ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠪᠤᠨ ᠵᠢᠯ ᠤᠨ ᠲᠤᠷᠰᠢ ᠡᠯ᠎ᠡ | ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠪᠡᠯᠡ ᠮᠥᠩᠭᠦ ᠶᠢ ᠨᠡᠶᠢᠲᠡ 4939.34 ᠲᠦᠮᠡᠨ | ᠲᠥᠭᠦᠷᠢᠭ ᠣᠯᠵᠤ᠂ ᠪᠠᠷᠤᠭ 19.6 ᠲᠦᠮᠡᠨ ᠡᠮᠡᠭᠲᠡᠶᠢᠴᠦᠳ ᠲᠤ ᠠᠰᠢᠭ ᠬᠦᠷᠲᠡᠭᠡᠪᠡ᠃ ᠣᠶᠢᠯᠠᠭᠠᠭᠰᠠᠨ ᠢᠶᠠᠷ᠂ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠬᠡ ᠰᠢᠷᠢᠰ ᠨᠡᠶᠢᠲᠡ ᠶᠢᠨ | ᠠᠰᠠᠷᠠᠮᠵᠢ ᠶᠢᠨ ᠲᠥᠷᠥᠯ ᠵᠦᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠨ᠂ ᠨᠡᠶᠢᠲᠡ ᠶᠢᠨ | ᠠᠰᠠᠷᠠᠮᠵᠢ ᠶᠢᠨ ᠲᠥᠷᠥᠯ ᠵᠦᠢᠯ ᠤᠨ ᠪᠡᠯᠡ ᠮᠥᠩᠭᠦ ᠤᠯᠬᠤ ᠶᠢ ᠢᠳᠡᠪᠬᠢᠲᠡᠶ ᠵᠣᠬᠢᠴᠠᠭᠤᠯᠵᠤ᠂ ︽ᠡᠬᠡ ᠤᠰᠤᠨ | ᠵᠣᠭᠤᠷᠢ︾᠂ ︽ᠡᠬᠡ ᠰᠢᠤᠳᠠᠨ ᠪᠣᠭᠤᠳᠠᠯ︾᠂ ︽ᠡᠬᠡ ᠠᠳᠠᠯ ᠦᠢᠯᠡᠰ ᠴᠣᠭᠴᠠᠯᠠᠬᠤ ᠪᠠᠭ᠎ᠠ ᠲᠣᠭᠠᠨ ᠤ | ᠡᠷᠭᠢᠯᠲᠡ ᠤᠨ ᠮᠥᠩᠭᠦ︾ ᠵᠡᠷᠭᠡ ᠬᠤᠲᠠ ᠬᠥᠳᠡᠭᠡ ᠶᠢᠨ ᠡᠮᠡᠭᠲᠡᠶᠢᠴᠦᠳ ᠢ ᠬᠠᠪᠰᠤᠷᠴᠤ ᠶᠠᠳᠠᠭᠤ ᠠᠴᠠ ᠨᠢ | ᠠᠩᠭᠢᠵᠢᠷᠠᠭᠤᠯᠤᠨ ᠪᠠᠶᠠᠵᠢᠭᠤᠯᠬᠤ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠪᠡ᠃ | ᠬᠤᠲᠠ ᠬᠥᠳᠡᠭᠡ ᠶᠢᠨ ᠡᠮᠡᠭᠲᠡᠶᠢᠴᠦᠳ ᠲᠤ ᠪᠣᠳᠠᠲᠤ ᠶᠠᠪᠤᠳᠠᠯ ᠬᠢᠵᠦ ᠥᠭᠬᠦ᠂ ᠰᠠᠶᠢᠨ ᠶᠠᠪᠤᠳᠠᠯ ᠬᠢᠵᠦ ᠥᠭᠬᠦ᠂ | ᠬᠦᠴᠢᠷᠳᠡᠯ ᠢ ᠨᠢ ᠲᠠᠶᠢᠯᠬᠤ ᠪᠠᠷ ᠴᠢᠷᠮᠠᠶᠢᠨ᠂ ᠡᠭᠦᠨ ᠳᠤ᠄ ᠡᠬᠡ ᠤᠰᠤᠨ ᠵᠣᠭᠤᠷᠢ ᠶᠢᠨ ᠲᠥᠷᠥᠯ ᠵᠦᠢᠯ ᠢ | ᠬᠡᠷᠡᠭᠵᠢᠭᠦᠯᠦᠨ 1468.05 ᠲᠥᠭᠦᠷᠢᠭ ᠣᠷᠣᠭᠤᠯᠵᠤ᠂ 8.6 ᠲᠦᠮᠡᠨ ᠬᠥᠮᠦᠨ ᠠᠰᠢᠭ ᠬᠦᠷᠲᠡᠪᠡ︔ ᠡᠬᠡ | ᠰᠢᠤᠳᠠᠨ ᠪᠣᠭᠤᠳᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠦᠬᠦ ᠣᠷᠣᠨ ᠳᠤ ᠡᠯ᠎ᠡ ᠲᠥᠷᠥᠯ ᠤᠨ ᠡᠬᠡ ᠰᠢᠤᠳᠠᠨ | ᠪᠣᠭᠤᠳᠠᠯ ᠢ ᠨᠡᠶᠢᠲᠡ 48257 ᠶᠢ ᠲᠠᠷᠬᠠᠭᠠᠵᠤ᠂ ᠪᠡᠯᠡ ᠮᠥᠩᠭᠦ ᠨᠢ 683.51 ᠲᠦᠮᠡᠨ ᠲᠥᠭᠦᠷᠢᠭ ᠲᠤ | ᠬᠦᠷᠪᠡ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠪᠦᠬᠦ ᠤᠯᠤᠰ ᠤᠨ | ᠲᠥᠷᠥᠯ ᠵᠦᠢᠯ ᠬᠡᠷᠡᠭᠵᠢᠭᠦᠯᠦᠭᠰᠡᠨ ᠲᠡᠷᠢᠭᠦᠨ ᠤ ᠨᠢᠭᠡᠴᠡ ᠪᠠᠷ ᠰᠢᠯᠭᠠᠷᠠᠭᠤᠯᠤᠭᠳᠠᠪᠠ᠃ ᠡᠭᠦᠨ ᠠᠴᠠ ᠭᠠᠳᠠᠨ᠎ᠠ᠂ | ᠲᠠᠪᠤᠨ ᠵᠢᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠨᠢ ᠲᠡᠳᠬᠦᠨ ᠬᠠᠪᠰᠤᠷᠬᠤ ᠴᠢᠭ᠋ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠯᠡᠭᠡᠳᠦ ᠭᠠᠴᠠᠭ᠎ᠠ ᠳᠤ | ᠮᠢᠩᠭ᠎ᠠ ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠰᠢᠭᠤᠳ ᠣᠷᠣᠭᠤᠯᠵᠤ᠂ ᠭᠠᠴᠠᠭᠠᠨ ᠤ ᠠᠷᠠᠳ ᠢ | ᠬᠠᠪᠰᠤᠷᠤᠨ ᠶᠠᠳᠠᠭᠤ ᠠᠴᠠ ᠨᠢ ᠠᠩᠭᠢᠵᠢᠷᠠᠭᠤᠯᠤᠨ ᠪᠠᠶᠠᠵᠢᠭᠤᠯᠤᠭᠰᠠᠨ ᠪᠠᠶᠢᠨ᠎ᠠ᠃ |