ᠥᠪᠥᠷ ᠮᠣᠩᠭᠤᠯ ᠲᠦᠷᠦᠭᠦᠦ ᠪᠦᠯᠦᠭ ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ  ᠪᠣᠯᠪᠠᠰᠤᠷᠠᠭᠤᠯᠣᠯ ᠤᠨ ᠰᠠᠭᠤᠷᠢᠨ ᠭᠠᠵᠠᠷ ᠤᠨ ᠬᠠᠮᠲᠤᠷᠠᠭᠰᠠᠨ ᠴᠣᠭᠴᠠ ᠶᠢ  ᠲᠤᠲᠤᠷᠬᠠᠶᠢᠯᠠᠪᠠ
ᠨᠡᠶᠢᠲᠡᠯᠡᠭᠰᠡᠨ ᠴᠠᠭ᠄
2015/10/13
      ᠲᠦᠷᠦᠭᠦᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠲᠦᠷᠦᠭᠦᠦ ᠪᠦᠯᠦᠭ ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠬᠠᠮᠲᠤᠷᠠᠭᠰᠠᠨ ᠴᠣᠭᠴᠠ ᠶᠢ ᠲᠤᠲᠤᠷᠬᠠᠶᠢᠯᠠᠪᠠ᠃ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠵᠡᠷᠭᠡ ᠳᠣᠯᠣᠭᠠᠨ ᠶᠠᠮᠤᠨ  ᠵᠥᠪᠯᠡᠯ ᠤᠨ ︽ ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠵᠡᠷᠭᠡ ᠵᠢᠷᠭᠤᠭᠠᠨ ᠵᠥᠪᠯᠡᠯ ᠠᠯᠪᠠᠨ ᠭᠡᠷ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠦᠷᠨᠢᠭᠦᠯᠬᠦ ᠶᠢᠨ ᠬᠡᠷᠡᠭᠵᠢᠭᠦᠯᠬᠦ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ︽ᠡᠮᠴᠢᠯᠡᠬᠦ ᠡᠮᠴᠢ ᠶᠢᠨ  ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠦᠨᠡᠮᠰᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠂ ︽ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠦᠨᠳᠦᠰᠦᠯᠡᠨ᠂ ᠤᠯᠤᠰ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠱᠠᠲᠤᠨ ᠶᠢᠨ ᠠᠯᠢ ᠣᠯᠠᠨ ᠪᠡᠯᠡᠳᠬᠡᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠯᠤᠭ᠎ᠠ ᠬᠠᠮᠲᠤᠷᠠᠬᠤ ᠪᠤᠶᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠯᠤᠭ᠎ᠠ ᠬᠤᠷᠰᠢᠯᠴᠠᠵᠤ᠂ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠬᠠᠮᠲᠤᠷᠠᠭᠰᠠᠨ ᠴᠣᠭᠴᠠ ᠶᠢ ᠪᠦᠷᠢᠯᠳᠦᠭᠦᠯᠦᠨ᠂ ᠡᠮᠴᠢᠯᠡᠬᠦ ᠡᠮᠴᠢ  ᠶᠢᠨ ᠪᠣᠯᠪᠠᠰᠤᠷᠠᠭᠤᠯᠤᠯ ᠤᠨ ᠠᠵᠢᠯ ᠢ ᠬᠠᠮᠲᠤ ᠪᠠᠷ ᠡᠭᠦᠷᠭᠡᠯᠡᠨ᠎ᠡ᠃ ᠪᠦᠬᠦ ᠣᠷᠣᠨ ᠡᠯ᠎ᠡ ᠭᠠᠵᠠᠷ ᠲᠤ ᠮᠡᠳᠡᠭᠦᠯᠵᠦ᠂ ᠲᠤᠰᠬᠠᠢ ᠮᠡᠷᠭᠡᠵᠢᠯᠲᠡᠳ ᠢᠶᠠᠷ ᠠᠩᠬ᠎ᠠ ᠠᠯᠬᠤᠮ ᠤᠨ ᠰᠢᠯᠭᠠᠷᠠᠭᠤᠯᠤᠯᠲᠠ ᠬᠢᠯᠭᠡᠬᠦ ᠶᠢ ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠲᠣᠭᠲᠠᠭᠠᠵᠤ ᠦᠨᠡᠮᠰᠢᠭᠰᠡᠨ ᠰᠠᠭᠤᠷᠢᠨ ᠳᠡᠭᠡᠷ᠎ᠡ᠂ ︽ᠵᠦᠶ ᠵᠣᠬᠢᠰᠲᠠᠶ  ᠪᠠᠶᠢᠷᠢᠯᠠᠭᠤᠯᠬᠤ᠂ ᠬᠡᠷᠡᠭᠴᠡᠭᠡ ᠶᠢ ᠬᠠᠩᠭᠠᠬᠤ᠂ ᠬᠦᠴᠦᠷᠭᠡᠭ ᠢ ᠬᠦᠴᠦᠷᠭᠡᠭ ᠲᠠᠢ ᠨᠢ ᠬᠤᠯᠪᠣᠭᠠᠯᠠᠭᠤᠯᠬᠤ᠂ ᠠᠳᠠᠯᠢ ᠴᠢᠨᠠᠷ ᠤᠨ ᠪᠣᠯᠪᠠᠰᠤᠷᠠᠭᠤᠯᠤᠯ ᠬᠢᠬᠦ︾ ᠵᠠᠷᠴᠢᠮ ᠤᠨ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠵᠢᠯᠲᠠᠨ ᠠᠵᠢᠯᠴᠢᠨ ᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠᠷ ᠪᠦᠷᠢᠯᠳᠦᠭᠰᠡᠨ ᠤᠯᠤᠰ ᠤᠨ ᠱᠠᠲᠤᠨ ᠤ ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠬᠠᠮᠲᠤᠷᠠᠭᠰᠠᠨ ᠴᠣᠭᠴᠠ ᠶᠢ ᠪᠠᠶᠢᠭᠤᠯᠪᠠ᠃ ᠡᠭᠦᠨ ᠤ ᠬᠠᠮᠲᠤ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠶ ᠰᠢᠭᠤᠶ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ᠂ ᠣᠷᠳᠣᠰ ᠬᠤᠲᠠ ᠶᠢᠨ ᠭᠤᠣᠯ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ  ᠭᠤᠣᠯ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠪᠣᠭᠤᠲᠤ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ᠂  ᠲᠦᠩᠯᠢᠶᠣᠤ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶ᠎ᠠ᠂ ᠨᠢᠩᠴᠧᠩ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠡᠷᠭᠡ 10 ᠡᠮᠨᠡᠯᠭᠡ ᠶᠢᠨ ᠬᠤᠷᠢᠶ᠎ᠠ ᠶᠢ ᠤᠯᠤᠰ ᠤᠨ ᠱᠠᠲᠤᠨ ᠤ ᠪᠡᠯᠡᠳᠬᠡᠯ ᠰᠠᠭᠤᠷᠢᠨ ᠭᠠᠵᠠᠷ ᠪᠣᠯᠭᠠᠬᠤ ᠪᠠᠷ ᠲᠣᠲᠤᠷᠬᠠᠶᠢᠯᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号