ᠡᠮᠡᠭᠲᠡᠶᠢᠴᠦᠳ ᠤᠨ ᠠᠳᠠᠯ ᠦᠢᠯᠡᠰ ᠴᠤᠭᠴᠠᠯᠠᠨ ᠠᠵᠢᠯ ᠤᠯᠬᠤ᠂ ᠶᠠᠳᠠᠭᠤ ᠠᠴᠠ ᠪᠠᠨ ᠠᠩᠬᠢᠵᠢᠷᠠᠨ | ᠪᠠᠶᠠᠵᠢᠬᠤ ᠶᠢ ᠠᠬᠢᠭᠤᠯᠬᠤ ᠶᠢᠨ ᠲᠤᠰᠠᠳᠠ᠂ ᠥᠷᠭᠡᠨ ᠣᠯᠠᠨ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠳᠠᠶᠢᠴᠢᠯᠠᠵᠤ | ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ᠂ ᠳᠠᠶᠠᠭᠠᠷ ᠢᠶᠠᠨ ᠰᠢᠨ᠎ᠡ ᠶᠢ ᠡᠭᠦᠳᠬᠦ ᠰᠢᠨ᠎ᠡ ᠥᠷᠨᠢᠯᠲᠡ ᠳᠤ | ᠤᠷᠤᠯᠴᠠᠭᠤᠯᠤᠨ᠂ ᠥᠪᠥᠷ ᠮᠣᠩᠭᠤᠯ ᠤᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠨᠤᠭᠤᠳ ᠣᠯᠠᠨ | ᠵᠦᠢᠯ ᠤᠨ ᠠᠷᠭ᠎ᠠ ᠬᠡᠮᠵᠢᠶ᠎ᠡ ᠠᠪᠴᠤ ᠥᠷᠭᠡᠨ ᠣᠯᠠᠨ ᠬᠤᠲᠠ ᠬᠥᠳᠡᠭᠡ ᠶᠢᠨ ᠡᠮᠡᠭᠲᠡᠶᠢᠴᠦᠳ ᠲᠤ ᠦᠢᠯᠡᠴᠢᠯᠡᠵᠤ | ᠪᠠᠶᠢᠨ᠎ᠠ᠃ ᠡᠮᠡᠭᠲᠡᠶᠢᠴᠦᠳ ᠤᠨ ᠠᠳᠠᠯ ᠦᠢᠯᠡᠰ ᠴᠤᠭᠴᠠᠯᠠᠬᠤ ᠪᠠᠭ᠎ᠠ ᠲᠣᠭᠠᠨ ᠤ ᠳᠠᠮ ᠬᠦᠦ ᠲᠠᠢ ᠵᠢᠭᠡᠯᠡᠯᠭᠡ ᠶᠢ | ᠢᠳᠡᠪᠬᠢᠲᠡᠶ ᠬᠡᠷᠡᠭᠵᠢᠬᠦᠯᠪᠡ᠃ 2015 ᠣᠨ ᠤ 2 ᠳ᠋ᠣᠭᠠᠷ ᠤᠯᠠᠷᠢᠯ ᠪᠤᠯᠲᠠᠯ᠎ᠠ᠂ ᠥᠪᠥᠷ ᠮᠣᠩᠭᠤᠯ ᠠᠴᠠ | ᠡᠮᠡᠭᠲᠡᠶᠢᠴᠦᠳ ᠤᠨ ᠡᠳ᠋ ᠤᠨ ᠵᠠᠰᠠᠭ ᠤᠨ ᠳᠠᠮ ᠬᠦᠦ ᠲᠠᠢ ᠪᠠᠭ᠎ᠠ ᠲᠣᠭᠠᠨ ᠤ ᠳᠠᠭᠠᠭᠠᠯᠲᠠᠲᠤ ᠵᠢᠭᠡᠯᠡᠯᠭᠡ ᠶᠢ 40. | 78 ᠳ᠋ᠦᠩᠰᠢᠭᠤᠷ ᠲᠥᠭᠦᠷᠢᠭ᠂ ᠡᠳ᠋ ᠤᠨ ᠵᠠᠰᠠᠭ ᠤᠨ ᠳᠠᠮ ᠬᠦᠦ ᠶᠢ 2.63 ᠳ᠋ᠦᠡᠭᠰᠢᠭᠤᠷ ᠲᠥᠭᠦᠷᠢᠭ ᠤᠯᠭᠤᠵᠤ᠂ | 8.97 ᠲᠦᠮᠡᠨ ᠡᠮᠡᠭᠲᠡᠶᠢᠴᠦᠳ ᠲᠤ ᠠᠰᠢᠭ ᠬᠦᠷᠲᠡᠭᠡᠪᠡ᠃ ᠡᠮᠡᠭᠲᠡᠶ ᠭᠡᠷ ᠠᠬᠤᠶ ᠶᠢᠨ ᠦᠢᠯᠡᠴᠢᠯᠡᠭᠡᠨ ᠤ | ᠢᠨ᠋ᠧᠨᠧᠷᠢᠩ ᠢ ᠬᠦᠨᠵᠡᠭᠡᠢ ᠬᠡᠷᠡᠭᠵᠢᠭᠦᠯᠵᠦ᠂ ᠪᠦᠬᠦ ᠣᠷᠣᠨ ᠳᠤ ᠨᠡᠶᠢᠲᠡ 2291 ᠬᠤᠭᠤᠴᠠᠭᠠᠨ ᠤ ᠡᠯ᠎ᠡ | ᠲᠥᠷᠥᠯ ᠤᠨ ᠭᠡᠷ ᠠᠬᠤᠶ ᠶᠢᠨ ᠪᠤᠯᠪᠠᠰᠤᠷᠠᠭᠤᠯᠤᠯ ᠤᠨ ᠠᠩᠭᠢ ᠡᠷᠬᠢᠯᠡᠵᠦ᠂ 9.6 ᠲᠦᠮᠡᠨ ᠬᠥᠮᠦᠨ ᠪᠤᠯᠪᠠᠰᠤᠷᠠᠯ | ᠬᠦᠷᠲᠡᠨ ᠠᠵᠢᠯ ᠡᠷᠬᠢᠯᠡᠵᠤ᠂ 7.3 ᠲᠦᠮᠡᠨ ᠡᠮᠡᠭᠲᠡᠶᠢᠴᠦᠳ ᠠᠵᠢᠯ ᠤᠯᠬᠤ ᠶᠠᠪᠤᠳᠠᠯ ᠢᠶᠠᠨ ᠪᠡᠶᠡᠯᠡᠭᠦᠯᠪᠡ᠃ | ᠬᠤᠲᠠ ᠬᠥᠳᠡᠭᠡ ᠶᠢᠨ ᠡᠮᠡᠭᠲᠡᠶᠢᠴᠦᠳ ᠤᠨ ᠭᠡᠷ ᠲᠡᠭᠡᠨ ᠰᠠᠭᠤᠵᠤ ᠠᠮᠢᠳᠤᠯᠢᠭ ᠢᠶᠠᠷ ᠠᠵᠢᠯ ᠤᠯᠬᠤ ᠶᠢ ᠢᠳᠡᠪᠬᠢᠲᠡᠶ | ᠪᠠᠷ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ | ᠡᠮᠡᠭᠲᠡᠶᠢᠴᠦᠳ ᠤᠨ ᠭᠠᠷ ᠠᠵᠤ ᠦᠢᠯᠡᠳᠪᠦᠷᠢ ᠶᠢᠨ ᠨᠡᠶᠢᠭᠡᠮᠯᠢᠭ ᠵᠡᠷᠭᠡ ᠶᠢ 36 ᠶᠢ ᠪᠠᠶᠢᠭᠤᠯᠵᠤ᠂ ᠦᠢ ᠲᠦᠮᠡᠨ | ᠡᠮᠡᠭᠳᠡᠶᠢᠴᠤᠤᠠ ᠢ ᠰᠢᠭᠤᠳ ᠳᠠᠶᠢᠴᠢᠯᠠᠨ ᠡᠮᠡᠭᠲᠠᠶᠢᠴᠤᠳ ᠤᠨ ᠭᠠᠷ ᠠᠵᠤ ᠦᠢᠯᠡᠳᠪᠦᠷᠢ ᠳᠤ ᠠᠵᠢᠯᠯᠠᠭᠤᠯᠤᠨ᠂ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠪᠡ᠃ ᠡᠮᠡᠭᠲᠡᠶᠢᠴᠤᠳ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠤᠲᠠ᠂ ᠡᠮᠡᠭᠲᠡᠶᠢᠴᠦᠳ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ᠂ ᠡᠮᠡᠭᠲᠡᠶ | ᠤᠶᠤᠲᠠᠳ ᠤᠨ ᠠᠳᠠᠯ ᠦᠢᠯᠡᠰ ᠴᠤᠭᠴᠠᠯᠠᠬᠤ ᠦᠢᠯᠡᠳᠦᠯᠭᠡ ᠶᠢᠨ ᠰᠠᠭᠤᠷᠢᠨ ᠭᠠᠵᠠᠷ᠂ ᠡᠮᠡᠭᠲᠡᠶᠢᠴᠦᠳ ᠤᠨ ᠠᠳᠠᠯ | ᠦᠢᠯᠡᠰ ᠴᠤᠭᠴᠠᠯᠠᠬᠤ ᠨᠡᠪᠴᠢᠭᠦᠯᠦᠷ ᠤᠨ ᠰᠠᠭᠤᠷᠢᠨ ᠭᠠᠵᠠᠷ ᠵᠡᠷᠭᠡ ᠡᠮᠡᠭᠲᠡᠶᠢᠴᠦᠳ ᠤᠨ ᠠᠳᠠᠯ ᠦᠢᠯᠡᠰ | ᠴᠤᠭᠴᠠᠯᠠᠵᠤ ᠠᠵᠢᠯ ᠤᠯᠬᠤ ᠰᠠᠭᠤᠷᠢᠨ ᠭᠠᠵᠠᠷ ᠪᠠᠶᠢᠭᠤᠯᠬᠤ ᠶᠢ ᠲᠡᠳᠭᠦᠨ᠂ ᠡᠮᠡᠭᠲᠡᠶᠢᠴᠦᠳ ᠤᠨ ᠰᠢᠨ᠎ᠡ ᠶᠢ | ᠡᠭᠦᠳᠬᠦ ᠠᠳᠠᠯ ᠦᠢᠯᠡᠰ ᠴᠤᠭᠴᠠᠯᠠᠬᠤ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠶᠢ ᠬᠦᠲᠦᠯᠦᠨ ᠳᠠᠭᠠᠭᠤᠯᠪᠠ᠃ | ᠥᠪᠥᠷ ᠮᠣᠩᠭᠤᠯ ᠤᠨ ᠡᠮᠡᠭᠲᠡᠶᠢᠴᠦᠳ ᠤᠨ ᠬᠤᠯᠪᠤᠭ᠎ᠠ ᠨᠢ ᠪᠠᠰᠠ ᠮᠠᠯᠵᠢᠬᠤ ᠲᠠᠷᠢᠶᠠᠯᠠᠬᠤ ᠣᠷᠣᠨ ᠳᠤ ︽ | ᠡᠮᠡᠭᠲᠡᠶᠢᠴᠤᠳ ᠤᠨ ᠪᠣᠬᠢᠷᠲᠤᠯ ᠦᠭᠡᠶ ᠭᠡᠷ ᠣᠷᠣᠨ ᠤ ᠠᠵᠢᠯᠯᠠᠭ᠎ᠠ︾ ᠪᠣᠯᠤᠨ ᠠᠷᠪᠠ ᠪᠠᠷ ᠪᠦᠬᠦᠨ ᠢ ᠬᠠᠮᠤᠷᠬᠤ | ᠲᠤᠰᠬᠤᠨ ᠳᠤ ︽ᠠᠷᠪᠠ ᠪᠦᠷᠢᠨ ᠦᠵᠡᠰᠭᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠠᠵᠢᠯᠯᠠᠭ᠎ᠠ︾ | ᠬᠡᠷᠡᠭᠵᠢᠬᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠤᠯᠤᠰ ᠤᠨ ᠡᠮᠡᠭᠲᠡᠶᠢᠴᠤᠳ ᠤᠨ | ᠣᠳᠣᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | 17 ᠪᠣᠯᠤᠨ ᠡᠮᠡᠭᠲᠡᠶᠢᠴᠦᠳ ᠢᠶᠠᠷ ᠭᠤᠤᠯ ᠴᠣᠭᠴᠠ ᠪᠣᠯᠭᠠᠭᠰᠠᠨ ᠲᠤᠰᠬᠠᠶ ᠠᠵᠢᠯ ᠤᠨ ᠬᠤᠷᠰᠢᠬᠰᠠᠨ ᠵᠣᠬᠢᠶᠠᠨ | ᠪᠠᠶᠢᠭᠤᠯᠤᠯᠲᠠ 2000 ᠭᠠᠷᠤᠶ ᠶᠢ ᠲᠡᠳᠬᠦᠨ ᠬᠥᠭᠵᠢᠭᠦᠯᠵᠦ᠂ ᠰᠢᠨ᠎ᠡ ᠮᠠᠶ᠋ᠢᠭ ᠤᠨ ᠲᠤᠰᠬᠠᠢ ᠠᠵᠢᠯ ᠤᠨ ᠡᠮᠡᠭᠲᠡᠶ | ᠮᠠᠯᠴᠢᠨ ᠲᠠᠷᠢᠶᠠᠴᠢᠨ᠂ ᠡᠮᠡᠭᠲᠡᠶ ᠵᠠᠭᠤᠴᠢᠯᠠᠭᠴᠢ᠂ ᠬᠤᠷᠰᠢᠶᠠᠨ ᠤ ᠡᠮᠡᠭᠲᠡᠶ ᠬᠡᠷᠡᠭ ᠡᠷᠬᠢᠯᠡᠭᠴᠢ ᠶᠢ ᠪᠣᠯᠪᠠᠰᠤᠷᠠᠭᠤᠯᠬᠤ | ᠡᠷᠴᠢᠮ ᠢᠶᠠᠨ ᠴᠢᠩᠭᠠᠷᠠᠭᠤᠯᠪᠠ︔ ᠬᠤᠲᠠ ᠪᠠᠯᠭᠠᠰᠤᠨ ᠳᠤ ᠡᠯ᠎ᠡ ᠠᠵᠢᠯ ᠲᠦᠷᠦᠯ ᠢ ᠬᠦᠲᠦᠯᠦᠨ ᠳᠠᠭᠠᠭᠤᠯᠵᠤ ︽ | ᠡᠮᠡᠭᠲᠡᠶᠢᠴᠤᠳ ᠤᠨ ᠪᠣᠯᠪᠠᠰᠤᠨ ᠠᠵᠢᠯ ᠤᠨ ᠪᠠᠶᠢᠷᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠷᠠᠨ ᠡᠷᠬᠢᠯᠡᠵᠤ ᠬᠢᠬᠦ ᠠᠵᠢᠯ ᠤᠨ ᠮᠡᠷᠭᠡᠵᠢᠯ ᠤᠨ | ᠴᠢᠳᠠᠪᠤᠷᠢ ᠶᠢᠨ ᠤᠷᠤᠯᠳᠤᠭᠠᠨ ᠥᠷᠨᠢᠭᠦᠯᠵᠦ᠂ ᠡᠮᠡᠭᠲᠡᠶ ᠠᠵᠢᠯᠲᠠᠨ ᠠᠵᠢᠯᠴᠢᠨ ᠤ ᠬᠡᠪ ᠴᠢᠨᠠᠷ ᠢ ᠳᠡᠭᠡᠭᠰᠢᠯᠡᠭᠦᠯᠦᠨ᠂ | ᠡᠮᠡᠭᠲᠡᠶ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠭᠠᠪᠢᠶ᠎ᠠ ᠵᠢᠳᠬᠦᠯ ᠭᠠᠷᠭᠠᠬᠤ ᠶᠢ ᠠᠬᠢᠭᠤᠯᠤᠨ᠂ | ᠲᠠᠪᠤᠨ ᠵᠢᠯ ᠤᠨ ᠲᠤᠷᠰᠢ ᠤᠯᠤᠰ ᠤᠨ ᠱᠠᠲᠤᠨ ᠤ ︽ᠡᠮᠡᠭᠲᠡᠶᠢᠴᠤᠳ ᠤᠨ ᠪᠣᠯᠪᠠᠰᠤᠨ ᠠᠵᠢᠯ ᠤᠨ ᠪᠠᠶᠢᠷᠢ︾ | 105᠂ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠡᠮᠡᠭᠲᠡᠶᠢᠴᠤᠳ ᠤᠨ ᠪᠣᠯᠪᠠᠰᠤᠨ ᠠᠵᠢᠯ ᠤᠨ ᠪᠠᠶᠢᠷᠢ︾ | 322 ᠢ ᠨᠡᠷᠡᠶᠢᠳᠪᠡ᠃ |