ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠭᠰᠠᠨ ᠪᠦᠭᠡᠳ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ︽ᠠᠷᠭ᠎ᠠ︾ ᠶᠢ ︽ᠬᠡᠷᠡᠭᠴᠡᠭᠡ ᠶᠢ ᠪᠠᠲᠤᠯᠠᠬᠤ᠂ ᠡᠮᠨᠡᠭᠦᠯᠬᠦ ᠳᠤ ᠳᠥᠭᠦᠮ ᠦᠵᠡᠭᠦᠯᠬᠦ᠂ ᠬᠠᠮᠢᠶᠠᠷᠤᠯᠲᠠ ᠪᠠᠨ | ᠴᠢᠩᠭᠠᠳᠬᠠᠬᠤ᠂ ᠪᠦᠷᠢᠯᠭᠡᠬᠦ ᠶᠢ ᠰᠡᠷᠭᠡᠶᠢᠯᠡᠬᠦ︾ ᠵᠠᠷᠴᠢᠮ ᠢᠶᠠᠷ᠂ ᠮᠠᠨ ᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠦᠬᠡᠬᠤᠲᠠ ᠶᠢᠨ ᠭᠠᠵᠠᠷ | ᠣᠷᠣᠨ ᠳᠤ ᠰᠠᠭᠤᠭ᠎ᠠ ᠤᠤᠯ ᠠᠯᠪᠠᠨ ᠵᠠᠷᠤᠳᠠᠯ ᠤᠨ ᠡᠮᠴᠢᠯᠡᠭᠡ ᠶᠢ ᠡᠳ᠋ᠯᠡᠬᠦ ᠨᠢᠭᠡᠴᠡ ᠶᠢᠨ ᠠᠵᠢᠯ ᠠᠴᠠ ᠪᠠᠨ | ᠠᠮᠠᠷᠠᠭᠰᠠᠨ ᠺᠠᠳ᠋ᠷ ᠪᠣᠯᠤᠨ ᠡᠳ᠋ ᠤᠨ ᠵᠠᠰᠠᠭ ᠠᠴᠠ ᠡᠮ ᠡᠮᠨᠡᠯᠭᠡ ᠶᠢᠨ ᠵᠠᠷᠤᠳᠠᠯ ᠢ ᠪᠦᠬᠦ ᠲᠤᠭ᠎ᠠ ᠪᠠᠷ ᠡᠭᠦᠷᠭᠡᠯᠡᠭᠰᠡᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠦᠭᠡᠢ ᠬᠠᠭᠠᠭᠰᠠᠨ ᠵᠣᠭᠰᠤᠭᠠᠭᠰᠠᠨ ᠲᠠᠮᠫᠤᠷᠠᠭᠰᠠᠨ ᠠᠵᠤ | ᠠᠬᠤᠶᠢᠯᠠᠯ ᠤᠨ ᠲᠤᠰᠢᠶᠠᠯ ᠠᠴᠠ ᠪᠠᠨ ᠠᠮᠠᠷᠠᠭᠰᠠᠨ ᠺᠠᠳ᠋ᠷᠴᠤᠳ ︵ᠳᠣᠷᠣᠭᠰᠢ ᠲᠤᠰ ᠱᠠᠲᠤᠨ ᠤ ᠠᠵᠢᠯ ᠠᠴᠠ ᠪᠠᠨ | ᠠᠮᠠᠷᠠᠭᠰᠠᠨ ᠺᠠᠳ᠋ᠷ ᠭᠡᠵᠦ ᠲᠣᠪᠴᠢᠯᠠᠨ᠎ᠠ︶ ᠲᠤ ᠲᠣᠬᠢᠷᠠᠨ᠎ᠠ᠃ | ︽ᠠᠷᠭ᠎ᠠ︾ ᠳᠤ ᠱᠠᠭᠠᠷᠳᠠᠭᠰᠠᠨ ᠨᠢ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠡᠮ ᠡᠮᠨᠡᠯᠭᠡ ᠶᠢᠨ ᠵᠠᠷᠤᠳᠠᠯ ᠢ ᠬᠤᠪᠢ ᠬᠥᠮᠦᠨ ᠤ ᠳᠠᠩᠰᠠᠨ ᠡᠷᠦᠬᠡ ᠪᠣᠯᠤᠨ ᠨᠢᠭᠡᠳᠦᠯᠲᠡᠶ ᠲᠣᠬᠢᠷᠠᠭᠤᠯᠤᠭᠰᠠᠨ | ᠰᠠᠭᠤᠷᠢ ᠮᠥᠩᠭᠦ ᠯᠤᠭ᠎ᠠ ᠤᠶᠠᠯᠳᠤᠭᠤᠯᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷ ᠤᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠶᠠᠷ | ᠳᠠᠬᠢᠨ ᠬᠠᠷᠭᠤᠭᠤᠯᠤᠭᠠᠳ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠬᠤᠪᠢ ᠬᠥᠮᠦᠨ ᠤ | ᠳᠠᠩᠰᠠᠨ ᠡᠷᠦᠬᠡ ᠳᠠᠬᠢ ᠮᠥᠩᠭᠦ ᠶᠢ ᠴᠠᠭ ᠲᠤᠬᠠᠶ ᠳᠤᠨᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠤᠨ | ᠲᠤᠰ ᠬᠥᠮᠦᠨ ᠳᠤᠨᠢ ᠰᠠᠯᠭᠠᠵᠤ ᠥᠭᠭᠦᠨ᠎ᠡ᠃ ᠵᠢᠯ ᠪᠦᠷᠢ ᠶᠢᠨ ᠬᠤᠪᠢ ᠬᠥᠮᠦᠨ ᠤ ᠳᠠᠩᠰᠠᠨ ᠡᠷᠦᠬᠡ ᠳᠤ | ᠣᠷᠣᠭᠤᠯᠬᠤ ᠮᠥᠩᠭᠦ ᠶᠢᠨ ᠲᠤᠭ᠎ᠠ ᠨᠢ᠄ 80 ᠨᠠᠰᠤᠨ ᠠᠴᠠ ᠳᠡᠭᠡᠭᠰᠢᠬᠢ᠂ ︽ᠰᠣᠶᠣᠯ ᠤᠨ ᠶᠡᠭᠡ ᠬᠤᠪᠢᠰᠬᠠᠯ︾ | ᠳᠤ ᠪᠦᠷᠢᠨ ᠵᠡᠮᠳᠡᠭᠰᠢᠭᠰᠡᠨ ᠪᠠ ᠳᠡᠳ᠋ ᠮᠤᠵᠢ ᠶᠢᠨ ᠱᠠᠲᠤᠨ ᠠᠴᠠ ᠳᠡᠭᠡᠭᠰᠢᠬᠢ ᠲᠤᠰ ᠱᠠᠲᠤᠨ ᠤ ᠠᠵᠢᠯ ᠠᠴᠠ ᠪᠠᠨ | ᠠᠮᠠᠷᠠᠭᠰᠠᠨ ᠺᠠᠳ᠋ᠷ ᠲᠤ ᠪᠦᠬᠦ ᠵᠢᠯ ᠳᠤ 8000 ᠲᠥᠭᠦᠷᠢᠭ ᠥᠭᠭᠦᠨ᠎ᠡ︔ 80 ᠨᠠᠰᠤ ᠬᠦᠷᠦᠭᠡᠳᠦᠢ ︽ | ᠰᠣᠶᠣᠯ ᠤᠨ ᠶᠡᠭᠡ ᠬᠤᠪᠢᠰᠬᠠᠯ︾ ᠳᠤ ᠦᠨᠳᠦᠰᠦᠨ ᠳᠡᠭᠡᠨ ᠵᠡᠮᠳᠡᠭᠰᠢᠭᠰᠡᠨ ᠲᠤᠰ ᠱᠠᠲᠤᠨ ᠤ ᠠᠵᠢᠯ ᠠᠴᠠ ᠪᠠᠨ | ᠠᠮᠠᠷᠠᠭᠰᠠᠨ ᠺᠠᠳ᠋ᠷ ᠲᠤ ᠪᠦᠬᠦ ᠵᠢᠯ ᠳᠤ 7000 ᠲᠥᠭᠦᠷᠢᠭ ᠥᠭᠭᠦᠨ᠎ᠡ᠃ ᠪᠤᠰᠤᠳ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠦᠬᠦ ᠵᠢᠯ ᠳᠤ 6000 ᠲᠥᠭᠦᠷᠢᠭ ᠪᠣᠯᠤᠨ᠎ᠠ᠃ ᠡᠭᠦᠨ ᠠᠴᠠ | ᠭᠠᠳᠠᠨ᠎ᠠ᠂ ᠬᠤᠪᠢ ᠬᠥᠮᠦᠨ ᠤ ᠳᠠᠩᠰᠠᠨ ᠡᠷᠦᠬᠡ ᠳᠠᠬᠢ ᠮᠥᠩᠭᠦ ᠶᠢ ᠲᠤᠰ ᠠᠷᠭ᠎ᠠ ᠳᠤ ᠵᠥᠪᠰᠢᠶᠡᠷᠡᠭᠰᠡᠨ ᠬᠡᠪᠴᠢᠶᠡᠨ | ᠳᠣᠲᠣᠷ᠎ᠠ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠡᠮᠴᠢᠯᠡᠭᠡᠨ ᠳᠤ ᠡᠵᠡᠨ ᠮᠡᠳᠡᠨ ᠵᠠᠷᠤᠴᠠᠭᠤᠯᠤᠨ᠎ᠠ᠃ | ᠳᠠᠬᠢᠪᠠᠯ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠢ | ᠪᠣᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ | ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ | ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ | ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 253 ᠳ᠋ᠤᠭᠠᠷ ᠡᠮᠨᠡᠯᠭᠡ ᠶᠢᠨ ᠬᠤᠷᠢᠶ᠎ᠠ᠂ | ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ | ᠡᠮᠨᠡᠯᠭᠡ ᠶᠢᠨ ᠬᠤᠷᠢᠶ᠎ᠠ ᠶᠢᠨ ᠠᠯᠢ ᠨᠢᠭᠡᠨ ᠡᠮᠨᠡᠯᠭᠡ ᠶᠢᠨ ᠬᠤᠷᠢᠶᠠᠨ ᠳᠤ ᠰᠠᠭᠤᠵᠤ ᠡᠮᠨᠡᠭᠦᠯᠵᠦ ᠪᠣᠯᠣᠨ᠎ᠠ᠃ | ᠡᠮᠨᠡᠯᠭᠡ ᠳᠤ ᠰᠠᠭᠤᠭᠰᠠᠨ ᠨᠢᠭᠡ ᠭᠠᠷᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠳᠤ ᠮᠡᠳᠡᠭᠳᠡᠬᠦ ᠶᠢᠨ ᠬᠠᠮᠲᠤ ᠡᠮᠨᠡᠯᠭᠡ ᠳᠤ ᠰᠠᠭᠤᠬᠤ ᠮᠡᠳᠡᠭᠳᠡᠯ ᠤᠨ ᠪᠢᠴᠢᠭ ᠶᠢᠨ | ᠬᠠᠭᠤᠯᠪᠤᠷᠢ ᠶᠢ ᠬᠠᠩᠭᠠᠵᠤ ᠥᠭᠭᠦᠨ᠎ᠡ᠃ ᠪᠠᠴᠢᠮ ᠲᠦᠭᠰᠢᠭᠦᠷᠢᠲᠡᠶ ᠡᠪᠡᠳᠴᠢᠲᠡᠨ ᠭᠠᠳᠠᠷ ᠣᠷᠣᠨ ᠳᠤ ᠣᠴᠢᠵᠤ | ᠡᠮᠨᠡᠯᠭᠡ ᠳᠤ ᠰᠠᠭᠤᠵᠤ ᠪᠠᠶᠢᠴᠠᠭᠠᠯᠭᠠᠨ ᠡᠮᠨᠡᠭᠦᠯᠬᠦ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠶᠢᠨ ᠳᠠᠭᠠᠳᠬᠠᠯ ᠶᠢᠨ ᠲᠣᠪᠴᠢᠶ᠎ᠠ ᠶᠢᠨ ᠵᠥᠪᠰᠢᠶᠡᠷᠡᠯ ᠢ ᠤᠯᠬᠤ ᠬᠡᠷᠡᠭᠲᠡᠶ᠃ |