ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠦᠮᠵᠢ
ᠨᠡᠶᠢᠲᠡᠯᠡᠭᠰᠡᠨ ᠴᠠᠭ᠄
2015/10/14
     ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠳᠡᠭᠦᠯᠳᠡᠷᠵᠢᠭᠦᠯᠦᠨ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠲᠤᠬᠠᠶ ᠠᠷᠠᠳ ᠤᠨ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠦᠴᠢᠷ ᠤᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠤᠴᠢᠷ︾ ︵ᠲᠥᠷᠥ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠬᠦᠴᠢᠷᠳᠡᠯᠲᠡᠶ ᠣᠯᠠᠨ ᠲᠦᠮᠡᠨ ᠤ ᠡᠮᠨᠡᠯᠭᠡ ᠶᠢᠨ ᠦᠨᠳᠦᠰᠦᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 20᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ  ︽ᠲᠥᠷᠥ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠦᠨᠳᠦ ᠣᠨᠴᠠ ᠶᠡᠭᠡ ᠡᠪᠡᠳᠴᠢᠨ ᠡᠮᠭᠡᠭ ᠲᠠᠬᠢ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠳᠤ ᠬᠡᠷᠡᠭᠵᠢᠭᠦᠯᠬᠦ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠨᠢᠭᠡ᠂ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠨᠢ ᠶᠠᠮᠠᠷ ᠮᠠᠶ᠋ᠢᠭ ᠤᠨ ᠪᠠᠶᠢᠷᠢᠰᠢᠯ ᠲᠠᠢ ᠪᠤᠶ︖ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠤᠨ ᠦᠷ᠎ᠡ ᠳ᠋ᠦᠩ ᠨᠢ ᠶᠠᠮᠠᠷ ᠵᠡᠷᠭᠡ ᠪᠤᠶ︖      ᠬᠠᠷᠢᠭᠤᠯᠲᠠ᠄ ᠮᠠᠨ ᠤ ᠤᠯᠤᠰ ᠤᠨ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠣᠳᠣᠬᠠᠨ ᠳᠤ ᠶᠡᠭᠡ ᠲᠥᠯᠥᠪ ᠲᠡᠭᠡᠨ ᠡᠶᠢᠮᠦᠷᠬᠦ ᠨᠢᠭᠡᠨ ᠪᠦᠷᠢᠯᠳᠦᠯ ᠲᠠᠢ ᠪᠤᠢ᠂ ᠡᠩ ᠲᠡᠷᠢᠭᠦᠨ ᠳᠤ ᠦᠨᠳᠦᠰᠦᠨ ᠡᠮᠨᠡᠯᠭᠡ ᠶᠢᠨ ᠳᠠᠭᠠᠳᠬᠠᠯ ᠪᠠᠶᠢᠵᠤ᠂ ᠵᠠᠯᠭᠠᠭᠠᠳ ᠪᠣᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠪᠣᠯᠣᠨ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ ᠪᠣᠯᠬᠤ ᠪᠦᠭᠡᠳ ᠬᠠᠮᠤᠭ ᠰᠡᠭᠦᠯ ᠤᠨ ᠬᠢᠨᠢ ᠪᠣᠯ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠪᠣᠯᠣᠨ᠎ᠠ᠃  ᠡᠭᠦᠨ ᠳᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠨᠢ ᠦᠨᠳᠦᠰᠦᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠳᠠᠷᠠᠭᠤᠯᠤᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠡᠮᠨᠡᠯᠭᠡ ᠶᠢᠨ ᠡᠷᠬᠡ ᠠᠰᠢᠭ ᠢ  ᠪᠠᠲᠤᠯᠠᠨ᠎ᠠ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠣᠯ ᠮᠠᠨ ᠤ ᠤᠯᠤᠰ ᠤᠨ ᠪᠦᠬᠦᠶᠢᠯᠡ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ  ᠰᠢᠰᠲ᠋ᠧᠮᠵᠢ ᠶᠢᠨ ᠬᠠᠮᠤᠭ ᠰᠡᠭᠦᠯᠴᠢ ᠶᠢᠨ ᠭᠤᠭᠴᠠᠭ᠎ᠠ ᠪᠣᠯᠬᠤ ᠪᠦᠭᠡᠳ ᠡᠨᠡ ᠨᠢ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠶᠢᠨ ᠪᠠᠶᠢᠷᠢ ᠲᠣᠭᠲᠠᠭᠠᠯᠲᠠ ᠪᠣᠯᠣᠨ᠎ᠠ᠃      ᠬᠤᠶᠠᠷ᠂ ︽ᠮᠡᠳᠡᠭᠳᠡᠯ︾᠎ ᠢ ᠶᠠᠮᠠᠷ ᠪᠠᠶᠢᠳᠠᠯ ᠤᠨ ᠳᠣᠣᠷ᠎ᠠ ᠳᠤᠷᠠᠳᠴᠤ ᠭᠠᠷᠭᠠᠭᠰᠠᠨ ᠪᠤᠶ︖ ᠭᠤᠣᠯᠳᠠᠯᠭ᠎ᠠ ᠲᠠᠢ ᠶᠠᠮᠠᠷ ᠠᠰᠠᠭᠤᠳᠠᠯ ᠢ ᠰᠢᠢᠳᠪᠦᠷᠢᠯᠡᠬᠦ ᠭᠡᠵᠦ ᠪᠠᠶᠢᠭ᠎ᠠ ᠪᠤᠶ︖      ᠬᠠᠷᠢᠭᠤᠯᠲᠠ᠄ ᠨᠢᠭᠡᠳᠦᠭᠡᠷ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠶᠠᠪᠤᠳᠠᠯ ᠤᠨ ᠶᠠᠮᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠴᠠ ᠠᠪᠴᠤ ᠦᠵᠡᠪᠡᠯ᠂ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ᠂ ᠢᠯᠠᠩᠭᠤᠶ᠎ᠠ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠲᠡᠩᠭᠡᠷᠡᠭᠦᠯᠦᠨ ᠲᠤᠰᠠᠯᠠᠬᠤ ᠶᠠᠪᠤᠳᠠᠯ ᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠯᠠᠩᠭᠤᠶ᠎ᠠ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮᠨᠡᠯᠭᠡ ᠶᠢᠨ ᠳᠠᠭᠠᠳᠬᠠᠯ ᠪᠣᠯᠣᠨ ᠲᠡᠩᠭᠡᠷᠡᠭᠦᠯᠦᠨ ᠲᠤᠰᠠᠯᠠᠬᠤ ᠳᠦᠷᠢᠮ ᠢ ᠲᠦᠷᠭᠡᠨ ᠪᠦᠷᠢᠨᠰᠢᠭᠦᠯᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠭᠠᠷᠭᠠᠵᠤ᠂ 2014 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠲᠡᠯᠡᠭᠰᠡᠨ ︽ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠶᠢᠨ ᠲᠦᠷ ᠬᠡᠷᠡᠭᠵᠢᠭᠦᠯᠬᠦ ᠠᠷᠭ᠎ᠠ︾᠎ ᠳᠤ ᠪᠠᠰᠠ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠡᠲᠡᠭᠡᠳ ᠤᠨ ᠬᠡᠪᠴᠢᠶ᠎ᠡ᠂ ᠠᠭᠤᠯᠭ᠎ᠠ᠂ ᠠᠷᠭ᠎ᠠ ᠮᠠᠶ᠋ᠢᠭ᠂ ᠳᠡᠰ ᠳᠠᠷᠠᠭᠠᠯᠠᠯ ᠵᠡᠷᠭᠡ ᠶᠢ ᠲᠤᠲᠤᠷᠬᠠᠶᠢᠯᠠᠭᠰᠠᠨ ᠪᠠᠶᠢᠨ᠎ᠠ᠂ ᠡᠨᠡ ᠬᠦ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠶᠠᠪᠤᠳᠠᠯ ᠪᠣᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠶᠢᠨ ᠲᠦᠯᠦᠭᠡ ᠠᠪᠣᠭᠰᠠᠨ ᠪᠣᠳᠠᠲᠤ ᠠᠷᠭ᠎ᠠ ᠬᠡᠮᠵᠢᠶ᠎ᠡ ᠪᠣᠯᠣᠨ᠎ᠠ᠃      ᠬᠤᠶᠠᠳᠤᠭᠠᠷ ᠲᠤ᠂ ᠬᠦᠴᠢᠷᠲᠡᠯᠳᠡᠢ ᠣᠯᠠᠨ ᠲᠦᠮᠡᠨ ᠤ ᠬᠦᠨᠳᠦ ᠡᠪᠡᠳᠴᠢᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠯ᠎ᠠ ᠠᠴᠠ ᠠᠪᠴᠤ ᠦᠵᠡᠪᠡᠯ᠂ ᠬᠦᠨᠳᠦ ᠡᠪᠡᠳᠴᠢᠨ ᠢ ᠡᠮᠨᠡᠭᠦᠯᠬᠦ ᠪᠣᠯ ᠣᠳᠣᠬᠠᠨ ᠤ ᠬᠠᠮᠤᠭ ᠤᠨ ᠲᠣᠪᠤᠶᠢᠮ᠎ᠠ ᠪᠠᠶᠢᠭ᠎ᠠ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠪᠣᠯᠬᠤ ᠪᠦᠭᠡᠳ ᠨᠡᠶᠢᠭᠡᠮ ᠤᠨ ᠬᠢᠨ ᠤ ᠠᠩᠬᠠᠷᠴᠤ ᠪᠠᠶᠢᠭ᠎ᠠ ᠨᠢ ᠮᠠᠰᠢ ᠥᠨᠳᠥᠷ ᠪᠠᠶᠢᠵᠤ᠂ ᠢᠯᠠᠩᠭᠤᠶ᠎ᠠ ᠬᠦᠨᠳᠦ ᠣᠨᠴᠠ ᠶᠡᠭᠡ ᠡᠪᠡᠳᠴᠢᠨ ᠡᠮᠭᠡᠭ ᠠᠴᠠ ᠬᠦᠴᠢᠷᠳᠡᠯᠲᠡᠢ ᠣᠯᠠᠨ ᠲᠦᠮᠡᠨ ᠳᠤ ᠦᠵᠡᠭᠦᠯᠵᠦ ᠪᠠᠶᠢᠭ᠎ᠠ ᠨᠥᠯᠥᠭᠡ ᠨᠢ ᠨᠡᠩ ᠲᠣᠪᠤᠶᠢᠮ᠎ᠠ ᠪᠠᠶᠢᠨ᠎ᠠ᠃ ᠡᠶᠢᠮᠦ ᠪᠠᠶᠢᠳᠠᠯ ᠤᠨ ᠳᠣᠣᠷ᠎ᠠ᠂  ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ᠂ ᠡᠨᠡᠬᠦ ᠠᠵᠢᠯ ᠢ ᠵᠢᠷᠤᠮᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠬᠦᠨᠳᠦ ᠡᠪᠡᠳᠴᠢᠨ ᠤ ᠪᠠᠲᠤᠯᠠᠭ᠎ᠠ ᠶᠢᠨ ᠬᠦᠴᠢᠷ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃      ᠭᠤᠷᠪᠠᠳᠤᠭᠠᠷ ᠲᠤ᠂ ᠬᠤᠶᠢᠰᠢᠳᠠ ᠶᠢᠨ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠤᠲᠤᠷᠬᠠᠶᠢᠯᠠᠬᠤ ᠲᠠᠯ᠎ᠠ ᠠᠴᠠ ᠠᠪᠴᠤ ᠦᠵᠡᠪᠡᠯ᠂ ᠡᠳᠡᠭᠡᠷ ᠵᠢᠯ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠳᠥᠯᠭᠢᠨ ᠠᠬᠢᠭᠤᠯᠬᠤ ᠶᠢ ᠳᠠᠭᠠᠯᠳᠤᠨ᠂ ᠢᠯᠠᠩᠭᠤᠶ᠎ᠠ 2012 ᠣᠨ ᠳᠤ ᠦᠷᠨᠢᠭᠦᠯᠦᠭᠰᠡᠨ ᠬᠦᠨᠳᠦ ᠶᠡᠭᠡ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠤᠰᠠᠯᠠᠬᠤ ᠲᠤᠷᠰᠢᠯᠲᠠ ᠶᠢ ᠦᠷᠨᠢᠭᠦᠯᠦᠭᠰᠡᠨ ᠤ ᠳᠠᠷᠠᠭ᠎ᠠ᠂ ᠪᠦᠬᠦ ᠣᠷᠣᠨ ᠤ ᠡᠯ᠎ᠡ ᠭᠠᠵᠠᠷ ᠤᠨ ᠬᠢᠨ ᠴᠦ ᠢᠳᠡᠪᠬᠢᠲᠡᠶ ᠬᠠᠶᠢᠨ ᠰᠦᠪᠡᠭᠴᠢᠯᠡᠵᠦ᠂  ᠮᠠᠰᠢ ᠣᠯᠠᠨ ᠰᠠᠶᠢᠨ ᠲᠤᠷᠰᠢᠯᠭ᠎ᠠ ᠠᠷᠭ᠎ᠠ ᠠᠪᠴᠠᠯ ᠢ ᠡᠭᠦᠳᠦᠨ ᠪᠦᠲᠦᠭᠡᠵᠦ ᠬᠤᠷᠠᠮᠳᠤᠭᠤᠯᠤᠭᠰᠠᠨ ᠪᠠᠶᠢᠨ᠎ᠠ᠃ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠶᠠᠪᠤᠳᠠᠯ ᠪᠣᠯ᠂ ᠡᠯ᠎ᠡ ᠭᠠᠵᠠᠷ ᠤᠨ ᠰᠠᠶᠢᠨ ᠲᠤᠷᠰᠢᠯᠭ᠎ᠠ ᠠᠷᠭ᠎ᠠ ᠶᠢ  ᠪᠣᠯᠪᠠᠰᠤᠷᠠᠭᠤᠯᠤᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠣᠭᠲᠠᠭᠠᠯ ᠪᠣᠯᠭᠠᠨ ᠬᠤᠪᠢᠷᠠᠭᠤᠯᠤᠭᠠᠳ᠂ ᠳᠠᠷᠠᠭᠠᠴᠢ ᠶᠢᠨ ᠠᠯᠬᠤᠮ ᠤᠨ ᠠᠵᠢᠯ ᠢ ᠵᠢᠯᠣᠭᠤᠳᠬᠤ ᠪᠣᠯᠣᠨ᠎ᠠ᠃ ᠡᠶᠢᠮᠦ ᠶᠢᠨ ᠲᠤᠯᠠᠳᠠ᠂ ᠠᠷᠠᠳ ᠤᠨ ᠶᠠᠪᠤᠳᠠᠯ ᠤᠨ ᠶᠠᠮᠤᠨ ᠪᠣᠯᠣᠨ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠡᠪᠯᠡᠯ ᠵᠡᠷᠭᠡ ᠲᠠᠪᠤᠨ ᠰᠠᠯᠠᠭ᠎ᠠ ᠮᠥᠴᠢᠷ ︽ᠰᠠᠨᠠᠯ︾᠎ ᠤᠨ ᠬᠢᠨᠠᠭᠤᠯᠬᠤ ᠡᠬᠡ ᠪᠢᠴᠢᠭ ᠢ ᠲᠤᠭᠤᠷᠪᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠭᠰᠠᠨ ᠤ ᠳᠠᠷᠠᠭ᠎ᠠ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠡᠷ᠎ᠡ ᠪᠠᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠴᠤ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠷᠭᠡᠨ ᠢᠶᠠᠷ ᠪᠠᠶᠢᠴᠠᠭᠠᠨ ᠰᠤᠳᠤᠯᠤᠭᠰᠠᠨ ᠪᠠ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠰᠠᠨᠠᠯ ᠢ ᠰᠤᠨᠤᠰᠤᠭᠰᠠᠨ ᠪᠠ ᠠᠪᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠳᠠᠷᠤᠮᠠᠯᠯᠠᠨ ᠶᠠᠪᠤᠭᠤᠯᠪᠠ᠃      ᠭᠤᠷᠪᠠ᠂ ︽ᠮᠡᠳᠡᠭᠳᠡᠯ︾᠎ ᠳᠤ᠂ ᠶᠠᠮᠠᠷ ᠶᠠᠮᠠᠷ ᠭᠢᠯᠠᠰ ᠴᠢᠭ᠋ ᠪᠠᠶᠢᠬᠤ ᠪᠤᠶ︖      ᠬᠠᠷᠢᠭᠤᠯᠲᠠ᠄ ᠨᠢᠭᠡ ᠳᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠥᠰᠦᠯ ᠢ ᠲᠡᠭᠦᠯᠳᠡᠷᠵᠢᠭᠦᠯᠦᠨ᠂ ᠲᠡᠩᠭᠡᠷᠡᠭᠦᠯᠦᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠵᠦ᠂ ᠭᠤᠤᠯᠳᠠᠯᠭ᠎ᠠ ᠲᠠᠢ ᠲᠡᠩᠭᠡᠷᠡᠭᠦᠯᠦᠨ ᠲᠤᠰᠠᠯᠠᠬᠤ ᠡᠲᠡᠭᠡᠳ ᠢ ᠣᠷᠣᠯᠭ᠎ᠠ ᠪᠠᠭᠠᠲᠠᠶ ᠭᠡᠷ ᠪᠦᠯᠢ ᠶᠢᠨ ᠨᠠᠰᠤᠲᠠᠨ᠂ ᠨᠠᠰᠤᠨ ᠳᠤ ᠥᠯᠥ ᠬᠦᠷᠦᠭᠰᠡᠳ᠂ ᠬᠦᠨᠳᠦ ᠬᠡᠮᠵᠢᠶᠡᠨ ᠤ ᠵᠡᠮᠳᠡᠭ ᠬᠥᠮᠦᠨ ᠪᠣᠯᠣᠨ ᠬᠦᠨᠳᠦ ᠡᠪᠡᠳᠴᠢᠯᠡᠭᠰᠡᠨ ᠡᠪᠡᠳᠴᠢᠲᠡᠨ ᠵᠡᠷᠭᠡ ᠣᠷᠣᠯᠭ᠎ᠠ ᠪᠠᠭᠠᠲᠠᠶ ᠲᠡᠩᠭᠡᠷᠡᠭᠦᠯᠦᠨ ᠲᠤᠰᠠᠯᠠᠬᠤ ᠡᠲᠡᠭᠡᠳ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠠᠪᠤᠷᠠᠨ ᠲᠤᠰᠠᠯᠠᠬᠤ ᠣᠷᠣᠯᠭ᠎ᠠ ᠪᠠᠭᠠᠲᠠᠶ ᠭᠡᠷ ᠪᠦᠯᠢ ᠶᠢ ᠲᠣᠭᠲᠠᠭᠠᠬᠤ ᠪᠠᠷᠢᠮᠵᠢᠶ᠎ᠠ ᠶᠢ ᠲᠣᠲᠤᠷᠬᠠᠶᠢᠯᠠᠪᠠ᠂ ᠲᠤᠬᠠᠶᠢᠯᠠᠪᠠᠯ ᠭᠡᠷ ᠪᠦᠯᠢ ᠶᠢᠨ ᠬᠥᠮᠦᠨ ᠪᠦᠷᠢ ᠶᠢᠨ ᠰᠠᠷ᠎ᠠ ᠪᠤᠶᠤ ᠵᠢᠯ ᠤᠨ ᠳᠤᠮᠳᠠᠴᠢ ᠣᠷᠣᠯᠭ᠎ᠠ ᠎ ᠨᠢ ᠲᠣᠬᠠᠢ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1.5 ᠳᠠᠬᠢᠨ ᠢᠶᠠᠷ ᠳᠣᠣᠷ᠎ᠠ ᠪᠠᠶᠢᠭ᠎ᠠ ᠭᠡᠷ ᠪᠦᠯᠢ ᠪᠣᠯᠣᠨ᠎ᠠ᠃ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠢ ᠬᠦᠨᠳᠦ ᠣᠨᠴᠠ ᠶᠡᠭᠡ  ᠡᠪᠡᠳᠴᠢᠨ ᠡᠮᠭᠡᠭ ᠲᠠᠬᠢ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃      ᠬᠤᠶᠠᠷ ᠲᠤ ᠳᠠᠭᠠᠳᠬᠠᠯ ᠳᠤ ᠣᠷᠣᠯᠴᠠᠭᠰᠠᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠢ ᠵᠦᠶ ᠵᠣᠬᠢᠰᠲᠠᠶ ᠲᠤᠰᠠᠯᠠᠵᠤ  ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠳᠣᠲᠣᠷᠠᠬᠢ A᠂ B ᠲᠥᠷᠥᠯ ᠤᠨ ᠡᠲᠡᠭᠡᠳ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠪᠤᠶᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠤᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠲᠤᠰᠢᠶᠠᠬᠤ ᠬᠡᠰᠡᠭ ᠲᠤ ᠲᠣᠭᠲᠠᠭᠰᠠᠨ ᠲᠣᠭᠠᠨ ᠤ ᠲᠤᠰᠠᠯᠠᠮᠵᠢ ᠦᠵᠡᠭᠦᠯᠦᠨ᠎ᠡ᠃      ᠭᠤᠷᠪᠠ ᠳᠤ ᠪᠡᠯᠡ ᠮᠥᠩᠭᠦ ᠴᠤᠭᠯᠠᠭᠤᠯᠬᠤ ᠪᠠ ᠬᠠᠮᠢᠶᠠᠷᠴᠤ ᠬᠡᠷᠡᠭᠯᠡᠬᠦ ᠶᠢ ᠴᠢᠩᠭᠠᠳᠬᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠢᠵᠢ ᠪᠦᠷᠢᠳᠦᠭᠦᠯᠬᠦ ᠬᠠᠷᠢᠴᠠᠯ ᠢ ᠲᠤᠲᠤᠷᠬᠠᠶᠢᠯᠠᠵᠤ᠂ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠶᠢ ᠵᠦᠢ ᠵᠣᠬᠢᠰᠲᠠᠢ ᠲᠣᠬᠢᠷᠠᠭᠤᠯᠤᠨ᠂ ᠬᠦᠷᠦᠯᠴᠡᠬᠦ ᠦᠭᠡᠢ ᠬᠡᠰᠡᠭ ᠢ ᠬᠤᠰᠢᠭᠤ ᠰᠢᠶᠠᠨ ︵ᠬᠤᠲᠠ᠂ ᠲᠣᠭᠤᠷᠢᠭ︶ ᠎ ᠠᠴᠠ ᠨᠥᠬᠦᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠬᠤᠲᠠ ᠬᠥᠳᠡᠭᠡ ᠶᠢᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠠᠷᠭ᠎ᠠ ᠶᠢ ᠲᠣᠭᠲᠠᠭᠠᠨ᠂ ᠡᠯ᠎ᠡ ᠭᠠᠵᠠᠷ ᠤᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠬᠤ ᠵᠡᠷᠭᠡ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠰᠢᠯᠭᠠᠨ ᠦᠨᠡᠯᠡᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢ ᠬᠤᠲᠠ ᠬᠥᠳᠡᠭᠡ ᠶᠢᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠤᠨ᠎ᠠ᠃      ᠳᠥᠷᠪᠡ ᠳᠤ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠢᠭᠦᠯᠡᠰᠦᠩᠭᠦᠶ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠤᠰᠬᠠᠶ ᠵᠦᠢᠯ ᠤᠨ ᠰᠠᠭᠤᠷᠢ ᠮᠥᠩᠭᠦ ᠶᠢ ᠪᠠᠶᠢᠭᠤᠯᠵᠤ᠂ ᠡᠯ᠎ᠡ ᠭᠠᠵᠠᠷ ᠤᠨ ᠬᠢᠨ ᠢ ᠡᠯ᠎ᠡ ᠱᠠᠲᠤᠨ ᠤ ᠨᠢᠭᠦᠯᠡᠰᠦᠩᠭᠦᠶ ᠶᠢᠨ ᠶᠡᠷᠦᠩᠬᠡᠶ ︵ᠨᠡᠶᠢᠭᠡᠮᠯᠢᠭ︶ ᠡᠪᠯᠡᠯ ᠪᠠ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠳᠠᠭᠠᠨ ᠲᠦᠰᠢᠭᠯᠡᠨ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠢᠭᠦᠯᠡᠰᠦᠩᠭᠦᠶ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠤᠰᠬᠠᠶ ᠵᠦᠢᠯ ᠤᠨ ᠰᠠᠭᠤᠷᠢ ᠮᠥᠩᠭᠦ ︵ᠪᠡᠯᠡ ᠮᠥᠩᠭᠦ︶ ᠪᠠᠶᠢᠭᠤᠯᠬᠤ ᠶᠢ ᠱᠠᠭᠠᠷᠲᠠᠪᠠ᠃      ᠲᠠᠪᠤ ᠳᠤ ᠲᠡᠩᠬᠡᠷᠡᠭᠦᠯᠦᠨ ᠲᠤᠰᠠᠯᠠᠬᠤ ᠠᠷᠭ᠎ᠠ ᠮᠠᠶ᠋ᠢᠭ ᠢ ᠰᠢᠨ᠎ᠡ ᠶᠢ ᠡᠭᠦᠳᠴᠦ᠂ ᠡᠯ᠎ᠡ ᠭᠠᠵᠠᠷ ᠤᠨ ᠬᠢᠨ ᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠬᠤᠳᠠᠯᠳᠤᠭᠠᠨ ᠤ ᠨᠥᠬᠦᠪᠥᠷᠢ ᠎ ᠲᠠᠢ ᠡᠮᠨᠡᠯᠭᠡ ᠶᠢᠨ ᠳᠠᠭᠠᠳᠬᠠᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠪᠠᠲᠤᠯᠠᠬᠤ ᠬᠡᠪᠴᠢᠶ᠎ᠡ᠂ ᠲᠦᠯᠦᠬᠦ ᠬᠠᠷᠢᠴᠠᠯ᠂ ᠣᠨ ᠤ ᠬᠠᠮᠤᠭ ᠤᠨ ᠥᠨᠳᠦᠷ ᠲᠥᠯᠥᠪᠦᠷᠢ ᠶᠢᠨ ᠬᠢᠵᠠᠭᠠᠷᠯᠠᠭᠰᠠᠨ ᠲᠤᠭ᠎ᠠ ᠶᠢ ᠲᠣᠲᠣᠷᠬᠠᠶᠢᠯᠠᠵᠤ᠂ ᠲᠥᠯᠥᠪᠦᠷᠢ ᠶᠢᠨ ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠦᠴᠢᠷᠳᠡᠯᠲᠡᠶ ᠣᠯᠠᠨ ᠲᠦᠮᠡᠨ ᠤ ᠡᠮᠨᠡᠯᠭᠡ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢ ᠱᠠᠭᠠᠷᠳᠠᠪᠠ᠃      ᠵᠢᠷᠭᠤᠭ᠎ᠠ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠪᠦᠲᠦᠮᠵᠢᠲᠡᠶ ᠪᠠᠷ ᠵᠣᠯᠭᠠᠯᠳᠤᠭᠤᠯᠬᠤ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ︵ᠰᠦᠯᠵᠢᠶ᠎ᠡ︶ ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠡᠩᠬᠡᠷᠡᠭᠦᠯᠦᠨ ᠲᠤᠰᠠᠯᠠᠬᠤ ᠡᠲᠡᠭᠡᠳ ᠢ ᠬᠦᠯᠢᠶᠡᠨ ᠠᠪᠴᠤ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠨ ᠬᠠᠷᠭᠤᠭᠤᠯᠬᠤ ᠶᠢ ᠳᠠᠮᠵᠢᠭᠰᠠᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠬᠡᠷᠡᠭᠴᠡᠭᠡ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠪᠴᠠᠩ ᠳᠤ ᠳᠠᠮᠵᠢᠭᠤᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠯᠠᠪᠯᠠᠬᠤ ᠪᠠ ᠰᠢᠯᠢᠨ ᠰᠣᠩᠭᠤᠬᠤ ᠳᠤ ᠬᠠᠩᠭᠠᠬᠤ ᠶᠢ ᠱᠠᠭᠠᠷᠳᠠᠪᠠ᠃ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠴᠤ ᠪᠠᠰᠠ ᠫᠣᠷᠲ᠋ᠧᠯ ᠰᠦᠯᠵᠢᠶ᠎ᠡ ᠪᠤᠶᠤ ᠵᠠᠰᠠᠭ ᠤᠨ ᠣᠷᠳᠣᠨ ᠤ ᠰᠦᠯᠵᠢᠶ᠎ᠡ ᠶᠢᠨ ᠠᠷᠠᠳ ᠤᠨ ᠶᠠᠪᠤᠳᠠᠯ ᠤᠨ ᠪᠤᠯᠤᠩ ᠳᠠᠭᠠᠨ ᠨᠢᠭᠦᠯᠡᠰᠦᠩᠭᠦᠶ ᠶᠢᠨ ᠶᠡᠷᠦᠩᠬᠡᠶ ︵ᠨᠡᠶᠢᠭᠡᠮᠯᠢᠭ︶ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠴᠥᠷᠭᠡᠯᠡᠭᠡ ᠶᠢ ᠨᠡᠮᠡᠨ ᠭᠠᠷᠭᠠᠵᠤ ᠪᠣᠯᠤᠨ᠎ᠠ᠃      ᠳᠥᠷᠪᠡ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠨᠢ ᠶᠠᠮᠠᠷ ᠶᠠᠮᠠᠷ ᠬᠥᠮᠥᠰ ᠪᠠᠶᠢᠬᠤ ᠪᠤᠶ︖       ᠬᠠᠷᠢᠭᠤᠯᠲᠠ᠄ ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ︔      ︵ᠬᠤᠶᠠᠷ︶ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠥᠰ︔      ︵ᠭᠤᠷᠪᠠ︶ ᠣᠷᠣᠯᠭ᠎ᠠ ᠪᠠᠭᠠᠲᠠᠶ ᠭᠡᠷ ᠪᠦᠯᠢ ᠶᠢᠨ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠬᠦᠨᠳᠦ ᠬᠡᠮᠵᠢᠶᠡᠨ ᠤ ᠵᠡᠮᠳᠡᠭ ᠬᠥᠮᠦᠨ ᠪᠠ ᠬᠦᠨᠳᠦ ᠡᠪᠡᠳᠴᠢᠯᠡᠭᠰᠡᠨ ᠡᠪᠡᠳᠴᠢᠲᠡᠨ ᠵᠡᠷᠭᠡ ︵ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠭᠡᠵᠦ ᠨᠢᠭᠡᠳᠦᠯᠲᠡᠢ ᠨᠡᠷᠡᠯᠡᠨ᠎ᠡ︶︔      ︵ᠳᠥᠷᠪᠡ︶ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠ ᠬᠦᠴᠢᠷᠳᠡᠯ ᠲᠠᠢ ᠬᠥᠮᠥᠰ᠃      ︵ᠲᠠᠪᠤ︶ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠲᠤ ᠪᠠᠰᠠ ᠶᠡᠭᠡ ᠬᠡᠮᠵᠢᠶᠡᠨ ᠤ ᠡᠮᠨᠡᠯᠭᠡ ᠶᠢᠨ ᠵᠠᠷᠤᠳᠠᠯ ᠭᠠᠷᠤᠭᠰᠠᠨ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠲᠦᠷᠡᠭᠰᠡᠨ  ᠂ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠲᠠᠢ ᠭᠡᠷ ᠪᠦᠯᠢ ᠶᠢᠨ ᠬᠦᠨᠳᠦ ᠡᠪᠡᠳᠴᠢᠯᠡᠭᠰᠡᠨ ᠡᠪᠡᠳᠴᠢᠲᠡᠨ ︵ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠭᠡᠵᠦ ᠨᠢᠭᠡᠳᠦᠯᠲᠡᠢ ᠨᠡᠷᠡᠯᠡᠨ᠎ᠡ︶᠃      ᠲᠠᠪᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠶᠢ ᠬᠡᠷᠬᠢᠨ ᠭᠤᠶᠤᠴᠢᠯᠠᠬᠤ ᠪᠤᠶ︖      ᠬᠠᠷᠢᠭᠤᠯᠲᠠ᠄ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠶᠢ ᠭᠤᠶᠤᠴᠢᠯᠠᠬᠤ ᠳᠤ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠤᠷᠠᠳᠴᠤ ᠂ ᠬᠢᠨᠠᠭᠠᠳ ᠨᠡᠶᠢᠲᠡ ᠳᠤ ᠵᠠᠷᠯᠠᠭᠰᠠᠨ ᠤ ᠳᠠᠷᠠᠭ᠎ᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠠ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠭᠴᠢ ᠶᠢᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠠᠪᠤᠳᠠᠯ ᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠢᠭᠤᠳ ᠭᠦᠢᠴᠡᠳᠬᠡᠨ᠎ᠡ᠃       ᠵᠢᠷᠭᠤᠭ᠎ᠠ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠨᠢ ᠶᠠᠮᠠᠷ ᠶᠠᠮᠠᠷ ᠠᠷᠭ᠎ᠠ ᠮᠠᠶ᠋ᠢᠭ ᠢ ᠠᠪᠴᠤ᠂ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠨᠢ ᠶᠠᠭᠤ ᠪᠤᠶ︖      ᠬᠠᠷᠢᠭᠤᠯᠲᠠ᠄ ︵ᠨᠢᠭᠡ︶ ᠳᠠᠭᠠᠳᠬᠠᠯ ᠳᠤ ᠣᠷᠣᠯᠴᠠᠬᠤ ᠬᠤᠷᠰᠢᠬᠰᠠᠨ ᠡᠮᠨᠡᠯᠭᠡ ᠳᠤ ᠣᠷᠣᠯᠴᠠᠬᠤ ᠳᠤᠨᠢ ᠲᠤᠰᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠠ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠭᠴᠢ ︵ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠭᠡᠵᠦ ᠨᠢᠭᠡᠳᠦᠯᠲᠡᠢ ᠨᠡᠷᠡᠯᠡᠨ᠎ᠡ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠪᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠤ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠨᠥᠬᠦᠪᠥᠷᠢ ᠥᠭᠴᠦ᠂ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠥᠰ ᠲᠤ ᠪᠦᠬᠦ ᠲᠤᠭ᠎ᠠ ᠪᠠᠷ ᠨᠢ ᠲᠤᠰᠠᠯᠠᠵᠤ᠂ ᠠᠮᠢᠳᠤᠷᠠᠯ ᠤᠨ ᠨᠠᠭᠠᠳᠤ ᠵᠠᠬ᠎ᠠ ᠬᠦᠷᠲᠡᠵᠦ ᠪᠠᠶᠢᠭ᠎ᠠ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠳᠤ ᠲᠣᠭᠲᠠᠭᠰᠠᠨ ᠲᠤᠭ᠎ᠠ ᠪᠠᠷ ᠲᠤᠰᠠᠯᠠᠨ᠎ᠠ ︵C ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠲᠤ ᠵᠠᠷᠴᠢᠮ ᠤᠨ ᠲᠠᠯ᠎ᠠ ᠪᠠᠷ ᠲᠤᠰᠠᠯᠠᠬᠤ ᠦᠭᠡᠢ︶᠃ ᠪᠣᠳᠠᠲᠠᠶ ᠲᠤᠰᠠᠯᠠᠬᠤ ᠠᠷᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠪᠠᠶᠢᠳᠠᠯ ᠵᠡᠷᠭᠡ ᠪᠠᠨ ᠦᠨᠳᠦᠰᠦᠯᠡᠨ ᠰᠤᠳᠤᠯᠤᠨ ᠲᠣᠭᠲᠠᠭᠠᠨ᠎ᠠ᠃      ︵ᠬᠤᠶᠠᠷ︶ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ᠃ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠭᠤᠣᠯᠳᠠᠯᠭ᠎ᠠ ᠪᠣᠯ ᠤᠳᠠᠭᠠᠨ ᠴᠢᠨᠠᠷ ᠲᠠᠢ ᠡᠪᠡᠳᠴᠢᠨ ᠣᠯᠣᠭᠰᠠᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠢ ᠬᠡᠷᠡᠭᠲᠡᠢ ᠠᠴᠠ ᠪᠣᠯᠵᠤ᠂ ᠥᠪᠡᠷ ᠢᠶᠠᠨ ᠬᠠᠷᠢᠭᠤᠴᠠᠬᠤ ᠵᠠᠷᠤᠳᠠᠯ ᠨᠡᠯᠢᠶᠡᠳ ᠥᠨᠳᠥᠷ ᠪᠠᠶᠢᠬᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠪᠣᠯᠣᠨ᠎ᠠ᠃ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠣᠨᠣᠰᠢᠯᠠᠨ ᠡᠮᠨᠡᠬᠦ ᠠᠷᠭ᠎ᠠ ᠵᠠᠮ ᠢ ᠨᠢ ᠨᠢᠭᠡᠨᠲᠡ ᠲᠣᠳᠣᠷᠬᠠᠶᠢᠯᠠᠭᠰᠠᠨ ᠡᠭᠦᠳᠡᠨ ᠡᠮᠨᠡᠯᠭᠡ ᠪᠠᠷ ᠳᠠᠮᠵᠢᠭᠠᠳ ᠡᠮᠨᠡᠨ ᠵᠠᠰᠠᠵᠤ ᠪᠣᠯᠬᠤ ᠡᠪᠡᠳᠴᠢᠨ ᠤ ᠵᠦᠢᠯ ᠳᠤ ᠪᠣᠯ ᠳᠠᠩ ᠡᠪᠡᠳᠴᠢᠨ ᠤ ᠵᠦᠢᠯ ᠤᠨ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢ ᠠᠪᠴᠤ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢ ᠥᠷᠨᠢᠭᠦᠯᠵᠦ ᠪᠣᠯᠣᠨ᠎ᠠ᠃ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠬᠠᠮᠤᠭ ᠤᠨ ᠦᠨᠳᠦᠷ ᠲᠡᠩᠬᠡᠷᠡᠭᠦᠯᠦᠨ ᠲᠤᠰᠠᠯᠠᠬᠤ ᠲᠤᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠵᠡᠷᠭᠡ ᠪᠠᠶᠢᠳᠠᠯ ᠢᠶᠠᠨ ᠦᠨᠳᠦᠰᠦᠯᠡᠨ ᠰᠤᠳᠤᠯᠵᠤ ᠲᠣᠭᠲᠠᠭᠠᠨ᠎ᠠ᠃      ︵ᠭᠤᠷᠪᠠ︶ ᠡᠮᠨᠡᠯᠭᠡ ᠳᠤ ᠰᠠᠭᠤᠭᠰᠠᠨ ᠤ ᠲᠡᠩᠬᠡᠷᠡᠭᠦᠯᠦᠨ ᠲᠤᠰᠠᠯᠠᠬᠤ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠤ ᠵᠠᠷᠤᠳᠠᠯ ᠲᠣᠲᠣᠷ᠎ᠠ᠂ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠬᠢᠭᠡᠳ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠵᠠᠷᠤᠳᠠᠯ ᠳᠤ᠂ ᠣᠨ ᠤ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢᠨ ᠳᠣᠲᠣᠷ᠎ᠠ 70%᠎ ᠠᠴᠠ ᠳᠣᠣᠷ᠎ᠠ ᠦᠭᠡᠶ ᠪᠠᠶᠢᠯᠭᠠᠬᠤ ᠬᠠᠷᠢᠴᠠᠯ ᠶᠣᠰᠣᠭᠠᠷ ᠲᠡᠩᠬᠡᠷᠡᠭᠦᠯᠦᠨ ᠲᠤᠰᠠᠯᠠᠨ᠎ᠠ᠃ ᠡᠮᠨᠡᠯᠭᠡ ᠳᠤ ᠰᠠᠭᠤᠭᠰᠠᠨ ᠲᠡᠩᠬᠡᠷᠡᠭᠦᠯᠦᠨ ᠲᠤᠰᠠᠯᠠᠬᠤ ᠶᠢᠨ ᠣᠨ ᠤ ᠬᠠᠮᠤᠭ ᠥᠨᠳᠥᠷ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠵᠡᠷᠭᠡ ᠪᠠᠶᠢᠳᠠᠯ ᠢᠶᠠᠨ ᠦᠨᠳᠦᠰᠦᠯᠡᠨ ᠰᠤᠳᠤᠯᠤᠨ ᠲᠣᠭᠲᠠᠭᠠᠨ᠎ᠠ᠃      ︵ᠳᠥᠷᠪᠡ︶ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠪᠠ ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠬᠢᠭᠡᠳ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠵᠡᠷᠭᠡ ᠶᠢᠨ ᠳᠠᠩᠰᠠ ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠲᠣᠭᠲᠠᠭᠠᠯ ᠳᠤ ᠨᠡᠶᠢᠴᠡᠬᠦ ᠡᠮᠨᠡᠭᠦᠯᠦᠭᠰᠡᠨ ᠵᠠᠷᠤᠳᠠᠯ ᠳᠤ ᠰᠢᠭᠤᠳ ᠲᠡᠩᠬᠡᠷᠡᠭᠦᠯᠦᠨ ᠲᠤᠰᠠᠯᠠᠨ᠎ᠠ︔ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠵᠡᠷᠭᠡ ᠪᠤᠰᠤᠳ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠡᠭᠦᠷᠭᠡᠯᠡᠬᠦ ᠲᠣᠭᠲᠠᠭᠠᠯ ᠳᠤ ᠨᠡᠶᠢᠴᠡᠬᠦ ᠡᠮᠨᠡᠭᠦᠯᠦᠭᠰᠡᠨ ᠵᠠᠷᠤᠳᠠᠯ ᠢ ᠤᠷᠢᠳᠠᠪᠠᠷ ᠬᠤᠪᠢ ᠬᠥᠮᠦᠨ ᠲᠤᠰᠢᠶᠠᠵᠤ᠂ ᠭᠡᠷ ᠪᠦᠯᠢ ᠶᠢᠨ ᠡᠭᠦᠷᠭᠡᠯᠡᠬᠦ ᠴᠢᠳᠠᠪᠤᠷᠢ ᠠᠴᠠ ᠬᠡᠲᠦᠷᠡᠭᠰᠡᠨ ᠬᠡᠰᠡᠭ ᠲᠤᠨᠢ ᠲᠡᠩᠬᠡᠷᠡᠭᠦᠯᠦᠨ ᠲᠤᠰᠠᠯᠠᠨ᠎ᠠ᠃       ᠡᠪᠡᠳᠴᠢᠯᠡᠭᠰᠡᠨ ᠭᠡᠷ ᠪᠦᠯᠢ ᠶᠢᠨ ᠳᠠᠷᠤᠭᠠᠰᠤ ᠡᠭᠦᠷᠭᠡᠯᠡᠬᠦ ᠴᠢᠳᠠᠪᠤᠷᠢ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ᠂ ᠲᠤᠬᠠᠶ ᠶᠢᠨ ᠭᠠᠵᠠᠷ ᠤᠨ ᠪᠡᠯᠡ ᠮᠥᠩᠭᠦ ᠴᠤᠭᠯᠠᠭᠤᠯᠤᠭᠰᠠᠨ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠬᠠᠷᠢᠴᠠᠯ ᠪᠠ ᠬᠠᠮᠤᠭ ᠤᠨ ᠥᠨᠳᠦᠷ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢ ᠲᠥᠷᠥᠯ ᠪᠠ ᠬᠡᠰᠡᠭ ᠬᠤᠪᠢᠶᠠᠨ ᠪᠠᠶᠢᠷᠢᠯᠠᠭᠤᠯᠪᠠ᠃ ᠵᠠᠷᠴᠢᠮ ᠳᠡᠭᠡᠷ᠎ᠡ ᠪᠠᠨ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠡᠩᠬᠡᠷᠡᠭᠦᠯᠦᠨ ᠲᠤᠰᠠᠯᠠᠬᠤ ᠬᠠᠷᠢᠴᠠᠯ ᠢ ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠢ ᠠᠴᠠ ᠳᠡᠭᠡᠭᠦᠷ ᠪᠠᠶᠢᠯᠭᠠᠵᠤ᠂ ᠣᠷᠣᠯᠭ᠎ᠠ ᠪᠠᠭᠠᠲᠠᠶ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠎ ᠬᠢ ᠶᠢ ᠪᠤᠰᠤᠳ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠢ ᠠᠴᠠ ᠳᠡᠭᠡᠭᠦᠷ ᠪᠠᠶᠢᠯᠭᠠᠪᠠ︔ ᠠᠳᠠᠯᠢ ᠲᠥᠷᠥᠯ ᠤᠨ ᠲᠡᠩᠬᠡᠷᠡᠭᠦᠯᠦᠨ ᠲᠤᠰᠠᠯᠠᠬᠤ ᠡᠲᠡᠭᠡᠳ ᠲᠤ ᠪᠣᠯ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ ᠤᠨ ᠲᠤᠭ᠎ᠠ ᠬᠡᠮᠵᠢᠶ᠎ᠡ ᠨᠢ ᠤᠯᠠᠮ ᠶᠡᠭᠡ ᠪᠠᠶᠢᠬᠤ ᠲᠤᠲᠤᠮ᠂ ᠲᠡᠩᠬᠡᠷᠡᠭᠦᠯᠦᠨ ᠲᠤᠰᠠᠯᠠᠬᠤ ᠬᠠᠷᠢᠴᠠᠯ ᠨᠢ ᠤᠯᠠᠮ ᠦᠨᠳᠦᠷ ᠪᠣᠯᠤᠨ᠎ᠠ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠡᠩᠬᠡᠷᠡᠭᠦᠯᠦᠨ ᠲᠤᠰᠠᠯᠠᠬᠤ ᠶᠢᠨ ᠬᠤᠷᠢᠭ᠎ᠠ ᠶᠢ ᠪᠦᠬᠦ ᠲᠠᠯ᠎ᠠ ᠪᠠᠷ ᠦᠭᠡᠶᠢᠰᠬᠡᠬᠦ ᠬᠡᠷᠡᠭᠲᠡᠶ︔ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠳᠤ ᠡᠬᠢᠯᠡᠵᠦ ᠥᠭᠬᠦ ᠱᠤᠭᠤᠮ ᠪᠠᠶᠢᠷᠢᠯᠠᠭᠤᠯᠵᠤ ᠪᠣᠯᠤᠨ᠎ᠠ᠂ ᠡᠬᠢᠯᠡᠵᠦ ᠥᠭᠬᠦ ᠱᠤᠭᠤᠮ ᠠᠴᠠ ᠳᠡᠭᠡᠭᠰᠢᠬᠢ ᠥᠪᠡᠰᠦᠪᠡᠨ ᠬᠠᠷᠢᠭᠤᠴᠠᠬᠤ ᠵᠠᠷᠤᠳᠠᠯ ᠳᠤ ᠲᠡᠩᠬᠡᠷᠡᠭᠦᠯᠦᠨ ᠲᠤᠰᠠᠯᠠᠯᠲᠠ ᠬᠦᠷᠲᠡᠭᠡᠨ᠎ᠡ᠃      ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠬᠡᠷᠡᠭᠯᠡᠬᠦ ᠡᠮ ᠤᠨ ᠬᠡᠪᠴᠢᠶ᠎ᠡ᠂ ᠣᠨᠣᠰᠢᠯᠠᠨ ᠡᠮᠨᠡᠬᠦ ᠵᠦᠢᠯᠡᠰ ᠵᠡᠷᠭᠡ ᠳᠤ᠂ ᠵᠠᠷᠴᠢᠮ ᠳᠡᠭᠡᠷ᠎ᠡ ᠪᠠᠨ ᠦᠨᠳᠦᠰᠦᠨ ᠡᠮᠨᠡᠯᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠢᠶ᠎ᠠ ᠪᠦᠬᠦᠢ ᠲᠣᠭᠲᠠᠭᠠᠯ ᠢ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠡᠮᠨᠡᠯᠭᠡ ᠶᠢᠨ ᠪᠠᠶᠢᠭᠤᠯᠤᠮᠵᠢ ᠪᠤᠶᠤ ᠰᠢᠶᠠᠨ ᠤ ᠬᠡᠪᠴᠢᠶ᠎ᠡ ᠠᠯᠤᠰᠯᠠᠨ ᠣᠨᠳᠣᠣ ᠭᠠᠵᠠᠷ ᠤᠨ ᠡᠮᠨᠡᠯᠭᠡ ᠶᠢᠨ ᠬᠤᠷᠢᠶ᠎ᠠ ᠳᠤ ᠡᠮᠨᠡᠭᠦᠯᠬᠦ ᠦᠨᠡᠨᠬᠦ ᠴᠢᠬᠤᠯᠠᠲᠠᠢ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ ᠲᠤ ᠪᠣᠯ᠂ ᠲᠣᠭᠲᠠᠭᠠᠯ ᠶᠣᠰᠣᠭᠠᠷ ᠡᠮᠨᠡᠯᠭᠡ ᠰᠢᠯᠵᠢᠭᠦᠯᠦᠨ ᠣᠨᠣᠰᠢᠯᠠᠭᠤᠯᠬᠤ ᠪᠤᠶᠤ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠬᠦ ᠬᠡᠷᠡᠭᠲᠡᠶ᠃ ᠣᠨᠣᠰᠢᠯᠠᠨ ᠡᠮᠨᠡᠬᠦ ᠠᠷᠭ᠎ᠠ ᠵᠠᠮ ᠢᠶᠠᠨ ᠨᠢᠭᠡᠨᠲᠡ ᠲᠣᠳᠣᠷᠬᠠᠶᠢᠯᠠᠭᠰᠠᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠲᠥᠷᠥᠯ ᠳᠤ ᠪᠣᠯ᠂ ᠡᠪᠡᠳᠴᠢᠨ ᠤ ᠲᠥᠷᠥᠯ ᠵᠦᠢᠯ ᠢᠶᠠᠷ ᠨᠢ ᠵᠠᠷᠤᠳᠠᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠲᠡᠩᠬᠡᠷᠡᠭᠦᠯᠦᠨ ᠲᠤᠰᠠᠯᠠᠵᠤ ᠪᠣᠯᠣᠨ᠎ᠠ᠃  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ