠪᠠᠰᠤᠷᠠᠯ ᠤᠨ ᠬᠡᠪ ᠴᠢᠨᠠᠷ ᠠᠴᠠ ᠥᠨᠥ ᠶᠢᠨ ᠮᠡᠲᠤ ᠡᠶᠢᠮᠦ ᠦᠨᠳᠦᠷ ᠬᠡᠮᠵᠢᠶ᠎ᠡ ᠳᠤ ᠬᠦᠷᠴᠦ ᠴᠢᠳᠠᠭ᠎ᠠ | ᠦᠭᠡᠢ ᠶᠤᠮ᠃ ᠭᠡᠲᠡᠯ᠎ᠡ᠂ ᠲᠠᠯ᠎ᠠ ᠨᠤᠲᠤᠭ ᠤᠨ ᠰᠤᠶᠤᠯ ᠳᠤ ᠠᠪᠴᠤ ᠬᠡᠯᠡᠪᠡᠯ᠂ ᠳᠡᠯᠡᠬᠡᠶᠢᠴᠢᠯᠡᠯᠲᠡ ᠬᠢᠭᠡᠳ | ᠣᠳᠣᠬᠢᠴᠢᠯᠠᠯᠲᠠ ᠨᠢ ᠪᠠᠰᠠ ᠨᠢᠭᠡᠨ ᠬᠤᠶᠠᠷ ᠢᠷᠲᠦ ᠰᠡᠯᠡᠮ᠎ᠡ ᠪᠣᠯᠤᠨ᠎ᠠ᠃ ᠪᠢᠳᠡ ᠭᠠᠳᠠᠨ᠎ᠠ ᠶᠢᠨ ᠰᠤᠶᠤᠯ | ᠢᠯᠠᠩᠭᠤᠶ᠎ᠠ ᠬᠥᠴᠦᠷᠭᠡᠭ ᠰᠤᠶᠤᠯ ᠤᠨ ᠳᠠᠭᠠᠷᠢᠯᠲᠠ ᠳᠤ ᠤᠴᠠᠷᠠᠬᠤ ᠨᠢ ᠯᠠᠪᠲᠠᠢ ᠶᠤᠮ᠃ ᠡᠨᠡᠬᠦ ᠳᠠᠭᠠᠷᠢᠯᠲᠠ ᠳᠤ | ᠣᠯᠤᠭᠰᠠᠨ ᠪᠦᠬᠦᠨ ᠴᠢᠨᠢ ᠪᠦᠷ ᠲᠠᠨ ᠤ ᠤᠯᠬᠤ ᠪᠠᠷ ᠬᠥᠭᠰᠡᠭᠰᠡᠨ ᠵᠦᠢᠯ ᠪᠢᠰᠢ᠂ ᠠᠯᠳᠠᠭᠰᠠᠨ ᠪᠦᠬᠦᠨ ᠴᠢᠨᠢ ᠪᠦᠷ | ᠲᠠᠨ ᠤ ᠣᠷᠬᠢᠬᠤ ᠪᠠᠷ ᠵᠣᠷᠢᠭᠰᠠᠨ ᠵᠦᠢᠯ ᠪᠢᠰᠢ ᠪᠠᠶᠢᠬ᠎ᠠ᠃ ᠴᠦᠬᠡᠨ ᠲᠣᠭᠠᠲᠤ ᠦᠨᠳᠦᠰᠦᠲᠡᠨ ᠤ ᠰᠤᠶᠤᠯ ᠨᠢ | ᠭᠠᠳᠠᠨ᠎ᠠ ᠶᠢᠨ ᠰᠤᠶᠤᠯ ᠤᠨ ᠣᠷᠤᠭᠤᠯᠤᠯᠲᠠ ᠳᠤ ᠶᠡᠷᠦ ᠨᠢ ᠢᠳᠡᠪᠬᠢ ᠪᠣᠰᠤ ᠬᠦᠯᠢᠶᠡᠨ ᠠᠪᠬᠤ ᠪᠠᠶᠢᠳᠠᠯ ᠲᠠᠢ | ᠪᠠᠶᠢᠳᠠᠭ ᠪᠦᠭᠡᠳ ᠰᠤᠶᠤᠯ ᠤᠨ ᠤᠯᠠᠮᠵᠢᠯᠠᠯ ᠢᠶᠠᠨ ᠬᠠᠮᠠᠭᠠᠯᠠᠬᠤ ᠳᠤ ᠴᠦ ᠬᠡᠵᠢᠶᠡᠳᠡ ᠰᠠᠨᠠᠭ᠎ᠠ ᠪᠠᠶᠢᠭᠠᠳ ᠤᠨᠤᠭ᠎ᠠ | ᠨᠢ ᠬᠦᠷᠬᠦ ᠦᠭᠡᠢ ᠪᠠᠶᠢᠳᠠᠭ᠃ ᠡᠶᠢᠮᠦ ᠠᠴᠠ᠂ ᠦᠪᠡᠷ ᠢ ᠪᠠᠨ ᠪᠣᠰᠤᠳ ᠰᠤᠶᠤᠯ ᠠᠴᠠ ᠢᠯᠭᠠᠭᠳᠠᠬᠤ ᠶᠢ | ᠬᠠᠮᠠᠭᠠᠯᠠᠵᠤ ᠴᠢᠳᠠᠬᠤ ᠡᠰᠡᠬᠦ᠂ ᠲᠡᠷᠡᠴᠢᠯᠡᠨ ᠥᠪᠡᠷᠮᠢᠴᠡ ᠬᠡᠯᠪᠡᠷᠢ ᠮᠠᠶ᠋ᠢᠭ ᠤᠨ ᠣᠯᠠᠨ ᠡᠯᠧᠮᠧᠨ᠋ᠲ ᠪᠣᠯᠭᠠᠵᠤ ᠴᠢᠳᠠᠬᠤ | ᠡᠰᠡᠬᠦ︖ ᠦᠨᠳᠦᠰᠦᠲᠡᠨ ᠤ ᠰᠤᠶᠤᠯ ᠤᠨ ᠣᠷᠣᠰᠢᠨ ᠲᠣᠭᠲᠠᠨᠢᠬᠤ ︽ᠰᠤᠶᠤᠯ ᠤᠨ ᠠᠮᠢ ᠠᠬᠤᠢ︾ ᠶᠢ ᠬᠡᠷᠬᠢᠨ | ᠬᠠᠮᠠᠭᠠᠯᠠᠬᠤ︖ ᠡᠨᠡ ᠨᠢ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠰᠤᠶᠤᠯ ᠳᠤ ᠬᠠᠮᠲᠤ ᠲᠤᠯᠭᠠᠷᠠᠵᠤ ᠪᠠᠶᠢᠭ᠎ᠠ | ᠠᠰᠠᠭᠤᠳᠠᠯ ᠪᠠᠶᠢᠵᠤ ᠮᠡᠳᠡᠨ᠎ᠡ᠃ | ᠦᠨᠳᠦᠰᠦᠲᠡᠨ ᠤ ᠰᠤᠶᠤᠯ ᠤᠨ ᠵᠠᠷᠢᠮ ᠰᠢᠯᠢᠳᠡᠭ ᠣᠨᠴᠠᠯᠢᠭ ᠰᠢᠨᠵᠢ ᠨᠢ ᠢᠳᠡᠭ ᠢᠳᠡᠭ ᠢᠶᠠᠷ ᠲᠡᠭᠦᠨ ᠤ | ᠤᠷᠢᠳᠤ ᠶᠢᠨ ᠴᠢᠳᠠᠮᠵᠢ ᠪᠠᠨ ᠠᠯᠳᠠᠵᠤ ᠪᠠᠶᠢᠨ᠎ᠠ᠂ ᠲᠡᠳᠡᠭᠡᠷ ᠤᠨ ᠳᠣᠲᠤᠷ᠎ᠠ ᠤᠯᠠᠮᠵᠢᠯᠠᠯ ᠲᠠᠰᠤᠷᠠᠭᠠᠳ᠂ ᠥᠨᠢ | ᠡᠭᠦᠷᠢᠳᠡ ᠶᠢᠨ ᠬᠠᠷᠠᠮᠰᠠᠯ ᠪᠣᠯᠤᠭᠰᠠᠨ ᠦᠨᠳᠦᠰᠦᠲᠡᠨ ᠤ ᠰᠤᠶᠤᠯ ᠤᠨ ᠣᠬᠢ ᠴᠦ ᠵᠦᠩᠳᠡᠭᠡᠨ ᠪᠣᠢ᠃ | ᠤᠯᠠᠮᠵᠢᠯᠠᠯᠲᠤ ᠨᠡᠶᠢᠭᠡᠮ ᠤᠨ ᠬᠥᠮᠦᠰ ᠤᠨ ᠬᠠᠷᠢᠴᠠᠭ᠎ᠠ᠂ ᠶᠣᠰᠣ ᠰᠤᠷᠲᠠᠬᠤᠨ ᠤ ᠪᠠᠷᠢᠮᠵᠢᠶ᠎ᠠ᠂ ᠦᠷᠲᠡᠭ ᠤᠨ | ᠦᠵᠡᠯᠲᠡ ᠴᠦ ᠤᠯᠠᠨ ᠴᠢᠭᠯᠡᠴᠡ ᠶᠢᠨ ᠬᠤᠪᠢᠷᠠᠯᠲᠠ ᠡᠭᠦᠰᠴᠦ ᠪᠠᠶᠢᠬᠤ ᠮᠥᠷᠲᠡᠭᠡᠨ ᠨᠢᠭᠡ ᠪᠦᠯᠦᠭ ᠬᠤᠪᠢᠷᠠᠯᠲᠠ ᠨᠢ | ᠪᠦᠷ ᠢᠳᠡᠪᠬᠢᠲᠡᠢ ᠪᠠ ᠬᠦᠮᠦᠨ ᠲᠦᠷᠦᠯᠬᠢᠲᠡᠨ ᠤ ᠠᠯᠤᠰ ᠬᠤᠯᠠ ᠶᠢᠨ ᠦᠷᠲᠡᠭ ᠤᠨ ᠪᠠᠷᠢᠮᠵᠢᠶ᠎ᠠ ᠳᠤ ᠨᠡᠶᠢᠴᠡᠭᠰᠡᠨ | ᠪᠢᠰᠢ ᠶᠤᠮ᠃ ᠲᠠᠯ᠎ᠠ ᠨᠤᠲᠤᠭ ᠤᠨ ᠦᠨᠳᠦᠰᠦᠲᠡᠨ ᠤ ᠨᠢᠭᠡ ᠪᠦᠯᠦᠭ ᠦᠪᠡᠷᠮᠢᠴᠡ ᠪᠠᠶᠢᠳᠠᠭ ᠪᠣᠳᠠᠰ ᠤᠨ ᠪᠣᠰᠤ | ᠰᠤᠶᠤᠯ ᠤᠨ ᠥᠪ ᠶᠠᠭ ᠥᠳᠲᠦᠷ ᠲᠦᠷᠭᠡᠨ ᠤᠰᠠᠳᠴᠤ ᠪᠠᠶᠢᠨ᠎ᠠ᠂ ᠲᠠᠯ᠎ᠠ ᠨᠤᠲᠤᠭ ᠤᠨ ᠰᠤᠶᠤᠯ ᠤᠨ ᠬᠦᠮᠦᠨ | ᠬᠢᠭᠡᠳ ᠪᠠᠶᠢᠭᠠᠯᠢ ᠶᠢᠨ ᠬᠠᠷᠢᠴᠠᠭ᠎ᠠ᠂ ᠠᠳᠠᠯᠢ ᠪᠣᠰᠤ ᠪᠦᠯᠦᠭ ᠠᠳᠠᠯᠢ ᠪᠤᠰᠤ ᠰᠤᠶᠤᠯ ᠤᠨ ᠬᠠᠷᠢᠴᠠᠭ᠎ᠠ᠂ ᠬᠦᠮᠦᠨ | ᠬᠢᠭᠡᠳ ᠬᠦᠮᠦᠨ ᠤ ᠬᠠᠷᠢᠴᠠᠭ᠎ᠠ ᠶᠢ ᠰᠢᠢᠳᠪᠦᠷᠢᠯᠡᠬᠦ ᠪᠠ ᠡᠶᠡᠳᠡᠭᠦᠯᠵᠦ ᠪᠠᠶᠢᠭᠰᠠᠨ ᠤᠯᠠᠮᠵᠢᠯᠠᠯᠲᠤ ᠣᠨᠤᠯᠵᠢᠬᠤᠨ ᠪᠠ | ᠬᠡᠪ ᠰᠤᠷᠲᠠᠯ ᠢ ᠲᠡᠶᠢᠮᠦ ᠰᠠᠶᠢᠬᠠᠨ ᠤᠯᠠᠮᠵᠢᠯᠠᠵᠤ ᠴᠢᠳᠠᠭᠰᠠᠨ ᠦᠭᠡᠢ᠂ ᠴᠢᠨᠠᠭᠰᠢᠯᠠᠪᠠᠯ ᠬᠠᠶᠠᠭᠠᠨ ᠳᠤᠨᠢ ᠬᠠᠶᠠᠵᠠᠢ᠃ | ᠢᠯᠠᠩᠭᠤᠶ᠎ᠠ ᠲᠠᠯ᠎ᠠ ᠨᠤᠲᠤᠭ ᠤᠨ ᠡᠯ᠎ᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠬᠤ ᠠᠰᠠᠭᠤᠳᠠᠯ | ᠤᠨ ᠲᠠᠯ᠎ᠠ ᠪᠠᠷ᠂ ᠡᠭᠦᠷᠭᠡ ᠬᠦᠨᠳᠦ ᠵᠠᠮ ᠬᠤᠯᠠ ᠪᠠᠶᠢᠭᠰᠠᠭᠠᠷ ᠭᠡᠨ᠎ᠡ᠃ ᠡᠷᠳᠡᠮ ᠰᠢᠨᠵᠢᠯᠡᠭᠡᠨ ᠤ ᠬᠢᠨ ︽ᠬᠡᠯᠡᠨ ᠤ | ᠤᠰᠠᠳᠤᠯ ᠬᠢᠭᠡᠳ ᠳᠥᠷᠰᠦ ᠶᠢᠨ ᠮᠦᠬᠦᠯ ᠨᠢ ᠨᠢᠭᠡᠨ ᠠᠳᠠᠯᠢ ᠠᠶᠤᠮᠰᠢᠭᠲᠠᠢ︾ ᠭᠡᠳᠡᠭ ᠢ ᠲᠠᠰᠤᠷᠠᠯᠲᠠ ᠦᠭᠡᠢ | ᠰᠡᠷᠡᠮᠵᠢᠯᠡᠭᠦᠯᠪᠡ᠂ ᠭᠡᠪᠡᠴᠦ ᠴᠦᠬᠡᠨ ᠲᠣᠭᠠᠲᠤ ᠦᠨᠳᠦᠰᠦᠲᠡᠨ ᠤ ᠬᠦᠮᠦᠨ ᠠᠮᠠ ᠴᠦᠬᠡᠨ᠂ ᠦᠨᠳᠦᠰᠦᠲᠡᠨ ᠤ | ᠦᠭᠡ ᠬᠡᠯᠡ ᠶᠢᠨ ᠬᠠᠷᠢᠯᠴᠠᠭᠠᠨ ᠤ ᠬᠦᠷᠢᠶ᠎ᠡ ᠬᠡᠪᠴᠢᠶ᠎ᠡ ᠬᠢᠵᠠᠭᠠᠷ ᠲᠠᠢ᠂ ᠨᠡᠶᠢᠭᠡᠮ ᠳᠠᠶᠠᠭᠠᠷ ᠤᠨ ᠨᠡᠶᠢᠳᠡᠮ | ᠬᠡᠷᠡᠭᠯᠡᠭᠡᠨ ᠤ ᠦᠭᠡ ᠬᠡᠯᠡ ᠪᠣᠯᠬᠤ ᠳᠤ ᠪᠡᠷᠬᠡ ᠵᠡᠷᠭᠡ ᠰᠢᠯᠲᠠᠭᠠᠨ ᠠᠴᠠ ᠪᠣᠯᠤᠭᠠᠳ᠂ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠦᠷᠭᠦᠯᠵᠢᠯᠡᠨ ᠢᠪᠴᠤᠷᠠᠬᠤ ᠪᠠᠶᠢᠳᠠᠯ ᠢ ᠣᠳᠣ ᠪᠣᠯᠲᠠᠯ᠎ᠠ | ᠬᠠᠷᠠᠬᠠᠨ ᠬᠤᠷᠢᠭᠯᠠᠵᠤ ᠴᠢᠳᠠᠭᠠᠳᠤᠢ᠂ ᠪᠦᠭᠡᠳ ᠦᠷᠭᠦᠯᠵᠢᠯᠡᠨ ᠥᠷᠭᠡᠳᠬᠦ ᠪᠠᠶᠢᠳᠠᠯ ᠲᠠᠢ ᠪᠠᠶᠢᠨ᠎ᠠ᠃ ᠡᠨᠡᠬᠦ ᠪᠠᠶᠢᠳᠠᠯ | ᠬᠡᠷᠪᠡ ᠠᠶ᠎ᠠ ᠶᠢ ᠨᠢ ᠳᠠᠭᠠᠭᠤᠯᠤᠨ᠂ ᠳᠤᠷ᠎ᠠ ᠪᠠᠷ ᠨᠢ ᠬᠦᠭᠵᠢᠭᠦᠯᠪᠡᠯ᠂ ᠪᠠᠰᠠ ᠲᠡᠭᠦᠨ ᠤ ᠢᠪᠴᠤᠷᠠᠬᠤ | ᠬᠤᠷᠳᠤᠴᠠ ᠶᠢ ᠲᠦᠷᠭᠡᠳᠬᠡᠵᠦ᠂ ᠬᠠᠮᠠᠭᠠᠯᠠᠬᠤ᠂ ᠬᠠᠳᠠᠭᠠᠯᠠᠬᠤ ᠬᠢᠭᠡᠳ ᠬᠦᠭᠵᠢᠭᠦᠯᠬᠦ ᠭᠡᠳᠡᠭ ᠨᠢ ᠬᠤᠭᠤᠰᠤᠨ ᠦᠭᠡ | ᠲᠡᠳᠦᠢ ᠪᠣᠯᠣᠨ᠎ᠠ᠃ ᠪᠢᠳᠡ ᠡᠷᠬᠡᠪᠰᠢ ᠰᠤᠶᠤᠯ ᠢᠶᠠᠷ ᠢᠲᠡᠭᠡᠯ ᠪᠣᠯᠭᠠᠬᠤ᠂ ᠰᠤᠶᠤᠯ ᠢᠶᠠᠷ ᠤᠬᠠᠮᠰᠠᠷᠯᠠᠬᠤ᠂ | ᠰᠤᠶᠤᠯ ᠢᠶᠠᠷ ᠬᠦᠴᠦᠷᠬᠡᠭᠵᠢᠬᠦ ᠦᠵᠡᠯᠲᠡ ᠪᠠᠷ ᠲᠠᠯ᠎ᠠ ᠨᠤᠲᠤᠭ ᠤᠨ ᠰᠤᠶᠤᠯ ᠢ ᠤᠯᠠᠮᠵᠢᠯᠠᠬᠤ᠂ ᠬᠠᠮᠠᠭᠠᠯᠠᠬᠤ᠂ | ᠬᠦᠭᠵᠢᠭᠦᠯᠬᠦ ᠠᠰᠠᠭᠤᠳᠠᠯ ᠳᠤ ᠬᠠᠨᠳᠤᠬᠤ ᠬᠡᠷᠡᠭᠲᠡᠢ᠃ | ᠰᠣᠷᠪᠣᠯᠵᠢᠯᠠᠭᠴᠢ᠄ ᠥᠳᠲᠦᠷ ᠲᠦᠷᠭᠡᠨ ᠬᠥᠭᠵᠢᠵᠦ ᠪᠠᠶᠢᠭ᠎ᠠ ᠣᠳᠣ ᠦᠶ᠎ᠡ ᠶᠢᠨ ᠰᠢᠨᠵᠢᠯᠡᠬᠦ ᠤᠬᠠᠭᠠᠨ | ᠮᠡᠷᠭᠡᠵᠢᠯ ᠪᠣᠯᠪᠠᠰᠤᠨ ᠬᠢᠭᠡᠳ ᠡᠳᠦᠷ ᠢᠷᠡᠬᠦᠶ᠎ᠡ ᠰᠢᠨᠡᠳᠴᠦ ᠪᠠᠶᠢᠭ᠎ᠠ ᠣᠳᠣ ᠦᠶ᠎ᠡ ᠶᠢᠨ ᠰᠣᠶᠣᠯ ᠤᠨ ᠪᠠᠶᠢᠭᠤᠯᠤᠯᠲᠠ | ᠨᠢ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ᠂ ᠡᠭᠦᠳᠦᠯᠲᠡ ᠶᠢᠨ ᠴᠢᠨᠠᠷᠲᠠᠶ | ᠬᠦᠭᠵᠢᠭᠦᠯᠬᠦ ᠳᠤ ᠰᠢᠨ᠎ᠡ ᠬᠦᠭᠵᠢᠯᠲᠡ ᠶᠢᠨ ᠠᠵᠠ ᠳᠣᠬᠢᠶᠠᠯ ᠪᠠ ᠦᠷᠢᠰᠦᠯᠳᠦᠭᠡᠨ ᠢ ᠠᠪᠴᠢᠷᠠᠵᠤ ᠥᠭᠭᠦᠯ᠎ᠡ᠃ | ᠠᠵᠠ ᠳᠣᠬᠢᠶᠠᠯ ᠪᠠ ᠦᠷᠢᠰᠦᠯᠳᠦᠭᠡᠨ ᠤ ᠡᠮᠦᠨ᠎ᠡ᠂ ᠪᠢᠳᠡ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ | ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ ᠬᠥᠭᠵᠢᠭᠦᠯᠬᠦ ᠶᠢ ᠬᠡᠷᠬᠢᠨ ᠪᠡᠶᠡᠯᠡᠭᠦᠯᠬᠦ ᠪᠣᠢ︖ | ᠢ ᠰᠦᠩ᠄ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ | ᠴᠢᠨᠠᠷᠲᠠᠶ ᠬᠦᠭᠵᠢᠭᠦᠯᠬᠦ ᠳᠤ᠂ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠤᠶᠤᠯ ᠢ ᠵᠠᠯᠭᠠᠮᠵᠢᠯᠠᠬᠤ ᠪᠠᠷ | ᠬᠤᠰᠢᠭᠤᠴᠢ ᠪᠣᠯᠭᠠᠬᠤ ᠬᠡᠷᠡᠭᠲᠡᠢ᠃ ᠰᠤᠶᠤᠯ ᠤᠨ ᠪᠦᠲᠦᠭᠡᠯᠲᠡ᠂ ᠡᠭᠦᠳᠦᠯᠲᠡ ᠨᠢ ᠬᠡᠵᠢᠶᠡᠳᠡ ᠤᠯᠠᠮᠵᠢᠯᠠᠯᠲᠤ | ᠰᠤᠶᠤᠯ ᠤᠨ ᠪᠠᠲᠤ ᠪᠠᠬᠢ ᠰᠠᠭᠤᠷᠢ ᠠᠴᠠ ᠰᠠᠯᠵᠤ ᠴᠢᠳᠠᠬᠤ ᠦᠭᠡᠢ᠃ ᠲᠠᠯ᠎ᠠ ᠨᠤᠲᠤᠭ ᠤᠨ ᠰᠤᠶᠤᠯ ᠤᠨ ᠲᠡᠤᠬᠡᠲᠦ | ᠴᠢᠨᠠᠷᠲᠠᠢ ᠲᠠᠷᠬᠠᠯᠲᠠ ᠪᠠᠷ ᠨᠢ᠂ ᠲᠡᠤᠬᠡ ᠶᠢᠨ ᠰᠤᠶᠤᠯ ᠬᠢᠭᠡᠳ ᠠᠬᠤᠢ ᠰᠤᠶᠤᠯ ᠭᠡᠵᠦ ᠬᠤᠪᠢᠶᠠᠵᠤ ᠪᠣᠯᠤᠨ᠎ᠠ᠃ | ᠲᠡᠤᠬᠡ ᠶᠢᠨ ᠰᠤᠶᠤᠯ ᠳᠤ᠂ ᠪᠢᠳᠡ ᠭᠦᠨᠵᠡᠭᠡᠢ ᠰᠣᠳᠤᠯᠭᠠᠨ ᠢᠶᠠᠷ ᠳᠠᠮᠵᠢᠨ᠂ ᠲᠡᠭᠦᠨ ᠤ ᠳᠣᠲᠤᠷᠠᠬᠢ ᠲᠡᠤᠬᠡᠨ ᠦᠨ᠎ᠡ | ᠴᠠᠨ᠎ᠠ ᠶᠢ ᠨᠢ ᠠᠭᠤᠳᠠᠯᠵᠤ᠂ ᠲᠡᠭᠦᠨ ᠤ ᠦᠵᠡᠯ ᠰᠠᠨᠠᠭᠠᠨ ᠤ ᠵᠣᠷᠢᠭ ᠰᠠᠨᠠᠭ᠎ᠠ ᠶᠢ ᠳᠡᠯᠭᠡᠷᠡᠭᠦᠯᠦᠨ ᠲᠠᠶᠢᠯᠪᠤᠷᠢᠯᠠᠵᠤ᠂ | ᠲᠡᠤᠬᠡ ᠶᠢᠨ ᠰᠤᠶᠤᠯ ᠤᠨ ᠦᠵᠡᠯ ᠰᠠᠨᠠᠭᠠᠨ ᠤ ᠵᠣᠷᠢᠭ ᠰᠠᠨᠠᠭ᠎ᠠ ᠶᠢ ᠢᠳᠡᠪᠬᠢᠲᠡᠢ ᠰᠢᠩᠭᠡᠭᠡᠨ ᠠᠪᠤᠭᠠᠳ ᠤᠯᠠᠮᠵᠢᠯᠠᠨ᠂ | ᠪᠠᠳᠠᠷᠠᠭᠤᠯᠬᠤ ᠬᠡᠷᠡᠭᠲᠡᠢ᠃ ᠠᠬᠤᠢ ᠰᠤᠶᠤᠯ ᠭᠡᠳᠡᠭ ᠪᠣᠯ ᠮᠥᠨᠬᠦ ᠪᠣᠳᠠᠲᠠᠢ ᠠᠬᠤᠢ ᠳᠤ ᠤᠷᠤᠰᠢᠵᠤ ᠪᠠᠶᠢᠭ᠎ᠠ | ᠦᠢᠯᠡᠳᠪᠦᠷᠢᠯᠡᠯ ᠠᠮᠢᠳᠤᠷᠠᠯ ᠤᠨ ᠬᠡᠯᠪᠡᠷᠢ᠂ ᠠᠷᠠᠳ ᠤᠨ ᠵᠠᠩ ᠳᠠᠳᠬᠠᠯ᠂ ᠰᠤᠶᠤᠯ ᠤᠨ ᠠᠵᠢᠯᠯᠠᠭ᠎ᠠ᠂ ᠤᠳᠬ᠎ᠠ | ᠵᠣᠬᠢᠶᠠᠯ ᠤᠷᠠᠯᠢᠭ ᠵᠡᠷᠭᠡ ᠶᠢ ᠵᠢᠭᠠᠵᠤ ᠪᠠᠶᠢᠨ᠎ᠠ᠂ ᠲᠡᠷᠡ ᠨᠢ ᠬᠦᠳᠡᠯᠦᠩᠭᠦᠢ ᠪᠦᠭᠡᠳ ᠤᠯᠠᠮᠵᠢᠯᠠᠭᠳᠠᠬᠤ ᠣᠨᠴᠠᠯᠢᠭ | ᠲᠠᠢ ᠪᠠᠶᠢᠳᠠᠭ᠃ ᠠᠬᠤᠢ ᠰᠤᠶᠤᠯ ᠳᠤ᠂ ᠪᠢᠳᠡ ᠲᠡᠭᠦᠨ ᠤ ᠣᠬᠢ ᠰᠣᠳᠤ ᠶᠢ ᠠᠪᠴᠤ᠂ ᠤᠭ ᠴᠢᠨᠠᠷ ᠢ ᠨᠢ | ᠦᠯᠡᠳᠡᠭᠡᠵᠦ᠂ ᠬᠠᠭᠤᠴᠢᠨ ᠢ ᠣᠷᠬᠢᠵᠤ ᠰᠢᠨ᠎ᠡ ᠶᠢ ᠮᠠᠨᠳᠤᠭᠤᠯᠬᠤ ᠬᠡᠷᠡᠭᠲᠡᠢ᠃ ᠲᠠᠯ᠎ᠠ ᠨᠤᠲᠤᠭ ᠤᠨ ᠰᠤᠶᠤᠯ ᠪᠣᠯ | ᠦᠪᠦᠷ ᠮᠣᠩᠭᠤᠯ ᠤᠨ ᠦᠨᠳᠦᠰᠦᠲᠡᠨ ᠤ ᠰᠤᠶᠤᠯ ᠤᠨ ᠬᠥᠴᠦᠷᠬᠡᠭ ᠤᠷᠤᠨ ᠢ ᠪᠦᠲᠦᠭᠡᠨ ᠪᠠᠶᠢᠭᠤᠯᠬᠤ ᠶᠢᠨ ᠴᠢᠬᠤᠯᠠ | ᠡᠬᠢ ᠪᠠᠶᠠᠯᠢᠭ᠂ ᠴᠢᠬᠤᠯᠠ ᠰᠠᠭᠤᠷᠢ ᠮᠦᠨ ᠪᠦᠭᠡᠳ ᠪᠠᠰᠠᠴᠤ ᠬᠤᠶᠢᠰᠢᠳᠠ ᠶᠢᠨ ᠰᠤᠶᠤᠯ ᠤᠨ ᠪᠠᠶᠢᠭᠤᠯᠤᠯᠲᠠ᠂ | ᠰᠤᠶᠤᠯ ᠤᠨ ᠬᠦᠭᠵᠢᠯᠲᠡ ᠶᠢᠨ ᠤᠨᠴᠠᠯᠢᠭ ᠬᠢᠭᠡᠳ ᠬᠠᠨᠳᠤᠰᠢ ᠶᠢ ᠮᠠᠰᠢ ᠶᠡᠭᠡ ᠬᠡᠮᠵᠢᠶᠡᠨ ᠳᠡᠭᠡᠷ᠎ᠡ ᠲᠣᠭᠲᠠᠭᠠᠭᠰᠠᠨ | ᠪᠠᠶᠢᠨ᠎ᠠ᠃ ᠪᠢᠳᠡ ᠡᠩ ᠲᠡᠷᠢᠭᠦᠨ ᠳᠤ ᠲᠠᠯ᠎ᠠ ᠨᠤᠲᠤᠭ ᠤᠨ ᠰᠤᠶᠤᠯ ᠤᠨ ᠣᠶᠤᠨ ᠰᠠᠨᠠᠭᠠᠨ ᠤ ᠠᠮᠢᠨ ᠰᠤᠳᠠᠰᠤ ᠶᠢ | ᠵᠠᠯᠭᠠᠮᠵᠢᠯᠠᠵᠤ᠂ ᠲᠡᠤᠬᠡ ᠶᠢᠨ ᠤᠯᠠᠮᠵᠢᠯᠠᠯ ᠢ ᠬᠦᠨᠳᠦᠳᠭᠡᠬᠦ ᠪᠣᠯᠤᠨ ᠦᠷᠭᠦᠯᠵᠢᠯᠡᠭᠦᠯᠵᠦ᠂ ᠰᠢᠭᠦᠮᠵᠢᠯᠡᠯ ᠲᠠᠢ ᠪᠠᠷ | ᠵᠠᠯᠭᠠᠮᠵᠢᠯᠠᠬᠤ ᠬᠡᠷᠡᠭᠲᠡᠢ᠃ ᠢᠩᠭᠢᠪᠡᠯ ᠪᠢᠳᠡᠨ ᠤ ᠪᠠᠶᠢᠭᠤᠯᠬᠤ ᠰᠤᠶᠤᠯ ᠨᠢ ᠦᠨᠳᠦᠰᠦ ᠲᠠᠢ ᠪᠣᠯᠵᠤ᠂ ᠠᠮᠢᠨ | ᠰᠦᠨᠡᠰᠦ ᠲᠠᠢ ᠪᠣᠯᠵᠤ ᠴᠢᠳᠠᠨ᠎ᠠ᠃ | ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ | ᠬᠦᠭᠵᠢᠭᠦᠯᠬᠦ ᠶᠢ ᠪᠡᠶᠡᠯᠡᠭᠦᠯᠬᠦ ᠪᠣᠯ ᠰᠤᠶᠤᠯ ᠤᠨ ᠬᠦᠭᠵᠢᠯᠲᠡ ᠶᠢᠨ ᠴᠠᠭ ᠦᠶ᠎ᠡ ᠶᠢᠨ ᠱᠠᠭᠠᠷᠳᠠᠯᠭ᠎ᠠ ᠮᠦᠨ᠃ | ᠰᠢᠨ᠎ᠡ ᠶᠢ ᠡᠭᠦᠳᠬᠦ ᠪᠣᠯ ᠰᠤᠶᠤᠯ ᠤᠨ ᠠᠮᠢᠵᠢᠷᠠᠯ ᠤᠨ ᠬᠦᠴᠦᠨ ᠮᠦᠨ᠃ ᠥᠨᠥ ᠶᠢᠨ ᠳᠡᠯᠡᠬᠡᠢ ᠶᠢᠨ ᠰᠢᠨᠵᠢᠯᠡᠬᠦ | ᠤᠬᠠᠭᠠᠨ ᠮᠡᠷᠭᠡᠵᠢᠯ ᠦᠳᠲᠦᠷ ᠲᠦᠷᠭᠡᠨ ᠬᠦᠭᠵᠢᠵᠦ ᠪᠠᠶᠢᠭ᠎ᠠ ᠮᠡᠳᠡᠭᠡ ᠵᠠᠩᠬᠢᠵᠢᠯᠲᠠ ᠶᠢᠨ ᠴᠠᠭ ᠦᠶ᠎ᠡ ᠳᠤ᠂ ᠠᠵᠤ | ᠠᠬᠤᠢ ᠨᠡᠶᠢᠭᠡᠮ ᠤᠨ ᠬᠦᠭᠵᠢᠯᠲᠡ ᠨᠢ ᠰᠤᠶᠤᠯ ᠤᠨ ᠬᠦᠭᠵᠢᠨ ᠴᠡᠴᠡᠭᠯᠡᠬᠦ ᠳᠤ ᠡᠷᠬᠢᠮ ᠨᠠᠨᠳᠢᠨ ᠠᠵᠠ ᠳᠣᠬᠢᠶᠠᠯ ᠢ | ᠣᠯᠭᠤᠵᠤ᠂ ᠪᠠᠰᠠ ᠴᠦ ᠰᠤᠶᠤᠯ ᠢ ᠦᠷᠭᠦᠯᠵᠢᠯᠡᠨ ᠰᠢᠨᠡᠳᠭᠡᠬᠦ ᠶᠢ ᠰᠢᠮᠳᠠᠭᠤᠯᠵᠤ᠂ ᠬᠤᠪᠢᠷᠠᠵᠤ ᠪᠠᠶᠢᠭ᠎ᠠ ᠠᠵᠤ | ᠠᠬᠤᠢ ᠨᠡᠶᠢᠭᠡᠮ ᠣᠷᠴᠢᠨ ᠲᠣᠭᠤᠷᠢᠨ ᠳᠤ ᠵᠣᠬᠢᠴᠠᠭᠤᠯᠬᠤ ᠪᠣᠯᠭᠠᠵᠠᠢ᠃ ᠲᠠᠯ᠎ᠠ ᠨᠤᠲᠤᠭ ᠤᠨ ᠰᠤᠶᠤᠯ ᠪᠣᠯ | ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠤᠶᠤᠯ ᠤᠨ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠪᠣᠯᠤᠨ᠎ᠠ᠂ ᠲᠠᠯ᠎ᠠ ᠨᠤᠲᠤᠭ ᠤᠨ ᠰᠤᠶᠤᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ | ᠡᠭᠦᠳᠦᠯᠲᠡ ᠶᠢᠨ ᠴᠢᠨᠠᠷᠲᠠᠶ ᠬᠦᠭᠵᠢᠭᠦᠯᠬᠦ ᠨᠢ ᠳᠤᠮᠳᠠᠳᠤ ᠶᠢᠨ ᠰᠤᠶᠤᠯ ᠤᠨ ᠤᠯᠠᠨ ᠶᠠᠩᠵᠤᠲᠥ᠂ ᠪᠦᠬᠦᠯᠢ | ᠴᠣᠭᠴᠠᠲᠤ᠂ ᠪᠦᠬᠦ ᠲᠠᠯ᠎ᠠ ᠪᠠᠷ ᠬᠦᠭᠵᠢᠬᠦ ᠳᠤ ᠬᠤᠯᠪᠤᠭᠳᠠᠨ᠎ᠠ᠂ ᠪᠠᠰᠠ ᠦᠪᠦᠷ ᠮᠣᠩᠭᠤᠯ ᠤᠨ ᠤᠷᠤᠨ ᠨᠤᠲᠤᠭ ᠤᠨ | ᠤᠨᠴᠠᠯᠢᠭ᠂ ᠦᠨᠳᠦᠰᠦᠲᠡᠨ ᠤ ᠣᠨᠴᠠᠯᠢᠭ ᠲᠠᠢ ᠰᠤᠶᠤᠯ ᠤᠨ ᠪᠠᠶᠢᠭᠤᠯᠤᠯᠲᠠ ᠬᠢᠭᠡᠳ ᠬᠦᠭᠵᠢᠯᠲᠡ ᠲᠠᠢ | ᠬᠤᠯᠪᠤᠭᠳᠠᠨ᠎ᠠ᠂ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭᠠᠨ ᠤ | ᠱᠠᠭᠠᠷᠳᠠᠯᠭ᠎ᠠ ᠪᠠ ᠰᠤᠶᠤᠯ ᠠᠷᠠᠳ ᠤᠨ ᠠᠮᠢᠳᠤᠷᠠᠯ ᠲᠠᠢ ᠬᠤᠯᠪᠤᠭᠳᠠᠨ᠎ᠠ᠃ ᠡᠨᠡ ᠨᠢ ᠦᠪᠦᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠤᠶᠤᠯ ᠤᠬᠠᠮᠰᠠᠷ᠂ ᠰᠤᠶᠤᠯ ᠢᠲᠡᠭᠡᠯ ᠢ ᠨᠡᠮᠡᠭᠳᠡᠭᠦᠯᠵᠦ᠂ ᠦᠪᠦᠷ | ᠮᠣᠩᠭᠤᠯ ᠤᠨ ᠰᠤᠶᠤᠯ ᠤᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠵᠠᠪᠠᠯ ᠭᠦᠢᠴᠡᠳᠭᠡᠬᠦ ᠶᠠᠪᠤᠳᠠᠯ ᠪᠣᠯᠤᠨ᠎ᠠ᠃ | ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ ᠪᠠ ᠡᠭᠦᠳᠦᠯᠲᠡ ᠶᠢᠨ ᠴᠢᠨᠠᠷᠲᠠᠶ | ᠬᠦᠭᠵᠢᠭᠦᠯᠬᠦ ᠶᠢ ᠪᠡᠶᠡᠯᠡᠭᠦᠯᠬᠦ ᠳᠤ ᠲᠠᠯ᠎ᠠ ᠨᠤᠲᠤᠭ ᠤᠨ ᠰᠤᠶᠤᠯ ᠤᠨ ᠬᠦᠭᠵᠢᠯᠲᠡ ᠶᠢᠨ ᠳᠦᠷᠢᠮ ᠤᠨ ᠲᠣᠭᠲᠠᠴᠠ᠂ | ᠤᠯᠠᠮᠵᠢᠯᠠᠨ ᠮᠠᠨᠳᠤᠭᠤᠯᠬᠤ ᠠᠷᠭ᠎ᠠ ᠮᠠᠶ᠋ᠢᠭ᠂ ᠠᠴᠢᠶᠠᠯᠠᠭᠴᠢ ᠲᠠᠪᠴᠠᠩ ᠢ ᠴᠣᠭᠴᠠᠯᠠᠬᠤ᠂ ᠠᠭᠤᠯᠤᠭᠳᠠᠬᠤᠨ ᠪᠣᠯᠤᠨ | ᠬᠡᠯᠪᠡᠷᠢ ᠵᠡᠷᠭᠡ ᠶᠢ ᠪᠦᠷ ᠨᠢᠭᠡᠨ ᠰᠢᠨ᠎ᠡ ᠳᠦᠷᠰᠦ ᠦᠵᠡᠭᠳᠡᠯ ᠲᠠᠢ ᠪᠣᠯᠭᠠᠬᠤ ᠬᠡᠷᠡᠭᠲᠡᠢ᠃ ᠰᠤᠶᠤᠯ ᠤᠨ | ᠬᠦᠭᠵᠢᠯᠲᠡ ᠶᠢᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠰᠢᠨᠵᠢ ᠠᠴᠠ ᠠᠪᠴᠤ ᠬᠡᠯᠡᠪᠡᠯ᠂ ᠮᠠᠨ ᠤ ᠤᠯᠤᠰ ᠤᠨ | ᠰᠤᠶᠤᠯ ᠤᠨ ᠬᠦᠭᠵᠢᠯᠲᠡ ᠨᠢᠭᠡᠨᠲᠡ ᠮᠥᠨ ᠴᠢᠨᠠᠷ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠱᠠᠲᠤ | ᠦᠶ᠎ᠡ ᠳᠤ ᠤᠷᠤᠭᠠᠳ ᠪᠠᠶᠢᠨ᠎ᠠ᠂ ᠰᠤᠶᠤᠯ ᠤᠨ ᠬᠦᠭᠵᠢᠯᠲᠡ ᠳᠤᠮᠳᠠᠬᠢ ᠰᠢᠨ᠎ᠡ ᠶᠢ ᠡᠭᠦᠳᠬᠦ ᠶᠢᠨ ᠬᠦᠳᠡᠯᠦᠩᠭᠦᠢ᠂ | ᠭᠤᠣᠯᠯᠠᠬᠤ ᠪᠠᠶᠢᠷᠢ ᠶᠢ ᠡᠷᠬᠡᠪᠰᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠰᠤᠶᠤᠯ ᠤᠨ ᠵᠦᠭᠡᠯᠡᠨ ᠪᠣᠳᠠᠲᠤ | ᠬᠦᠴᠦᠨ ᠤ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠤᠯᠤᠰ ᠤᠨ ᠶᠡᠷᠦᠩᠬᠡᠢ | ᠬᠦᠴᠦᠨ ᠢ ᠴᠢᠩᠭᠠᠷᠠᠭᠤᠯᠬᠤ ᠬᠡᠷᠡᠭᠲᠡᠢ᠃ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠴᠢᠨᠠᠷᠲᠠᠢ ᠬᠤᠪᠢᠷᠠᠭᠤᠯᠬᠤ | ᠪᠠ ᠡᠭᠦᠳᠦᠯᠲᠡ ᠶᠢᠨ ᠴᠢᠨᠠᠷᠲᠠᠶ ᠬᠦᠭᠵᠢᠯᠲᠡ ᠶᠢ ᠪᠡᠶᠡᠯᠡᠭᠦᠯᠬᠦ ᠳᠤᠮᠳᠠ᠂ ᠡᠩ ᠲᠡᠷᠢᠭᠦᠨ ᠳᠤ ᠲᠠᠯ᠎ᠠ ᠨᠤᠲᠤᠭ ᠤᠨ | ᠰᠤᠶᠤᠯ ᠳᠤ ᠠᠭᠤᠯᠤᠭᠳᠠᠵᠤ ᠪᠠᠶᠢᠭ᠎ᠠ ᠤᠶᠤᠨ ᠤᠬᠠᠭᠠᠨ ᠤ ᠠᠭᠤᠯᠬᠤᠨ᠂ ᠦᠵᠡᠯ ᠰᠠᠨᠠᠭᠠᠨ ᠤ ᠦᠨ᠎ᠡ ᠴᠠᠨ᠎ᠠ ᠶᠢ | ᠢᠯᠡᠷᠡᠭᠦᠯᠦᠨ ᠠᠭᠤᠳᠠᠯᠬᠤ ᠪᠠ ᠳᠡᠯᠭᠡᠷᠡᠭᠦᠯᠦᠨ ᠲᠠᠶᠢᠯᠪᠤᠷᠢᠯᠠᠬᠤ ᠶᠢᠨ ᠳᠠᠭᠠᠤ ᠴᠠᠭ ᠦᠶ᠎ᠡ ᠲᠠᠢ ᠵᠡᠷᠭᠡᠴᠡᠨ | ᠤᠷᠤᠭᠰᠢᠯᠠᠬᠤ ᠴᠠᠭ ᠦᠶ᠎ᠡ ᠶᠢᠨ ᠴᠢᠨᠠᠷ ᠣᠯᠭᠤᠵᠤ᠂ ᠡᠭᠦᠨ ᠤ ᠤᠯᠠᠮ ᠢᠶᠠᠷ ᠪᠢᠳᠡᠨ ᠤ ᠳᠤᠮᠳᠠᠳᠤ ᠤᠯᠤᠰ ᠤᠨ | ᠤᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠪᠦᠲᠦᠭᠡᠨ ᠪᠠᠶᠢᠭᠤᠯᠬᠤ ᠴᠢᠬᠤᠯᠠ ᠤᠶᠤᠨ ᠰᠠᠨᠠᠭᠠᠨ ᠤ | ᠬᠦᠴᠦᠨ ᠪᠣᠯᠭᠠᠬᠤ ᠬᠡᠷᠡᠭᠲᠡᠢ᠃ ᠳᠠᠷᠠᠭ᠎ᠠ ᠨᠢ᠂ ᠲᠠᠯ᠎ᠠ ᠨᠤᠲᠤᠭ ᠤᠨ ᠰᠤᠶᠤᠯ ᠤᠨ ᠦᠨᠳᠦᠰᠦᠨ ᠠᠭᠤᠯᠬᠤᠨ ᠪᠠ | ᠬᠡᠯᠪᠡᠷᠢ ᠶᠢ ᠬᠦᠴᠦ ᠲᠠᠯᠪᠢᠨ ᠤᠯᠠᠮᠵᠢᠯᠠᠬᠤ ᠪᠠ ᠬᠦᠭᠵᠢᠭᠦᠯᠬᠦ ᠬᠡᠷᠡᠭᠲᠡᠢ᠃ ᠮᠦᠨ ᠴᠢᠨᠠᠷ ᠪᠣᠯᠤᠨ ᠦᠪᠡᠷᠮᠢᠴᠡ | ᠤᠨᠴᠠᠯᠢᠭ ᠢ ᠬᠦᠨᠳᠦᠳᠭᠡᠵᠦ᠂ ᠲᠡᠭᠦᠨ ᠤ ᠤᠶᠤᠨ ᠰᠠᠨᠠᠭ᠎ᠠ᠂ ᠴᠤᠭ ᠵᠠᠯᠢ᠂ ᠠᠮᠢᠨ ᠰᠦᠨᠡᠰᠦ ᠶᠢ ᠪᠠᠳᠠᠷᠠᠭᠤᠯᠬᠤ | ᠬᠡᠷᠡᠭᠲᠡᠢ᠃ ᠡᠨᠡᠬᠦ ᠰᠠᠭᠤᠷᠢᠨ ᠳᠡᠭᠡᠷ᠎ᠡ᠂ ᠪᠣᠳᠠᠲᠠᠢ ᠲᠠᠢ ᠤᠶᠠᠯᠳᠤᠭᠤᠯᠤᠨ᠂ ᠲᠠᠯ᠎ᠠ ᠨᠤᠲᠤᠭ ᠤᠨ ᠰᠤᠶᠤᠯ ᠤᠨ ᠤᠤᠯ | ᠠᠭᠤᠯᠠᠭᠳᠠᠬᠤᠨ᠂ ᠬᠡᠯᠪᠡᠷᠢ ᠳᠤ ᠰᠢᠨ᠎ᠡ ᠴᠠᠭ ᠦᠶ᠎ᠡ ᠶᠢᠨ ᠤᠳᠬ᠎ᠠ ᠰᠠᠨᠠᠭ᠎ᠠ ᠶᠢ ᠲᠠᠰᠤᠷᠠᠯᠲᠠ ᠦᠭᠡᠢ ᠣᠯᠭᠤᠵᠤ᠂ | ᠲᠠᠯ᠎ᠠ ᠨᠤᠲᠤᠭ ᠤᠨ ᠰᠤᠶᠤᠯ ᠤᠨ ᠠᠭᠤᠯᠬᠤᠨ ᠪᠣᠯᠤᠨ ᠬᠡᠯᠪᠡᠷᠢ ᠶᠢ ᠰᠢᠨᠡᠴᠢᠯᠡᠨ ᠬᠦᠭᠵᠢᠭᠦᠯᠬᠦ ᠬᠡᠷᠡᠭᠲᠡᠢ᠃ |