272.5 ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠮᠥᠩᠭᠦᠨ ᠳᠤ ᠣᠷᠣᠭᠤᠯᠪᠠ
ᠨᠡᠶᠢᠲᠡᠯᠡᠭᠰᠡᠨ ᠴᠠᠭ᠄
2015/10/14
     2015 ᠣᠨ ᠤ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ 272.5 ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ᠣᠯᠵᠤ᠂ ᠳᠡᠭᠡᠷ᠎ᠡ ᠵᠢᠯ ᠤᠨ ᠬᠢ ᠠᠴᠠ 35.3 ᠳ᠋ᠦᠩᠰᠢᠭᠤᠷ ᠲᠥᠭᠦᠷᠢᠭ ᠨᠡᠮᠡᠭᠳᠡᠨ᠂ 16.86%᠎ ᠪᠠᠷ ᠨᠡᠮᠡᠭᠳᠡᠵᠦ᠂ ᠪᠦᠬᠦ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠪᠡᠯᠡ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠤᠳᠠᠭᠠᠰᠢᠷᠠᠭᠰᠠᠨ ᠪᠠᠶᠢᠳᠠᠯ ᠤᠨ ᠡᠮᠦᠨ᠎ᠡ᠂ ᠠᠷᠠᠳ ᠤᠨ ᠠᠮᠢᠳᠤᠷᠠᠯ ᠤᠨ ᠠᠵᠢᠯ ᠳᠤ ᠵᠥᠪᠬᠡᠨ ᠨᠡᠮᠡᠬᠦ ᠠᠴᠠ ᠪᠢᠰᠢ᠂ ᠬᠠᠰᠤᠬᠤ  ᠦᠭᠡᠶ ᠪᠠᠶᠢᠬᠤ ᠵᠠᠷᠴᠢᠮ  ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠥᠪ ᠤᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠬᠢᠭᠡᠳ ᠮᠠᠨ ᠤ ᠣᠷᠣᠨ ᠤ ᠪᠣᠳᠠᠲᠤ ᠪᠠᠶᠢᠳᠠᠯ ᠤᠨ ᠵᠣᠯᠭᠠᠯᠳᠤᠯ ᠢ ᠴᠢᠩᠭᠠᠳᠬᠠᠨ᠂ ᠲᠥᠪ ᠤᠨ ᠡᠳ᠋ ᠤᠨ ᠵᠠᠰᠠᠭ ᠠᠴᠠ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠮᠥᠩᠭᠦ ᠶᠢ ᠢᠳᠡᠪᠬᠢᠲᠡᠶ ᠲᠡᠮᠡᠴᠡᠨ ᠣᠯᠪᠠ᠃ ᠡᠭᠦᠨ ᠳᠤ᠂ 117.47 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠨᠥᠬᠦᠪᠥᠷᠢ ᠮᠥᠩᠭᠦ ᠣᠯᠵᠤ᠂ ᠳᠡᠭᠡᠷ᠎ᠡ ᠵᠢᠯ ᠤᠨ ᠬᠢ ᠠᠴᠠ 16.08 ᠳ᠋ᠦᠩᠰᠢᠭᠤᠷ ᠲᠥᠭᠦᠷᠢᠭ ᠨᠡᠮᠡᠭᠳᠡᠵᠦ᠂ 15.86%᠎ ᠪᠠᠷ ᠨᠡᠮᠡᠭᠳᠡᠪᠡ︔ 19.31 ᠳ᠋ᠦᠩᠰᠢᠭᠤᠷ ᠲᠦᠬᠦᠷᠢᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠨᠥᠬᠦᠪᠥᠷᠢ ᠮᠥᠩᠭᠦ ᠣᠯᠵᠤ᠂ ᠳᠡᠭᠡᠷ᠎ᠡ ᠵᠢᠯ ᠤᠨ ᠬᠢ ᠠᠴᠠ 11.89 ᠳ᠋ᠦᠩᠰᠢᠭᠤᠷ ᠲᠥᠭᠦᠷᠢᠭ ᠨᠡᠮᠡᠭᠳᠡᠵᠦ᠂ 2.6 ᠳᠠᠬᠢᠨ ᠨᠡᠮᠡᠭᠳᠡᠪᠡ︔ 42.6 ᠳ᠋ᠦᠩᠰᠢᠭᠤᠷ ᠲᠦᠬᠦᠷᠢᠭ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠨᠥᠬᠦᠪᠥᠷᠢ ᠮᠥᠩᠭᠦ ᠣᠯᠵᠤ᠂  ᠳᠡᠭᠡᠷ᠎ᠡ ᠵᠢᠯ ᠤᠨ ᠬᠢ ᠠᠴᠠ 4.68 ᠳ᠋ᠦᠩᠰᠢᠭᠤᠷ ᠲᠥᠭᠦᠷᠢᠭ ᠨᠡᠮᠡᠭᠳᠡᠵᠦ᠂ 12.3%᠎ ᠪᠠᠷ ᠨᠡᠮᠡᠭᠳᠡᠪᠡ︔ 42.32 ᠳ᠋ᠦᠩᠰᠢᠭᠤᠷ ᠲᠥᠭᠦᠷᠢᠭ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠮᠥᠩᠭᠦ ᠶᠢ ᠣᠯᠵᠤ᠂ ᠳᠡᠭᠡᠷ᠎ᠡ ᠵᠢᠯ ᠤᠨ ᠬᠢ ᠠᠴᠠ 2.24 ᠳ᠋ᠦᠩᠰᠢᠭᠤᠷ ᠲᠥᠭᠦᠷᠢᠭ ᠨᠡᠮᠡᠭᠳᠡᠵᠦ᠂ 5%᠎ ᠪᠠᠷ ᠨᠡᠮᠡᠭᠳᠡᠪᠡ︔ 2 ᠳ᠋ᠦᠩᠰᠢᠭᠤᠷ ᠲᠦᠬᠦᠷᠢᠭ ᠤᠨ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠤᠨ ᠨᠥᠬᠦᠪᠥᠷᠢ ᠮᠥᠩᠭᠦ ᠣᠯᠵᠤ᠂ ᠳᠡᠭᠡᠷ᠎ᠡ ᠵᠢᠯ ᠤᠨ ᠬᠢ ᠠᠴᠠ 1. 2 ᠳ᠋ᠦᠩᠰᠢᠭᠤᠷ ᠲᠥᠭᠦᠷᠢᠭ ᠨᠡᠮᠡᠭᠳᠡᠵᠦ᠂ 1.5 ᠳᠠᠬᠢᠨ ᠢᠶᠠᠷ ᠨᠡᠮᠡᠭᠳᠡᠪᠡ︔ 3.14 ᠳ᠋ᠦᠩᠰᠢᠭᠤᠷ ᠲᠦᠬᠦᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠨᠥᠬᠦᠪᠥᠷᠢ ᠮᠥᠩᠭᠦ ᠣᠯᠵᠤ᠂ ᠳᠡᠭᠡᠷ᠎ᠡ ᠵᠢᠯ ᠤᠨ ᠬᠢ ᠠᠴᠠ1.12 ᠳ᠋ᠦᠩᠰᠢᠭᠤᠷ ᠲᠦᠬᠦᠷᠢᠭ ᠨᠡᠮᠡᠭᠳᠡᠵᠦ᠂ 56%᠎ ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠲᠥᠪ ᠠᠴᠠ ᠮᠠᠨ ᠤ ᠣᠷᠣᠨ ᠤ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ᠂ ᠰᠠᠭᠤᠭᠠᠯᠢ ᠠᠷᠠᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ᠂ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ᠂ ᠯᠣᠲᠲ᠋ᠧᠷᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ᠂ ᠵᠡᠮᠳᠡᠭᠴᠦᠳ ᠤᠨ ᠦᠢᠯᠡᠰ ᠵᠡᠷᠭᠡ ᠲᠠᠯ᠎ᠠ ᠪᠠᠷ ᠥᠭᠭᠦᠭᠰᠡᠨ ᠨᠥᠬᠦᠪᠥᠷᠢ ᠮᠥᠩᠭᠦ ᠴᠦ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号