ᠥᠪᠥᠷ ᠮᠣᠩᠭᠤᠯ ᠦᠨᠳᠦᠰᠦᠲᠡᠨ ᠤ ᠠᠷᠠᠯᠵᠢᠶ᠎ᠠ ᠬᠢᠭᠡᠳ ᠦᠨᠳᠦᠰᠦᠲᠡᠨ ᠤ ᠲᠠᠸᠠᠷ ᠤᠨ 53  ᠵᠢᠵᠢᠭ ᠪᠢᠴᠢᠯ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠬᠦ ᠪᠠᠷ ᠪᠤᠢ
ᠨᠡᠶᠢᠲᠡᠯᠡᠭᠰᠡᠨ ᠴᠠᠭ᠄
2015/10/14
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ  2015 ᠣᠨ ᠤ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ ᠤᠨ ᠲᠣᠣᠷ ᠴᠢᠭ᠋ ᠪᠠᠶᠢᠭᠤᠯᠬᠤ ᠪᠠ ᠴᠥᠭᠡᠨ ᠲᠤᠭᠠᠳᠦ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠴᠢᠭ᠋ ᠲᠣᠭᠲᠠᠭᠠᠭᠰᠠᠨ ᠦᠢᠯᠡᠳᠪᠦᠷᠢᠯᠡᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠤᠰᠬᠠᠶ ᠵᠦᠢᠯ ᠤᠨ  ᠲᠤᠰᠠᠯᠠᠮᠵᠢ ᠶᠢᠨ ᠮᠥᠩᠭᠦ 1700 ᠲᠦᠮᠡᠨ ᠲᠥᠭᠦᠷᠢᠭ ᠪᠠᠭᠤᠯᠭᠠᠵᠤ᠂ ᠦᠨᠳᠦᠰᠦᠲᠡᠨ ᠤ ᠠᠷᠠᠯᠵᠢᠶ᠎ᠠ ᠬᠢᠭᠡᠳ ᠦᠨᠳᠦᠰᠦᠲᠡᠨ ᠤ ᠭᠡᠷᠡᠭᠰᠡᠯ ᠦᠢᠯᠡᠳᠪᠦᠷᠢᠯᠡᠬᠦ 53 ᠵᠢᠵᠢᠭ ᠪᠢᠴᠢᠯ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠭᠡᠬᠦ ᠶᠢ ᠳᠡᠮᠵᠢᠪᠡ᠃      ᠲᠠᠨᠢᠯᠴᠠᠭᠤᠯᠤᠭᠰᠠᠨ ᠢᠶᠠᠷ᠂ ︽12· 5︾᠎ ᠶᠢᠨ ᠬᠤᠭᠤᠴᠠᠭᠠᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠦᠨᠳᠦᠰᠦᠲᠡᠨ ᠤ ᠠᠷᠠᠯᠵᠢᠶ᠎ᠠ ᠬᠢᠭᠡᠳ ᠦᠨᠳᠦᠰᠦᠲᠡᠨ ᠤ ᠲᠠᠸᠠᠷ ᠤᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠯ ᠪᠦᠷᠢ ᠵᠣᠬᠢᠬᠤ ᠬᠡᠪᠴᠢᠶᠡᠨ ᠤ ᠪᠡᠯᠡ ᠮᠥᠩᠭᠦ ᠲᠣᠬᠢᠷᠠᠭᠤᠯᠤᠨ ᠦᠨᠳᠦᠰᠦᠲᠡᠨ ᠤ ᠠᠷᠠᠯᠵᠢᠶ᠎ᠠ ᠬᠢᠭᠡᠳ ᠦᠨᠳᠦᠰᠦᠲᠡᠨ ᠤ ᠬᠡᠷᠡᠭᠰᠡᠯ ᠤᠨ ᠠᠵᠤ ᠠᠬᠤᠶᠢᠯᠠᠯ ᠤᠨ ᠳᠡᠰ ᠳᠡᠪᠰᠢᠬᠦ ᠦᠭᠡᠷᠡᠴᠢᠯᠡᠯᠲᠡ ᠳᠤ ᠬᠡᠷᠡᠭᠯᠡᠪᠡ᠃ ᠡᠨᠡ ᠵᠢᠯ᠂ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ᠦᠨᠳᠦᠰᠦᠲᠡᠨ ᠤ ᠠᠷᠠᠯᠵᠢᠶ᠎ᠠ ᠶᠢᠨ ᠲᠣᠣᠷ ᠴᠢᠭ᠋ ᠤᠨ ᠪᠦᠲᠦᠭᠡᠨ ᠪᠠᠶᠢᠭᠤᠯᠤᠯᠲᠠ ᠪᠣᠯᠣᠨ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠤᠰᠬᠠᠶ ᠵᠦᠢᠯ ᠤᠨ ᠲᠤᠰᠠᠯᠠᠮᠵᠢ ᠶᠢᠨ ᠮᠥᠩᠭᠦ 1200 ᠲᠦᠮᠡᠨ ᠲᠥᠭᠦᠷᠢᠭ ᠲᠣᠬᠢᠷᠠᠭᠤᠯᠤᠨ  ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠦᠨᠳᠦᠰᠦᠲᠡᠨ ᠤ ᠠᠷᠠᠯᠵᠢᠶ᠎ᠠ ᠬᠢᠭᠡᠳ ᠦᠨᠳᠦᠰᠦᠲᠡᠨ ᠤ ᠲᠠᠸᠠᠷ ᠦᠢᠯᠡᠳᠪᠦᠷᠢᠯᠡᠬᠦ ᠲᠤᠰᠠᠯᠠᠮᠵᠢ ᠶᠢᠨ ᠮᠥᠩᠭᠦ 500 ᠲᠦᠮᠡᠨ ᠲᠥᠭᠦᠷᠢᠭ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠎ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠬᠦᠴᠦᠨ ᠵᠦᠢᠯ ᠤᠨ ᠬᠠᠤᠯᠢ ᠶᠣᠰᠣᠭᠠᠷ ᠪᠡᠯᠡ ᠮᠥᠩᠭᠦ ᠶᠢ ᠲᠤᠭ᠎ᠠ ᠶᠣᠰᠤᠭᠠᠷ ᠨᠢ ᠬᠤᠪᠢᠶᠠᠷᠢᠯᠠᠨ ᠡᠯ᠎ᠡ ᠠᠶᠢᠮᠠᠭ ᠬᠤᠲᠠ ᠳᠤ ᠴᠠᠭ ᠲᠤᠬᠠᠶ ᠳᠤᠨᠢ ᠪᠠᠭᠤᠯᠭᠠᠪᠠ᠂ ᠪᠦᠷᠢᠳᠬᠡᠨ ᠬᠤᠷᠢᠶᠠᠩᠭᠤᠶᠢᠯᠠᠭᠰᠠᠨ ᠢᠶᠠᠷ ᠪᠦᠬᠦ ᠣᠷᠣᠨ ᠳᠤ ᠦᠨᠳᠦᠰᠦᠲᠡᠨ ᠤ ᠠᠷᠠᠯᠵᠢᠶ᠎ᠠ ᠬᠢᠭᠡᠳ ᠦᠨᠳᠦᠰᠦᠲᠡᠨ ᠤ ᠲᠠᠸᠠᠷ ᠤᠨ 53 ᠠᠵᠤ ᠠᠬᠤᠶᠢᠯᠠᠯ ᠲᠤᠰᠠᠯᠠᠮᠵᠢ ᠶᠢᠨ ᠪᠡᠯᠡ ᠮᠥᠩᠭᠦ ᠶᠢᠨ ᠳᠡᠮᠵᠢᠯᠭᠡ ᠬᠦᠷᠳᠡᠵᠦ᠂ ᠡᠭᠦᠨ ᠳᠤ ᠬᠠᠮᠤᠭ ᠤᠨ ᠥᠨᠳᠥᠷ ᠲᠤᠰᠠᠯᠠᠮᠵᠢ ᠶᠢᠨ ᠮᠥᠩᠭᠦ ᠨᠢ 62 ᠲᠦᠮᠡᠨ ᠲᠥᠭᠦᠷᠢᠭ ᠪᠠᠶᠢᠵᠤ᠂ ᠳᠡᠮᠵᠢᠭᠰᠡᠨ ᠠᠵᠤ ᠠᠬᠤᠶᠢᠯᠠᠯ ᠨᠢ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠯ᠎ᠠ ᠨᠤᠲᠤᠭ ᠤᠨ ᠠᠶᠠᠯᠠᠯ ᠮᠢᠬᠠᠨ ᠲᠥᠷᠥᠯ ᠤᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ᠎ᠠ᠂ ᠬᠠᠮᠤᠭ ᠤᠨ ᠳᠣᠣᠷ᠎ᠠ ᠲᠤᠰᠠᠯᠠᠮᠵᠢ ᠶᠢᠨ ᠮᠥᠩᠭᠦ ᠨᠢ 5 ᠲᠦᠮᠡᠨ ᠲᠥᠭᠦᠷᠢᠭ ᠪᠠᠶᠢᠵᠤ ᠂ ᠳᠡᠮᠵᠢᠭᠰᠡᠨ ᠠᠵᠤ ᠠᠬᠤᠶᠢᠯᠠᠯ ᠨᠢ  ᠲᠤᠰ ᠲᠤᠰ ᠡᠷᠢᠶᠡᠨ ᠬᠤᠲᠠ ᠶᠢᠨ ᠮᠤᠤ ᠶᠤᠸᠠᠨ ᠣᠯᠠᠨ ᠤᠯᠤᠰ ᠤᠨ ᠨᠣᠯᠤᠤᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠷᠢᠶᠡᠨ ᠬᠤᠲᠠ ᠶᠢᠨ ᠶᠤᠸᠠᠨ ᠰᠢᠩ ᠦᠨᠳᠦᠰᠦᠲᠡᠨ ᠤ ᠰᠣᠶᠣᠯ ᠤᠨ ᠬᠦᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠷᠢᠶᠡᠨ ᠬᠤᠲᠠ ᠶᠢᠨ ᠴᠡᠭᠡ  ᠰᠣᠶᠣᠯ ᠤᠯᠠᠮᠵᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ᠎ᠠ᠃ ᠣᠳᠣᠬᠠᠨ ᠳᠤ ᠥᠪᠥᠷ ᠮᠣᠩᠭᠤᠯ ᠎ ᠳᠤ ᠤᠯᠤᠰ ᠠᠴᠠ ᠲᠣᠭᠲᠠᠭᠠᠭᠰᠠᠨ ᠴᠥᠭᠡᠨ ᠲᠣᠭᠠᠲᠤ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠴᠢᠭ᠋ ᠲᠣᠭᠲᠠᠭᠠᠭᠰᠠᠨ ᠦᠢᠯᠡᠳᠪᠦᠷᠢᠯᠡᠬᠦ ᠠᠵᠤ ᠠᠬᠤᠶᠢᠯᠠᠯ 120 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ 573 ᠪᠤᠢ᠂ ᠡᠳᠡᠭᠡᠷ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠤᠨ ᠣᠯᠠᠩᠬᠢ ᠨᠢ ᠦᠢᠯᠡᠳᠪᠦᠷᠢᠯᠡᠯ ᠤᠨ ᠬᠡᠪᠴᠢᠶ᠎ᠡ ᠪᠠᠷ ᠪᠠᠭ᠎ᠠ᠂ ᠮᠡᠷᠭᠡᠵᠢᠯ ᠤᠨ ᠠᠭᠤᠯᠤᠭᠳᠠᠴᠠ ᠪᠠᠷ ᠳᠣᠣᠷ᠎ᠠ᠂ ᠥᠷᠢᠰᠥᠯᠳᠦᠬᠦ ᠴᠢᠳᠠᠪᠤᠷᠢ ᠪᠠᠷ ᠪᠠᠭᠤᠷᠠᠶ᠂ ᠵᠢᠭᠡᠯᠡᠯᠭᠡ ᠵᠢᠭᠡᠯᠡᠵᠦ ᠪᠡᠯᠡ  ᠲᠣᠬᠢᠷᠠᠭᠤᠯᠬᠤ ᠳᠤ ᠬᠦᠴᠢᠷ ᠲᠠᠢ ᠨᠡᠶᠢᠲᠡᠯᠢᠭ ᠵᠢᠱᠢᠶ᠎ᠡ ᠪᠦᠬᠦᠢ ᠵᠢᠵᠢᠭ ᠪᠢᠴᠢᠯ ᠠᠵᠤ ᠠᠬᠤᠶᠢᠯᠠᠯ ᠤᠳ ᠪᠣᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号