ᠪᠦᠬᠦ ᠤᠷᠤᠨ ᠤ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2015/10/14
     10 ᠳ᠋ᠤᠭᠠᠷ ᠰᠠᠷ᠎ᠠ ᠶᠢᠨ 12᠎ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠪᠦᠬᠦ ᠤᠷᠤᠨ ᠤ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠢᠵᠤ᠂ ᠲᠦᠷᠦ ᠶᠢᠨ ᠶᠠᠪᠤᠲᠠᠯ ᠤᠨ ᠬᠤᠷᠢᠶᠠᠨ ᠤ ︽ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠤᠪᠯᠡᠭᠡ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠪᠠᠶᠢᠷᠢᠯᠠᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠧᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠱᠠᠭᠠᠷᠲᠠᠭᠰᠠᠨ ᠨᠢ᠂ ᠤᠳᠤᠬᠠᠨ ᠪᠠ ᠬᠤᠶᠢᠰᠢᠳᠠ ᠶᠢᠨ ᠨᠢᠬᠡ ᠬᠤᠭᠤᠴᠠᠭᠠᠨ ᠳᠤ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠠᠵᠤ ᠤᠢᠢᠯᠡᠳᠪᠤᠷᠢ᠂ ᠬᠤᠳᠠ ᠪᠠᠯᠭᠠᠰᠤᠨ ᠤ ᠠᠮᠢᠳᠤᠷᠠᠯ ᠪᠤᠯᠤᠨ ᠲᠠᠷᠢᠶᠠᠯᠠᠩ ᠲᠠᠷᠢᠶᠠᠯᠠᠬᠤ ᠤᠷᠤᠨ ᠵᠡᠷᠬᠡ ᠲᠠᠯ᠎ᠠ ᠪᠠᠷ ᠬᠢ ᠭᠤᠤᠯ ᠪᠤᠬᠢᠷᠳᠤᠯ ᠪᠤᠳᠠᠰ ᠭᠠᠲᠠᠭᠰᠢᠯᠠᠭᠤᠯᠬᠤ ᠶᠢ ᠪᠦᠬᠦ ᠲᠠᠯ᠎ᠠ ᠪᠠᠷ ᠬᠢᠵᠠᠭᠠᠷᠯᠠᠵᠤ᠂ ᠤᠷᠤᠨ ᠵᠠᠢ ᠶᠢᠨ ᠪᠠᠶᠢᠷᠢᠰᠢᠯ ᠢ ᠰᠢᠯᠢᠳᠡᠭᠵᠢᠬᠦᠯᠵᠤ᠂ ᠠᠵᠤ ᠠᠬᠤᠢ ᠶᠢᠨ ᠪᠦᠳᠤᠴᠠ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠴᠢᠷᠮᠠᠶᠢᠨ ᠠᠬᠢᠭᠤᠯᠬᠤ ᠭᠡᠷᠡᠭᠳᠠᠢ︔ ᠤᠰᠤᠨ ᠤ ᠡᠬᠢ ᠰᠤᠷᠪᠤᠯᠵᠢ ᠶᠢᠨ ᠬᠠᠮᠤᠬ ᠤᠨ ᠴᠢᠩᠭ᠎ᠠ ᠬᠠᠮᠢᠶᠠᠷᠤᠯᠳᠠ ᠶᠢ ᠭᠡᠷᠡᠭᠵᠢᠬᠦᠯᠵᠤ᠂ ᠤᠰᠤᠨ ᠤ ᠡᠬᠢ ᠪᠠᠶᠠᠯᠢᠬ ᠢ ᠠᠷᠪᠢᠯᠠᠨ ᠬᠠᠮᠠᠭᠠᠯᠠᠬᠤ ᠭᠡᠷᠡᠭᠳᠠᠢ︔ ᠤᠰᠤᠨ ᠤ ᠪᠤᠬᠢᠷᠳᠤᠯ ᠢ ᠰᠡᠷᠬᠡᠶᠢᠯᠡᠬᠦ ᠰᠢᠨ᠎ᠠ ᠲᠤᠬᠳᠠᠴᠠ ᠶᠢ ᠪᠠᠶᠢᠭᠤᠯᠵᠤ᠂ ᠤᠤᠭᠤᠬᠤ ᠤᠰᠤᠨ ᠤ ᠡᠬᠢ ᠡᠬᠦᠰᠤᠯ ᠪᠤᠯᠤᠨ ᠤᠰᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠭᠡᠷᠡᠭᠳᠠᠢ︔ ᠭᠠᠶᠢᠯᠢ ᠰᠦᠢᠳᠭᠡᠯ ᠤᠨ ᠲᠦᠷᠤ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠵᠤᠷᠢᠬᠵᠢᠭᠤᠯᠬᠤ ᠲᠤᠭᠳᠠᠴᠠ ᠶᠢ ᠪᠠᠶᠢᠭᠤᠯᠤᠨ᠂ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠬᠡᠵᠢᠯ ᠤᠨ ᠲᠤᠯᠭᠠᠭᠤᠷᠢᠯᠠᠬᠤ ᠬᠦᠴᠤᠨ ᠢ ᠴᠢᠩᠭᠠᠳᠬᠠᠬᠤ ᠭᠡᠷᠡᠭᠳᠠᠢ︔ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠬᠢᠨᠠᠯᠳᠠ ᠲᠠᠯᠪᠢᠬᠤ ᠶᠢ ᠴᠢᠨᠠᠬᠰᠢᠳᠠ ᠴᠢᠩᠭᠠᠳᠬᠠᠵᠤ᠂ ᠤᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠲᠦᠷᠤᠯ ᠵᠦᠢᠯ ᠢ ᠨᠠᠶᠢᠳᠠᠪᠤᠷᠢᠵᠢᠭᠤᠯᠬᠤ ᠭᠡᠷᠡᠭᠳᠠᠢ ᠬᠡᠵᠠᠢ᠃      ᠬᠤᠷᠠᠯ ᠠᠴᠠ᠂ ᠡᠯ᠎ᠠ ᠲᠠᠭᠠᠭᠤᠯᠬᠤ ᠰᠠᠯᠠᠭ᠎ᠠ ᠮᠦᠴᠢᠷ ᠤᠨ ᠬᠢᠨ ᠠᠵᠢᠯ ᠤᠨ ᠡᠷᠴᠢᠮ ᠢᠶᠠᠨ ᠴᠢᠨᠠᠬᠰᠢᠳᠠ ᠴᠢᠩᠭᠠᠷᠠᠭᠤᠯᠵᠤ᠂ ᠵᠢᠯ ᠤᠨ ᠡᠴᠤᠰ ᠠᠴᠠ ᠡᠮᠤᠨ᠎ᠠ ︽ᠤᠰᠤᠨ ᠤ ᠪᠤᠬᠢᠷᠳᠤᠯ ᠢ ᠰᠡᠷᠬᠡᠶᠢᠯᠠᠨ ᠵᠠᠰᠠᠬᠤ ᠠᠵᠢᠯᠯᠠᠭ᠎ᠠ ᠶᠢᠨ ᠲᠦᠯᠤᠪᠯᠡᠭᠡ︾᠎ ᠳᠠᠬᠢ ᠮᠠᠨ ᠤ ᠤᠷᠤᠨ ᠳᠤ ᠬᠤᠯᠪᠤᠬᠳᠠᠬᠤ ᠰᠠᠭᠤᠭᠠᠯᠢ ᠠᠷᠠᠳ ᠤᠨ ᠤᠰᠤᠨ ᠤ ᠱᠠᠳᠤᠯᠢᠭ ᠦᠨ᠎ᠠ ᠬᠠᠩᠰᠢ ᠶᠢᠨ ᠲᠦᠷᠢᠮ ᠵᠡᠷᠬᠡ 6 ᠵᠦᠢᠯ ᠤᠨ ᠠᠵᠢᠯ ᠤᠨ ᠡᠬᠦᠷᠬᠡ ᠶᠢ ᠪᠡᠶᠡᠯᠡᠬᠦᠯᠬᠦ ᠶᠢ ᠪᠠᠳᠤᠯᠠᠬᠤ ᠭᠡᠷᠡᠭᠳᠠᠢ᠃ 2016 ᠣᠨ ᠳᠤ ᠪᠡᠶᠡᠯᠡᠬᠦᠯᠬᠦ ᠪᠠᠷ ᠱᠠᠭᠠᠷᠳᠠᠬᠰᠠᠨ ᠭᠤᠤᠯ ᠠᠵᠢᠯ ᠢ ᠡᠷᠳᠡᠬᠡᠨ ᠰᠡᠳᠤᠵᠤ᠂ ᠤᠷᠢᠳᠴᠢᠯᠠᠨ ᠪᠠᠶᠢᠷᠢᠯᠠᠭᠤᠯᠵᠤ᠂ ᠲᠤᠭᠳᠠᠬᠰᠠᠨ ᠴᠠᠭ ᠲᠠᠭᠠᠨ ᠪᠡᠶᠡᠯᠡᠬᠦᠯᠬᠦ ᠶᠢ ᠪᠠᠳᠤᠯᠠᠬᠤ ᠭᠡᠷᠡᠭᠳᠠᠢ᠃ ᠰᠢᠯᠭᠠᠨ ᠪᠠᠶᠢᠴᠠᠭᠠᠵᠤ ᠦᠨᠡᠯᠡᠬᠦ ᠰᠢᠰᠲ᠋ᠧᠮᠵᠢ ᠶᠢ ᠲᠡᠬᠦᠯᠳᠡᠷᠵᠢᠬᠦᠯᠵᠤ᠂ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠡᠨ ᠪᠤᠳᠠᠳᠠᠢ ᠠᠳᠬᠤᠵᠤ᠂ ᠬᠦᠴᠢᠷ ᠢ ᠲᠤᠭᠤᠯᠵᠤ ᠪᠡᠷᠬᠡ ᠶᠢ ᠲᠠᠪᠠᠵᠤ᠂ ᠠᠮᠢ ᠠᠬᠤᠢ ᠰᠠᠶᠢᠨ ᠰᠠᠶᠢᠬᠠᠨ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠪᠠᠶᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号