ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠦᠷᠢᠮ ᠢ | ᠤᠯᠠᠮ ᠨᠢᠭᠡ ᠠᠯᠬᠤᠮ ᠳᠡᠭᠦᠯᠳᠡᠷᠵᠢᠭᠦᠯᠦᠨ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠡᠮᠨᠡᠯᠭᠡ ᠶᠢᠨ | ᠲᠡᠩᠭᠡᠷᠡᠭᠦᠯᠦᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠲᠤᠬᠠᠶ ᠠᠷᠠᠳ ᠤᠨ ᠶᠠᠪᠤᠳᠠᠯ ᠤᠨ ᠶᠠᠮᠤᠨ ᠵᠡᠷᠭᠡ | ᠰᠠᠯᠠᠭ᠎ᠠ ᠮᠦᠴᠢᠷ ᠤᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠤᠴᠢᠷ︾ ︵ᠲᠥᠷᠥ ᠠᠯᠪᠠᠨ ᠲᠠᠷᠬᠠᠭᠠᠭᠰᠠᠨ ﹇ | 2015﹈ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠬᠦᠴᠢᠷᠳᠡᠯᠲᠡᠶ | ᠣᠯᠠᠨ ᠲᠦᠮᠡᠨ ᠤ ᠡᠮᠨᠡᠯᠭᠡ ᠶᠢᠨ ᠦᠨᠳᠦᠰᠦᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ | 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠲᠥᠷᠥ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ | ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠬᠦᠨᠳᠦ ᠣᠨᠴᠠ ᠶᠡᠭᠡ ᠡᠪᠡᠳᠴᠢᠨ ᠡᠮᠭᠡᠭ ᠲᠠᠬᠢ ᠡᠮᠨᠡᠯᠭᠡ ᠶᠢᠨ ᠲᠡᠩᠭᠡᠷᠡᠭᠦᠯᠦᠨ | ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠳᠤ ᠬᠡᠷᠡᠭᠵᠢᠭᠦᠯᠬᠦ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠨᠢᠭᠡ᠂ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠨᠢ ᠶᠠᠮᠠᠷ ᠮᠠᠶ᠋ᠢᠭ ᠤᠨ ᠪᠠᠶᠢᠷᠢᠰᠢᠯ ᠲᠠᠢ ᠪᠤᠶ︖ | ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠤᠨ ᠦᠷ᠎ᠡ ᠳ᠋ᠦᠩ ᠨᠢ ᠶᠠᠮᠠᠷ ᠵᠡᠷᠭᠡ ᠪᠤᠶ︖ | ᠬᠠᠷᠢᠭᠤᠯᠲᠠ᠄ ᠮᠠᠨ ᠤ ᠤᠯᠤᠰ ᠤᠨ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠣᠳᠣᠬᠠᠨ ᠳᠤ ᠶᠡᠭᠡ | ᠲᠥᠯᠥᠪ ᠲᠡᠭᠡᠨ ᠡᠶᠢᠮᠦᠷᠬᠦ ᠨᠢᠭᠡᠨ ᠪᠦᠷᠢᠯᠳᠦᠯ ᠲᠠᠢ ᠪᠤᠢ᠂ ᠡᠩ ᠲᠡᠷᠢᠭᠦᠨ ᠳᠤ ᠦᠨᠳᠦᠰᠦᠨ ᠡᠮᠨᠡᠯᠭᠡ ᠶᠢᠨ | ᠳᠠᠭᠠᠳᠬᠠᠯ ᠪᠠᠶᠢᠵᠤ᠂ ᠵᠠᠯᠭᠠᠭᠠᠳ ᠪᠣᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ᠪᠣᠯᠣᠨ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ ᠪᠣᠯᠬᠤ ᠪᠦᠭᠡᠳ ᠬᠠᠮᠤᠭ ᠰᠡᠭᠦᠯ ᠤᠨ | ᠬᠢᠨᠢ ᠪᠣᠯ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠪᠣᠯᠣᠨ᠎ᠠ᠃ ᠡᠭᠦᠨ ᠳᠤ᠂ ᠡᠮᠨᠡᠯᠭᠡ ᠶᠢᠨ | ᠲᠡᠩᠬᠡᠷᠡᠭᠦᠯᠦᠨ ᠲᠤᠰᠠᠯᠠᠬᠤ ᠨᠢ ᠦᠨᠳᠦᠰᠦᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠳᠠᠷᠠᠭᠤᠯᠤᠨ᠂ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠡᠮᠨᠡᠯᠭᠡ ᠶᠢᠨ ᠡᠷᠬᠡ ᠠᠰᠢᠭ ᠢ ᠪᠠᠲᠤᠯᠠᠨ᠎ᠠ᠂ ᠡᠮᠨᠡᠯᠭᠡ ᠶᠢᠨ ᠲᠡᠩᠬᠡᠷᠡᠭᠦᠯᠦᠨ | ᠲᠤᠰᠠᠯᠠᠬᠤ ᠪᠣᠯ ᠮᠠᠨ ᠤ ᠤᠯᠤᠰ ᠤᠨ ᠪᠦᠬᠦᠶᠢᠯᠡ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢᠨ | ᠬᠠᠮᠤᠭ ᠰᠡᠭᠦᠯᠴᠢ ᠶᠢᠨ ᠭᠤᠭᠴᠠᠭ᠎ᠠ ᠪᠣᠯᠬᠤ ᠪᠦᠭᠡᠳ ᠡᠨᠡ ᠨᠢ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠶᠢᠨ | ᠪᠠᠶᠢᠷᠢ ᠲᠣᠭᠲᠠᠭᠠᠯᠲᠠ ᠪᠣᠯᠣᠨ᠎ᠠ᠃ | ᠬᠤᠶᠠᠷ᠂ ︽ᠮᠡᠳᠡᠭᠳᠡᠯ︾ ᠢ ᠶᠠᠮᠠᠷ ᠪᠠᠶᠢᠳᠠᠯ ᠤᠨ ᠳᠣᠣᠷ᠎ᠠ ᠳᠤᠷᠠᠳᠴᠤ ᠭᠠᠷᠭᠠᠭᠰᠠᠨ ᠪᠤᠶ︖ | ᠭᠤᠣᠯᠳᠠᠯᠭ᠎ᠠ ᠲᠠᠢ ᠶᠠᠮᠠᠷ ᠠᠰᠠᠭᠤᠳᠠᠯ ᠢ ᠰᠢᠢᠳᠪᠦᠷᠢᠯᠡᠬᠦ ᠭᠡᠵᠦ ᠪᠠᠶᠢᠭ᠎ᠠ ᠪᠤᠶ︖ | ᠬᠠᠷᠢᠭᠤᠯᠲᠠ᠄ ᠨᠢᠭᠡᠳᠦᠭᠡᠷ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠠᠷᠠᠳ ᠤᠨ ᠶᠠᠪᠤᠳᠠᠯ ᠤᠨ ᠶᠠᠮᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠴᠠ ᠠᠪᠴᠤ ᠦᠵᠡᠪᠡᠯ᠂ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ᠂ ᠢᠯᠠᠩᠭᠤᠶ᠎ᠠ ᠬᠦᠨᠳᠦ | ᠣᠨᠴᠠ ᠶᠡᠭᠡ ᠡᠪᠡᠳᠴᠢᠨ ᠡᠮᠭᠡᠭ ᠲᠤ ᠲᠡᠩᠭᠡᠷᠡᠭᠦᠯᠦᠨ ᠲᠤᠰᠠᠯᠠᠬᠤ ᠶᠠᠪᠤᠳᠠᠯ ᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠶᠡᠷᠦ ᠠᠴᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠯᠠᠩᠭᠤᠶ᠎ᠠ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮᠨᠡᠯᠭᠡ ᠶᠢᠨ | ᠳᠠᠭᠠᠳᠬᠠᠯ ᠪᠣᠯᠣᠨ ᠲᠡᠩᠭᠡᠷᠡᠭᠦᠯᠦᠨ ᠲᠤᠰᠠᠯᠠᠬᠤ ᠳᠦᠷᠢᠮ ᠢ ᠲᠦᠷᠭᠡᠨ ᠪᠦᠷᠢᠨᠰᠢᠭᠦᠯᠬᠦ︾ ᠥᠭᠡᠷᠡᠴᠢᠯᠡᠯᠲᠡ ᠶᠢᠨ | ᠱᠠᠭᠠᠷᠳᠠᠯᠭ᠎ᠠ ᠭᠠᠷᠭᠠᠵᠤ᠂ 2014 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠲᠡᠯᠡᠭᠰᠡᠨ ︽ | ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠶᠢᠨ ᠲᠦᠷ ᠬᠡᠷᠡᠭᠵᠢᠭᠦᠯᠬᠦ ᠠᠷᠭ᠎ᠠ︾ ᠳᠤ ᠪᠠᠰᠠ ᠡᠮᠨᠡᠯᠭᠡ ᠶᠢᠨ | ᠲᠡᠩᠭᠡᠷᠡᠭᠦᠯᠦᠨ ᠲᠤᠰᠠᠯᠠᠬᠤ ᠡᠲᠡᠭᠡᠳ ᠤᠨ ᠬᠡᠪᠴᠢᠶ᠎ᠡ᠂ ᠠᠭᠤᠯᠭ᠎ᠠ᠂ ᠠᠷᠭ᠎ᠠ ᠮᠠᠶ᠋ᠢᠭ᠂ ᠳᠡᠰ ᠳᠠᠷᠠᠭᠠᠯᠠᠯ ᠵᠡᠷᠭᠡ ᠶᠢ | ᠲᠤᠲᠤᠷᠬᠠᠶᠢᠯᠠᠭᠰᠠᠨ ᠪᠠᠶᠢᠨ᠎ᠠ᠂ ᠡᠨᠡ ᠬᠦ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠶᠠᠪᠤᠳᠠᠯ ᠪᠣᠯ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠶᠢᠨ | ᠲᠦᠯᠦᠭᠡ ᠠᠪᠣᠭᠰᠠᠨ ᠪᠣᠳᠠᠲᠤ ᠠᠷᠭ᠎ᠠ ᠬᠡᠮᠵᠢᠶ᠎ᠡ ᠪᠣᠯᠣᠨ᠎ᠠ᠃ | ᠬᠤᠶᠠᠳᠤᠭᠠᠷ ᠲᠤ᠂ ᠬᠦᠴᠢᠷᠲᠡᠯᠳᠡᠢ ᠣᠯᠠᠨ ᠲᠦᠮᠡᠨ ᠤ ᠬᠦᠨᠳᠦ ᠡᠪᠡᠳᠴᠢᠨ ᠤ ᠬᠦᠴᠢᠷ ᠠᠰᠠᠭᠤᠳᠠᠯ ᠢ | ᠰᠢᠢᠳᠪᠦᠷᠢᠯᠡᠬᠦ ᠲᠠᠯ᠎ᠠ ᠠᠴᠠ ᠠᠪᠴᠤ ᠦᠵᠡᠪᠡᠯ᠂ ᠬᠦᠨᠳᠦ ᠡᠪᠡᠳᠴᠢᠨ ᠢ ᠡᠮᠨᠡᠭᠦᠯᠬᠦ ᠪᠣᠯ ᠣᠳᠣᠬᠠᠨ ᠤ ᠬᠠᠮᠤᠭ ᠤᠨ | ᠲᠣᠪᠤᠶᠢᠮ᠎ᠠ ᠪᠠᠶᠢᠭ᠎ᠠ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠪᠣᠯᠬᠤ ᠪᠦᠭᠡᠳ ᠨᠡᠶᠢᠭᠡᠮ ᠤᠨ ᠬᠢᠨ ᠤ | ᠠᠩᠬᠠᠷᠴᠤ ᠪᠠᠶᠢᠭ᠎ᠠ ᠨᠢ ᠮᠠᠰᠢ ᠥᠨᠳᠥᠷ ᠪᠠᠶᠢᠵᠤ᠂ ᠢᠯᠠᠩᠭᠤᠶ᠎ᠠ ᠬᠦᠨᠳᠦ ᠣᠨᠴᠠ ᠶᠡᠭᠡ ᠡᠪᠡᠳᠴᠢᠨ ᠡᠮᠭᠡᠭ ᠠᠴᠠ | ᠬᠦᠴᠢᠷᠳᠡᠯᠲᠡᠢ ᠣᠯᠠᠨ ᠲᠦᠮᠡᠨ ᠳᠤ ᠦᠵᠡᠭᠦᠯᠵᠦ ᠪᠠᠶᠢᠭ᠎ᠠ ᠨᠥᠯᠥᠭᠡ ᠨᠢ ᠨᠡᠩ ᠲᠣᠪᠤᠶᠢᠮ᠎ᠠ ᠪᠠᠶᠢᠨ᠎ᠠ᠃ ᠡᠶᠢᠮᠦ | ᠪᠠᠶᠢᠳᠠᠯ ᠤᠨ ᠳᠣᠣᠷ᠎ᠠ᠂ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ᠂ ᠡᠨᠡᠬᠦ ᠠᠵᠢᠯ ᠢ ᠵᠢᠷᠤᠮᠵᠢᠭᠤᠯᠵᠤ᠂ | ᠬᠦᠴᠢᠷᠳᠡᠯᠲᠡᠢ ᠣᠯᠠᠨ ᠲᠦᠮᠡᠨ ᠤ ᠬᠦᠨᠳᠦ ᠡᠪᠡᠳᠴᠢᠨ ᠤ ᠪᠠᠲᠤᠯᠠᠭ᠎ᠠ ᠶᠢᠨ ᠬᠦᠴᠢᠷ ᠠᠰᠠᠭᠤᠳᠠᠯ ᠢ ᠢᠳᠡᠪᠬᠢᠲᠡᠢ ᠪᠠᠷ | ᠰᠢᠢᠳᠪᠦᠷᠢᠯᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ | ᠭᠤᠷᠪᠠᠳᠤᠭᠠᠷ ᠲᠤ᠂ ᠬᠤᠶᠢᠰᠢᠳᠠ ᠶᠢᠨ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠤᠲᠤᠷᠬᠠᠶᠢᠯᠠᠬᠤ | ᠲᠠᠯ᠎ᠠ ᠠᠴᠠ ᠠᠪᠴᠤ ᠦᠵᠡᠪᠡᠯ᠂ ᠡᠳᠡᠭᠡᠷ ᠵᠢᠯ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠳᠥᠯᠭᠢᠨ | ᠠᠬᠢᠭᠤᠯᠬᠤ ᠶᠢ ᠳᠠᠭᠠᠯᠳᠤᠨ᠂ ᠢᠯᠠᠩᠭᠤᠶ᠎ᠠ 2012 ᠣᠨ ᠳᠤ ᠦᠷᠨᠢᠭᠦᠯᠦᠭᠰᠡᠨ ᠬᠦᠨᠳᠦ ᠶᠡᠭᠡ ᠣᠨᠴᠠ ᠶᠡᠭᠡ | ᠡᠪᠡᠳᠴᠢᠨ ᠤ ᠡᠮᠨᠡᠯᠭᠡ ᠶᠢᠨ ᠲᠤᠰᠠᠯᠠᠬᠤ ᠲᠤᠷᠰᠢᠯᠲᠠ ᠶᠢ ᠦᠷᠨᠢᠭᠦᠯᠦᠭᠰᠡᠨ ᠤ ᠳᠠᠷᠠᠭ᠎ᠠ᠂ ᠪᠦᠬᠦ ᠣᠷᠣᠨ ᠤ ᠡᠯ᠎ᠡ | ᠭᠠᠵᠠᠷ ᠤᠨ ᠬᠢᠨ ᠴᠦ ᠢᠳᠡᠪᠬᠢᠲᠡᠶ ᠬᠠᠶᠢᠨ ᠰᠦᠪᠡᠭᠴᠢᠯᠡᠵᠦ᠂ ᠮᠠᠰᠢ ᠣᠯᠠᠨ ᠰᠠᠶᠢᠨ ᠲᠤᠷᠰᠢᠯᠭ᠎ᠠ ᠠᠷᠭ᠎ᠠ ᠠᠪᠴᠠᠯ ᠢ | ᠡᠭᠦᠳᠦᠨ ᠪᠦᠲᠦᠭᠡᠵᠦ ᠬᠤᠷᠠᠮᠳᠤᠭᠤᠯᠤᠭᠰᠠᠨ ᠪᠠᠶᠢᠨ᠎ᠠ᠃ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠶᠠᠪᠤᠳᠠᠯ ᠪᠣᠯ᠂ | ᠡᠯ᠎ᠡ ᠭᠠᠵᠠᠷ ᠤᠨ ᠰᠠᠶᠢᠨ ᠲᠤᠷᠰᠢᠯᠭ᠎ᠠ ᠠᠷᠭ᠎ᠠ ᠶᠢ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠲᠥᠷᠥ ᠶᠢᠨ | ᠪᠣᠳᠣᠯᠭ᠎ᠠ ᠶᠢᠨ ᠴᠢᠨᠠᠷᠲᠠᠶ ᠲᠣᠭᠲᠠᠭᠠᠯ ᠪᠣᠯᠭᠠᠨ ᠬᠤᠪᠢᠷᠠᠭᠤᠯᠤᠭᠠᠳ᠂ ᠳᠠᠷᠠᠭᠠᠴᠢ ᠶᠢᠨ ᠠᠯᠬᠤᠮ ᠤᠨ ᠠᠵᠢᠯ ᠢ | ᠵᠢᠯᠣᠭᠤᠳᠬᠤ ᠪᠣᠯᠣᠨ᠎ᠠ᠃ ᠡᠶᠢᠮᠦ ᠶᠢᠨ ᠲᠤᠯᠠᠳᠠ᠂ ᠠᠷᠠᠳ ᠤᠨ ᠶᠠᠪᠤᠳᠠᠯ ᠤᠨ ᠶᠠᠮᠤᠨ ᠪᠣᠯᠣᠨ ᠡᠳ᠋ ᠤᠨ ᠵᠠᠰᠠᠭ ᠤᠨ | ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠡᠪᠯᠡᠯ ᠵᠡᠷᠭᠡ ᠲᠠᠪᠤᠨ | ᠰᠠᠯᠠᠭ᠎ᠠ ᠮᠥᠴᠢᠷ ︽ᠰᠠᠨᠠᠯ︾ ᠤᠨ ᠬᠢᠨᠠᠭᠤᠯᠬᠤ ᠡᠬᠡ ᠪᠢᠴᠢᠭ ᠢ ᠲᠤᠭᠤᠷᠪᠢᠵᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠩᠭᠤ ᠶᠢᠨ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠭᠰᠠᠨ ᠤ ᠳᠠᠷᠠᠭ᠎ᠠ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠨᠡᠷ᠎ᠡ ᠪᠠᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ | ᠣᠷᠣᠨ ᠴᠤ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠷᠭᠡᠨ ᠢᠶᠠᠷ ᠪᠠᠶᠢᠴᠠᠭᠠᠨ ᠰᠤᠳᠤᠯᠤᠭᠰᠠᠨ | ᠪᠠ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠰᠠᠨᠠᠯ ᠢ ᠰᠤᠨᠤᠰᠤᠭᠰᠠᠨ ᠪᠠ ᠠᠪᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠨᠡᠷ᠎ᠡ ᠪᠠᠷ ᠳᠠᠷᠤᠮᠠᠯᠯᠠᠨ ᠶᠠᠪᠤᠭᠤᠯᠪᠠ᠃ | ᠭᠤᠷᠪᠠ᠂ ︽ᠮᠡᠳᠡᠭᠳᠡᠯ︾ ᠳᠤ᠂ ᠶᠠᠮᠠᠷ ᠶᠠᠮᠠᠷ ᠭᠢᠯᠠᠰ ᠴᠢᠭ᠋ ᠪᠠᠶᠢᠬᠤ ᠪᠤᠶ︖ | ᠬᠠᠷᠢᠭᠤᠯᠲᠠ᠄ ᠨᠢᠭᠡ ᠳᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠥᠰᠦᠯ ᠢ ᠲᠡᠭᠦᠯᠳᠡᠷᠵᠢᠭᠦᠯᠦᠨ᠂ | ᠲᠡᠩᠭᠡᠷᠡᠭᠦᠯᠦᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠵᠦ᠂ ᠭᠤᠤᠯᠳᠠᠯᠭ᠎ᠠ ᠲᠠᠢ ᠲᠡᠩᠭᠡᠷᠡᠭᠦᠯᠦᠨ | ᠲᠤᠰᠠᠯᠠᠬᠤ ᠡᠲᠡᠭᠡᠳ ᠢ ᠣᠷᠣᠯᠭ᠎ᠠ ᠪᠠᠭᠠᠲᠠᠶ ᠭᠡᠷ ᠪᠦᠯᠢ ᠶᠢᠨ ᠨᠠᠰᠤᠲᠠᠨ᠂ ᠨᠠᠰᠤᠨ ᠳᠤ ᠥᠯᠥ ᠬᠦᠷᠦᠭᠰᠡᠳ᠂ | ᠬᠦᠨᠳᠦ ᠬᠡᠮᠵᠢᠶᠡᠨ ᠤ ᠵᠡᠮᠳᠡᠭ ᠬᠥᠮᠦᠨ ᠪᠣᠯᠣᠨ ᠬᠦᠨᠳᠦ ᠡᠪᠡᠳᠴᠢᠯᠡᠭᠰᠡᠨ ᠡᠪᠡᠳᠴᠢᠲᠡᠨ ᠵᠡᠷᠭᠡ ᠣᠷᠣᠯᠭ᠎ᠠ ᠪᠠᠭᠠᠲᠠᠶ | ᠲᠡᠩᠭᠡᠷᠡᠭᠦᠯᠦᠨ ᠲᠤᠰᠠᠯᠠᠬᠤ ᠡᠲᠡᠭᠡᠳ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ᠂ ᠥᠪᠡᠷᠲᠡᠭᠡᠨ ᠵᠠᠰᠠᠬᠤ | ᠣᠷᠣᠨ ᠡᠮ ᠡᠮᠨᠡᠯᠭᠡ ᠶᠢᠨ ᠠᠪᠤᠷᠠᠨ ᠲᠤᠰᠠᠯᠠᠬᠤ ᠣᠷᠣᠯᠭ᠎ᠠ ᠪᠠᠭᠠᠲᠠᠶ ᠭᠡᠷ ᠪᠦᠯᠢ ᠶᠢ ᠲᠣᠭᠲᠠᠭᠠᠬᠤ ᠪᠠᠷᠢᠮᠵᠢᠶ᠎ᠠ ᠶᠢ | ᠲᠣᠲᠤᠷᠬᠠᠶᠢᠯᠠᠪᠠ᠂ ᠲᠤᠬᠠᠶᠢᠯᠠᠪᠠᠯ ᠭᠡᠷ ᠪᠦᠯᠢ ᠶᠢᠨ ᠬᠥᠮᠦᠨ ᠪᠦᠷᠢ ᠶᠢᠨ ᠰᠠᠷ᠎ᠠ ᠪᠤᠶᠤ ᠵᠢᠯ ᠤᠨ ᠳᠤᠮᠳᠠᠴᠢ ᠣᠷᠣᠯᠭ᠎ᠠ | ᠨᠢ ᠲᠣᠬᠠᠢ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1.5 | ᠳᠠᠬᠢᠨ ᠢᠶᠠᠷ ᠳᠣᠣᠷ᠎ᠠ ᠪᠠᠶᠢᠭ᠎ᠠ ᠭᠡᠷ ᠪᠦᠯᠢ ᠪᠣᠯᠣᠨ᠎ᠠ᠃ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ | ᠬᠦᠨᠳᠦ ᠡᠪᠡᠳᠴᠢᠲᠡᠨ ᠢ ᠬᠦᠨᠳᠦ ᠣᠨᠴᠠ ᠶᠡᠭᠡ ᠡᠪᠡᠳᠴᠢᠨ ᠡᠮᠭᠡᠭ ᠲᠠᠬᠢ ᠡᠮᠨᠡᠯᠭᠡ ᠶᠢᠨ ᠲᠡᠩᠭᠡᠷᠡᠭᠦᠯᠦᠨ | ᠲᠤᠰᠠᠯᠠᠬᠤ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ | ᠬᠤᠶᠠᠷ ᠲᠤ ᠳᠠᠭᠠᠳᠬᠠᠯ ᠳᠤ ᠣᠷᠣᠯᠴᠠᠭᠰᠠᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠢ | ᠵᠦᠶ ᠵᠣᠬᠢᠰᠲᠠᠶ ᠲᠤᠰᠠᠯᠠᠵᠤ ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠤ ᠳᠣᠲᠣᠷᠠᠬᠢ A᠂ B ᠲᠥᠷᠥᠯ ᠤᠨ ᠡᠲᠡᠭᠡᠳ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠦᠨᠳᠦᠰᠦᠨ ᠡᠮᠨᠡᠯᠭᠡ ᠶᠢᠨ ᠳᠠᠭᠠᠳᠬᠠᠯ ᠪᠤᠶᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ | ᠡᠮᠨᠡᠯᠭᠡ ᠤᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠲᠤᠰᠢᠶᠠᠬᠤ ᠬᠡᠰᠡᠭ ᠲᠤ ᠲᠣᠭᠲᠠᠭᠰᠠᠨ ᠲᠣᠭᠠᠨ ᠤ | ᠲᠤᠰᠠᠯᠠᠮᠵᠢ ᠦᠵᠡᠭᠦᠯᠦᠨ᠎ᠡ᠃ | ᠭᠤᠷᠪᠠ ᠳᠤ ᠪᠡᠯᠡ ᠮᠥᠩᠭᠦ ᠴᠤᠭᠯᠠᠭᠤᠯᠬᠤ ᠪᠠ ᠬᠠᠮᠢᠶᠠᠷᠴᠤ ᠬᠡᠷᠡᠭᠯᠡᠬᠦ ᠶᠢ ᠴᠢᠩᠭᠠᠳᠬᠠᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠢᠵᠢ ᠪᠦᠷᠢᠳᠦᠭᠦᠯᠬᠦ ᠬᠠᠷᠢᠴᠠᠯ ᠢ | ᠲᠤᠲᠤᠷᠬᠠᠶᠢᠯᠠᠵᠤ᠂ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠶᠢ ᠵᠦᠢ ᠵᠣᠬᠢᠰᠲᠠᠢ ᠲᠣᠬᠢᠷᠠᠭᠤᠯᠤᠨ᠂ | ᠬᠦᠷᠦᠯᠴᠡᠬᠦ ᠦᠭᠡᠢ ᠬᠡᠰᠡᠭ ᠢ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠨᠥᠬᠦᠪᠦᠷᠢᠯᠡᠨ᠎ᠡ᠃ | ᠥᠪᠡᠷᠲᠡᠭᠡᠨ ᠵᠠᠰᠠᠬᠤ ᠣᠷᠣᠨ ᠬᠤᠲᠠ ᠬᠥᠳᠡᠭᠡ ᠶᠢᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠤᠨ ᠦᠷ᠎ᠡ | ᠪᠦᠲᠦᠮᠵᠢ ᠶᠢ ᠦᠨᠡᠯᠡᠬᠦ ᠠᠷᠭ᠎ᠠ ᠶᠢ ᠲᠣᠭᠲᠠᠭᠠᠨ᠂ ᠡᠯ᠎ᠡ ᠭᠠᠵᠠᠷ ᠤᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ | ᠮᠥᠩᠭᠦ ᠴᠤᠭᠯᠠᠭᠤᠯᠬᠤ ᠵᠡᠷᠭᠡ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ | ᠠᠵᠢᠯ ᠤᠨ ᠪᠣᠳᠠᠲᠤ ᠦᠷ᠎ᠡ ᠪᠦᠲᠦᠮᠵᠢ ᠶᠢ ᠰᠢᠯᠭᠠᠨ ᠦᠨᠡᠯᠡᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢ ᠬᠤᠲᠠ | ᠬᠥᠳᠡᠭᠡ ᠶᠢᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠶᠢᠨ ᠬᠤᠪᠢᠶᠠᠷᠢᠯᠠᠯᠲᠠ ᠯᠤᠭ᠎ᠠ | ᠬᠤᠯᠪᠣᠭᠳᠠᠭᠤᠯᠤᠨ᠎ᠠ᠃ | ᠳᠥᠷᠪᠡ ᠳᠤ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠢᠭᠦᠯᠡᠰᠦᠩᠭᠦᠶ ᠡᠮᠨᠡᠯᠭᠡ ᠶᠢᠨ ᠲᠡᠩᠬᠡᠷᠡᠭᠦᠯᠦᠨ | ᠲᠤᠰᠠᠯᠠᠬᠤ ᠲᠤᠰᠬᠠᠶ ᠵᠦᠢᠯ ᠤᠨ ᠰᠠᠭᠤᠷᠢ ᠮᠥᠩᠭᠦ ᠶᠢ ᠪᠠᠶᠢᠭᠤᠯᠵᠤ᠂ ᠡᠯ᠎ᠡ ᠭᠠᠵᠠᠷ ᠤᠨ ᠬᠢᠨ ᠢ ᠡᠯ᠎ᠡ ᠱᠠᠲᠤᠨ ᠤ | ᠨᠢᠭᠦᠯᠡᠰᠦᠩᠭᠦᠶ ᠶᠢᠨ ᠶᠡᠷᠦᠩᠬᠡᠶ ︵ᠨᠡᠶᠢᠭᠡᠮᠯᠢᠭ︶ ᠡᠪᠯᠡᠯ ᠪᠠ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠳᠠᠭᠠᠨ | ᠲᠦᠰᠢᠭᠯᠡᠨ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠬᠦᠨᠳᠦ ᠣᠨᠴᠠ ᠶᠡᠭᠡ ᠡᠪᠡᠳᠴᠢᠨ | ᠡᠮᠭᠡᠭ ᠲᠤ ᠨᠢᠭᠦᠯᠡᠰᠦᠩᠭᠦᠶ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠤᠰᠬᠠᠶ ᠵᠦᠢᠯ ᠤᠨ ᠰᠠᠭᠤᠷᠢ ᠮᠥᠩᠭᠦ ︵ | ᠪᠡᠯᠡ ᠮᠥᠩᠭᠦ︶ ᠪᠠᠶᠢᠭᠤᠯᠬᠤ ᠶᠢ ᠱᠠᠭᠠᠷᠲᠠᠪᠠ᠃ | ᠲᠠᠪᠤ ᠳᠤ ᠲᠡᠩᠬᠡᠷᠡᠭᠦᠯᠦᠨ ᠲᠤᠰᠠᠯᠠᠬᠤ ᠠᠷᠭ᠎ᠠ ᠮᠠᠶ᠋ᠢᠭ ᠢ ᠰᠢᠨ᠎ᠡ ᠶᠢ ᠡᠭᠦᠳᠴᠦ᠂ ᠡᠯ᠎ᠡ ᠭᠠᠵᠠᠷ ᠤᠨ ᠬᠢᠨ ᠢ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠬᠤᠳᠠᠯᠳᠤᠭᠠᠨ ᠤ ᠨᠥᠬᠦᠪᠥᠷᠢ | ᠲᠠᠢ ᠡᠮᠨᠡᠯᠭᠡ ᠶᠢᠨ ᠳᠠᠭᠠᠳᠬᠠᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠪᠠᠲᠤᠯᠠᠬᠤ ᠬᠡᠪᠴᠢᠶ᠎ᠡ᠂ ᠲᠦᠯᠦᠬᠦ | ᠬᠠᠷᠢᠴᠠᠯ᠂ ᠣᠨ ᠤ ᠬᠠᠮᠤᠭ ᠤᠨ ᠥᠨᠳᠦᠷ ᠲᠥᠯᠥᠪᠦᠷᠢ ᠶᠢᠨ ᠬᠢᠵᠠᠭᠠᠷᠯᠠᠭᠰᠠᠨ ᠲᠤᠭ᠎ᠠ ᠶᠢ ᠲᠣᠲᠣᠷᠬᠠᠶᠢᠯᠠᠵᠤ᠂ | ᠲᠥᠯᠥᠪᠦᠷᠢ ᠶᠢᠨ ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠦᠴᠢᠷᠳᠡᠯᠲᠡᠶ ᠣᠯᠠᠨ ᠲᠦᠮᠡᠨ ᠤ | ᠡᠮᠨᠡᠯᠭᠡ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢ ᠱᠠᠭᠠᠷᠳᠠᠪᠠ᠃ | ᠵᠢᠷᠭᠤᠭ᠎ᠠ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠪᠦᠲᠦᠮᠵᠢᠲᠡᠶ ᠪᠠᠷ ᠵᠣᠯᠭᠠᠯᠳᠤᠭᠤᠯᠬᠤ ᠶᠢ | ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠲᠠᠪᠴᠠᠩ ︵ᠰᠦᠯᠵᠢᠶ᠎ᠡ︶ ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠲᠡᠩᠬᠡᠷᠡᠭᠦᠯᠦᠨ ᠲᠤᠰᠠᠯᠠᠬᠤ ᠡᠲᠡᠭᠡᠳ ᠢ ᠬᠦᠯᠢᠶᠡᠨ ᠠᠪᠴᠤ ᠬᠢᠨᠠᠨ ᠬᠠᠷᠭᠤᠭᠤᠯᠬᠤ ᠶᠢ | ᠬᠠᠷᠢᠭᠤᠴᠠᠬᠤ ᠶᠢᠨ ᠬᠠᠮᠲᠤ ᠬᠢᠨᠠᠨ ᠬᠠᠷᠭᠤᠭᠤᠯᠬᠤ ᠶᠢ ᠳᠠᠮᠵᠢᠭᠰᠠᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ | ᠬᠡᠷᠡᠭᠴᠡᠭᠡ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠪᠴᠠᠩ ᠳᠤ ᠳᠠᠮᠵᠢᠭᠤᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠴᠠᠭᠠᠨ ᠯᠠᠪᠯᠠᠬᠤ ᠪᠠ ᠰᠢᠯᠢᠨ ᠰᠣᠩᠭᠤᠬᠤ ᠳᠤ ᠬᠠᠩᠭᠠᠬᠤ ᠶᠢ ᠱᠠᠭᠠᠷᠳᠠᠪᠠ᠃ ᠡᠯ᠎ᠡ | ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠴᠤ ᠪᠠᠰᠠ ᠫᠣᠷᠲ᠋ᠧᠯ ᠰᠦᠯᠵᠢᠶ᠎ᠡ ᠪᠤᠶᠤ ᠵᠠᠰᠠᠭ ᠤᠨ | ᠣᠷᠳᠣᠨ ᠤ ᠰᠦᠯᠵᠢᠶ᠎ᠡ ᠶᠢᠨ ᠠᠷᠠᠳ ᠤᠨ ᠶᠠᠪᠤᠳᠠᠯ ᠤᠨ ᠪᠤᠯᠤᠩ ᠳᠠᠭᠠᠨ ᠨᠢᠭᠦᠯᠡᠰᠦᠩᠭᠦᠶ ᠶᠢᠨ ᠶᠡᠷᠦᠩᠬᠡᠶ ︵ | ᠨᠡᠶᠢᠭᠡᠮᠯᠢᠭ︶ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠮᠢᠶ᠎ᠠ ᠪᠦᠬᠦᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠴᠥᠷᠭᠡᠯᠡᠭᠡ ᠶᠢ ᠨᠡᠮᠡᠨ ᠭᠠᠷᠭᠠᠵᠤ | ᠪᠣᠯᠤᠨ᠎ᠠ᠃ | ᠳᠥᠷᠪᠡ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠨᠢ ᠶᠠᠮᠠᠷ ᠶᠠᠮᠠᠷ ᠬᠥᠮᠥᠰ ᠪᠠᠶᠢᠬᠤ ᠪᠤᠶ︖ | ᠬᠠᠷᠢᠭᠤᠯᠲᠠ᠄ ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ | ᠪᠦᠯᠢ ᠶᠢᠨ ᠪᠦᠷᠢᠯᠳᠦᠬᠦᠨ︔ | ︵ᠬᠤᠶᠠᠷ︶ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠥᠰ︔ | ︵ᠭᠤᠷᠪᠠ︶ ᠣᠷᠣᠯᠭ᠎ᠠ ᠪᠠᠭᠠᠲᠠᠶ ᠭᠡᠷ ᠪᠦᠯᠢ ᠶᠢᠨ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ | ᠬᠦᠨᠳᠦ ᠬᠡᠮᠵᠢᠶᠡᠨ ᠤ ᠵᠡᠮᠳᠡᠭ ᠬᠥᠮᠦᠨ ᠪᠠ ᠬᠦᠨᠳᠦ ᠡᠪᠡᠳᠴᠢᠯᠡᠭᠰᠡᠨ ᠡᠪᠡᠳᠴᠢᠲᠡᠨ ᠵᠡᠷᠭᠡ ︵ᠣᠷᠣᠯᠭ᠎ᠠ ᠪᠠᠭᠠᠲᠠᠢ | ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠭᠡᠵᠦ ᠨᠢᠭᠡᠳᠦᠯᠲᠡᠢ ᠨᠡᠷᠡᠯᠡᠨ᠎ᠡ︶︔ | ︵ᠳᠥᠷᠪᠡ︶ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠪᠤᠰᠤᠳ ᠣᠨᠴᠠ ᠬᠦᠴᠢᠷᠳᠡᠯ ᠲᠠᠢ ᠬᠥᠮᠥᠰ᠃ | ︵ᠲᠠᠪᠤ︶ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠲᠤ | ᠪᠠᠰᠠ ᠶᠡᠭᠡ ᠬᠡᠮᠵᠢᠶᠡᠨ ᠤ ᠡᠮᠨᠡᠯᠭᠡ ᠶᠢᠨ ᠵᠠᠷᠤᠳᠠᠯ ᠭᠠᠷᠤᠭᠰᠠᠨ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ | ᠬᠡᠲᠦᠷᠡᠭᠰᠡᠨ ᠂ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠲᠠᠢ ᠭᠡᠷ ᠪᠦᠯᠢ ᠶᠢᠨ ᠬᠦᠨᠳᠦ | ᠡᠪᠡᠳᠴᠢᠯᠡᠭᠰᠡᠨ ᠡᠪᠡᠳᠴᠢᠲᠡᠨ ︵ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ | ᠭᠡᠵᠦ ᠨᠢᠭᠡᠳᠦᠯᠲᠡᠢ ᠨᠡᠷᠡᠯᠡᠨ᠎ᠡ︶᠃ | ᠲᠠᠪᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠶᠢ ᠬᠡᠷᠬᠢᠨ ᠭᠤᠶᠤᠴᠢᠯᠠᠬᠤ ᠪᠤᠶ︖ | ᠬᠠᠷᠢᠭᠤᠯᠲᠠ᠄ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠶᠢ ᠭᠤᠶᠤᠴᠢᠯᠠᠬᠤ ᠳᠤ᠂ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠤᠷᠠᠳᠴᠤ | ᠂ ᠬᠢᠨᠠᠭᠠᠳ ᠨᠡᠶᠢᠲᠡ ᠳᠤ ᠵᠠᠷᠯᠠᠭᠰᠠᠨ ᠤ ᠳᠠᠷᠠᠭ᠎ᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠠ ᠣᠨᠴᠠ ᠬᠦᠴᠢᠷᠳᠡᠯᠲᠡᠶ | ᠠᠰᠠᠷᠠᠭᠤᠯᠤᠨ ᠲᠡᠵᠢᠭᠡᠭᠴᠢ ᠶᠢᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠠᠪᠤᠳᠠᠯ ᠢ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠢᠭᠤᠳ ᠭᠦᠢᠴᠡᠳᠬᠡᠨ᠎ᠡ᠃ | ᠵᠢᠷᠭᠤᠭ᠎ᠠ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠨᠢ ᠶᠠᠮᠠᠷ ᠶᠠᠮᠠᠷ ᠠᠷᠭ᠎ᠠ ᠮᠠᠶ᠋ᠢᠭ ᠢ ᠠᠪᠴᠤ᠂ | ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠨᠢ ᠶᠠᠭᠤ ᠪᠤᠶ︖ | ᠬᠠᠷᠢᠭᠤᠯᠲᠠ᠄ ︵ᠨᠢᠭᠡ︶ ᠳᠠᠭᠠᠳᠬᠠᠯ ᠳᠤ ᠣᠷᠣᠯᠴᠠᠬᠤ ᠬᠤᠷᠰᠢᠬᠰᠠᠨ ᠡᠮᠨᠡᠯᠭᠡ ᠳᠤ ᠣᠷᠣᠯᠴᠠᠬᠤ ᠳᠤᠨᠢ | ᠲᠤᠰᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ | ᠪᠠ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠭᠴᠢ ︵ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ | ᠭᠡᠵᠦ ᠨᠢᠭᠡᠳᠦᠯᠲᠡᠢ ᠨᠡᠷᠡᠯᠡᠨ᠎ᠡ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ | ᠳᠠᠭᠠᠳᠬᠠᠯ ᠪᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠤ ᠬᠤᠪᠢ | ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠨᠥᠬᠦᠪᠥᠷᠢ ᠥᠭᠴᠦ᠂ ᠣᠨᠴᠠ ᠬᠦᠴᠢᠷᠳᠡᠯᠲᠡᠶ ᠠᠰᠠᠷᠠᠭᠤᠯᠤᠨ | ᠲᠡᠵᠢᠭᠡᠯᠭᠡᠵᠦ ᠪᠠᠶᠢᠭ᠎ᠠ ᠬᠥᠮᠥᠰ ᠲᠤ ᠪᠦᠬᠦ ᠲᠤᠭ᠎ᠠ ᠪᠠᠷ ᠨᠢ ᠲᠤᠰᠠᠯᠠᠵᠤ᠂ ᠠᠮᠢᠳᠤᠷᠠᠯ ᠤᠨ ᠨᠠᠭᠠᠳᠤ ᠵᠠᠬ᠎ᠠ ᠬᠦᠷᠲᠡᠵᠦ | ᠪᠠᠶᠢᠭ᠎ᠠ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠳᠤ ᠲᠣᠭᠲᠠᠭᠰᠠᠨ ᠲᠤᠭ᠎ᠠ ᠪᠠᠷ ᠲᠤᠰᠠᠯᠠᠨ᠎ᠠ ︵C | ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠲᠤ ᠵᠠᠷᠴᠢᠮ ᠤᠨ ᠲᠠᠯ᠎ᠠ ᠪᠠᠷ | ᠲᠤᠰᠠᠯᠠᠬᠤ ᠦᠭᠡᠢ︶᠃ ᠪᠣᠳᠠᠲᠠᠶ ᠲᠤᠰᠠᠯᠠᠬᠤ ᠠᠷᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ | ᠪᠠᠶᠢᠳᠠᠯ ᠵᠡᠷᠭᠡ ᠪᠠᠨ ᠦᠨᠳᠦᠰᠦᠯᠡᠨ ᠰᠤᠳᠤᠯᠤᠨ ᠲᠣᠭᠲᠠᠭᠠᠨ᠎ᠠ᠃ | ︵ᠬᠤᠶᠠᠷ︶ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ᠃ ᠡᠭᠦᠳᠡᠨ ᠡᠮᠨᠡᠯᠭᠡ ᠶᠢᠨ ᠲᠡᠩᠬᠡᠷᠡᠭᠦᠯᠦᠨ | ᠲᠤᠰᠠᠯᠠᠬᠤ ᠶᠢᠨ ᠭᠤᠣᠯᠳᠠᠯᠭ᠎ᠠ ᠪᠣᠯ ᠤᠳᠠᠭᠠᠨ ᠴᠢᠨᠠᠷ ᠲᠠᠢ ᠡᠪᠡᠳᠴᠢᠨ ᠣᠯᠣᠭᠰᠠᠨ ᠠᠴᠠ ᠪᠣᠯᠵᠤ ᠤᠷᠲᠤ | ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠤᠷᠲᠤ ᠬᠤᠭᠤᠴᠠᠭ᠎ᠠ ᠪᠠᠷ | ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠢ ᠬᠡᠷᠡᠭᠲᠡᠢ ᠠᠴᠠ ᠪᠣᠯᠵᠤ᠂ ᠥᠪᠡᠷ ᠢᠶᠠᠨ ᠬᠠᠷᠢᠭᠤᠴᠠᠬᠤ ᠵᠠᠷᠤᠳᠠᠯ | ᠨᠡᠯᠢᠶᠡᠳ ᠥᠨᠳᠥᠷ ᠪᠠᠶᠢᠬᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠪᠣᠯᠣᠨ᠎ᠠ᠃ ᠡᠷᠡᠭᠦᠯ | ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠣᠨᠣᠰᠢᠯᠠᠨ ᠡᠮᠨᠡᠬᠦ ᠠᠷᠭ᠎ᠠ ᠵᠠᠮ ᠢ ᠨᠢ ᠨᠢᠭᠡᠨᠲᠡ | ᠲᠣᠳᠣᠷᠬᠠᠶᠢᠯᠠᠭᠰᠠᠨ ᠡᠭᠦᠳᠡᠨ ᠡᠮᠨᠡᠯᠭᠡ ᠪᠠᠷ ᠳᠠᠮᠵᠢᠭᠠᠳ ᠡᠮᠨᠡᠨ ᠵᠠᠰᠠᠵᠤ ᠪᠣᠯᠬᠤ ᠡᠪᠡᠳᠴᠢᠨ ᠤ ᠵᠦᠢᠯ ᠳᠤ ᠪᠣᠯ ᠳᠠᠩ | ᠡᠪᠡᠳᠴᠢᠨ ᠤ ᠵᠦᠢᠯ ᠤᠨ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢ ᠠᠪᠴᠤ ᠡᠭᠦᠳᠡᠨ ᠡᠮᠨᠡᠯᠭᠡ ᠶᠢᠨ | ᠲᠡᠩᠬᠡᠷᠡᠭᠦᠯᠦᠨ ᠲᠤᠰᠠᠯᠠᠬᠤ ᠶᠢ ᠥᠷᠨᠢᠭᠦᠯᠵᠦ ᠪᠣᠯᠣᠨ᠎ᠠ᠃ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ | ᠬᠠᠮᠤᠭ ᠤᠨ ᠦᠨᠳᠦᠷ ᠲᠡᠩᠬᠡᠷᠡᠭᠦᠯᠦᠨ ᠲᠤᠰᠠᠯᠠᠬᠤ ᠲᠤᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠲᠡᠩᠬᠡᠷᠡᠭᠦᠯᠦᠨ ᠲᠤᠰᠠᠯᠠᠭᠤᠯᠬᠤ | ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ | ᠴᠤᠭᠯᠠᠭᠤᠯᠤᠭᠰᠠᠨ ᠵᠡᠷᠭᠡ ᠪᠠᠶᠢᠳᠠᠯ ᠢᠶᠠᠨ ᠦᠨᠳᠦᠰᠦᠯᠡᠨ ᠰᠤᠳᠤᠯᠵᠤ ᠲᠣᠭᠲᠠᠭᠠᠨ᠎ᠠ᠃ | ︵ᠭᠤᠷᠪᠠ︶ ᠡᠮᠨᠡᠯᠭᠡ ᠳᠤ ᠰᠠᠭᠤᠭᠰᠠᠨ ᠤ ᠲᠡᠩᠬᠡᠷᠡᠭᠦᠯᠦᠨ ᠲᠤᠰᠠᠯᠠᠬᠤ᠃ ᠭᠤᠣᠯᠳᠠᠯᠭ᠎ᠠ ᠲᠠᠢ | ᠲᠡᠩᠬᠡᠷᠡᠭᠦᠯᠦᠨ ᠲᠤᠰᠠᠯᠠᠬᠤ ᠡᠲᠡᠭᠡᠳ ᠤᠨ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠤ ᠵᠠᠷᠤᠳᠠᠯ ᠲᠣᠲᠣᠷ᠎ᠠ᠂ ᠦᠨᠳᠦᠰᠦᠨ | ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ | ᠬᠢᠭᠡᠳ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠳᠠᠩᠰᠠ | ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠵᠠᠷᠤᠳᠠᠯ ᠳᠤ᠂ ᠣᠨ ᠤ ᠲᠡᠩᠬᠡᠷᠡᠭᠦᠯᠦᠨ ᠲᠤᠰᠠᠯᠠᠬᠤ | ᠬᠢᠵᠠᠭᠠᠷᠲᠤ ᠲᠤᠭ᠎ᠠ ᠶᠢᠨ ᠳᠣᠲᠣᠷ᠎ᠠ 70% ᠠᠴᠠ ᠳᠣᠣᠷ᠎ᠠ ᠦᠭᠡᠶ ᠪᠠᠶᠢᠯᠭᠠᠬᠤ ᠬᠠᠷᠢᠴᠠᠯ ᠶᠣᠰᠣᠭᠠᠷ ᠲᠡᠩᠬᠡᠷᠡᠭᠦᠯᠦᠨ | ᠲᠤᠰᠠᠯᠠᠨ᠎ᠠ᠃ ᠡᠮᠨᠡᠯᠭᠡ ᠳᠤ ᠰᠠᠭᠤᠭᠰᠠᠨ ᠲᠡᠩᠬᠡᠷᠡᠭᠦᠯᠦᠨ ᠲᠤᠰᠠᠯᠠᠬᠤ ᠶᠢᠨ ᠣᠨ ᠤ ᠬᠠᠮᠤᠭ ᠥᠨᠳᠥᠷ ᠲᠡᠩᠬᠡᠷᠡᠭᠦᠯᠦᠨ | ᠲᠤᠰᠠᠯᠠᠬᠤ ᠬᠢᠵᠠᠭᠠᠷᠲᠤ ᠲᠤᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠬᠡᠷᠡᠭᠴᠡᠭᠡ | ᠱᠠᠭᠠᠷᠳᠠᠯᠭ᠎ᠠ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠵᠡᠷᠭᠡ ᠪᠠᠶᠢᠳᠠᠯ ᠢᠶᠠᠨ | ᠦᠨᠳᠦᠰᠦᠯᠡᠨ ᠰᠤᠳᠤᠯᠤᠨ ᠲᠣᠭᠲᠠᠭᠠᠨ᠎ᠠ᠃ | ︵ᠳᠥᠷᠪᠡ︶ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ᠃ | ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠪᠠ ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠭᠤᠯᠬᠤ | ᠡᠲᠡᠭᠡᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠬᠢᠭᠡᠳ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ | ᠳᠠᠭᠠᠳᠬᠠᠯ ᠵᠡᠷᠭᠡ ᠶᠢᠨ ᠳᠠᠩᠰᠠ ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠲᠣᠭᠲᠠᠭᠠᠯ ᠳᠤ | ᠨᠡᠶᠢᠴᠡᠬᠦ ᠡᠮᠨᠡᠭᠦᠯᠦᠭᠰᠡᠨ ᠵᠠᠷᠤᠳᠠᠯ ᠳᠤ ᠰᠢᠭᠤᠳ ᠲᠡᠩᠬᠡᠷᠡᠭᠦᠯᠦᠨ ᠲᠤᠰᠠᠯᠠᠨ᠎ᠠ︔ ᠡᠪᠡᠳᠴᠢᠨ ᠠᠴᠠ ᠪᠣᠯᠵᠤ | ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠵᠡᠷᠭᠡ ᠪᠤᠰᠤᠳ ᠲᠡᠩᠬᠡᠷᠡᠭᠦᠯᠦᠨ ᠲᠤᠰᠠᠯᠠᠭᠤᠯᠬᠤ | ᠡᠲᠡᠭᠡᠳ ᠤᠨ ᠡᠭᠦᠷᠭᠡᠯᠡᠬᠦ ᠲᠣᠭᠲᠠᠭᠠᠯ ᠳᠤ ᠨᠡᠶᠢᠴᠡᠬᠦ ᠡᠮᠨᠡᠭᠦᠯᠦᠭᠰᠡᠨ ᠵᠠᠷᠤᠳᠠᠯ ᠢ ᠤᠷᠢᠳᠠᠪᠠᠷ ᠬᠤᠪᠢ ᠬᠥᠮᠦᠨ | ᠲᠤᠰᠢᠶᠠᠵᠤ᠂ ᠭᠡᠷ ᠪᠦᠯᠢ ᠶᠢᠨ ᠡᠭᠦᠷᠭᠡᠯᠡᠬᠦ ᠴᠢᠳᠠᠪᠤᠷᠢ ᠠᠴᠠ ᠬᠡᠲᠦᠷᠡᠭᠰᠡᠨ ᠬᠡᠰᠡᠭ ᠲᠤᠨᠢ ᠲᠡᠩᠬᠡᠷᠡᠭᠦᠯᠦᠨ ᠲᠤᠰᠠᠯᠠᠨ᠎ᠠ᠃ | ᠡᠪᠡᠳᠴᠢᠯᠡᠭᠰᠡᠨ ᠭᠡᠷ ᠪᠦᠯᠢ ᠶᠢᠨ ᠳᠠᠷᠤᠭᠠᠰᠤ ᠡᠭᠦᠷᠭᠡᠯᠡᠬᠦ ᠴᠢᠳᠠᠪᠤᠷᠢ᠂ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠵᠠᠷᠤᠳᠠᠯ᠂ ᠲᠤᠬᠠᠶ ᠶᠢᠨ ᠭᠠᠵᠠᠷ ᠤᠨ ᠪᠡᠯᠡ ᠮᠥᠩᠭᠦ ᠴᠤᠭᠯᠠᠭᠤᠯᠤᠭᠰᠠᠨ ᠪᠠᠶᠢᠳᠠᠯ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ | ᠲᠤᠰᠠᠯᠠᠬᠤ ᠬᠠᠷᠢᠴᠠᠯ ᠪᠠ ᠬᠠᠮᠤᠭ ᠤᠨ ᠥᠨᠳᠦᠷ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢ ᠲᠥᠷᠥᠯ ᠪᠠ | ᠬᠡᠰᠡᠭ ᠬᠤᠪᠢᠶᠠᠨ ᠪᠠᠶᠢᠷᠢᠯᠠᠭᠤᠯᠪᠠ᠃ ᠵᠠᠷᠴᠢᠮ ᠳᠡᠭᠡᠷ᠎ᠡ ᠪᠠᠨ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ | ᠡᠲᠡᠭᠡᠳ ᠤᠨ ᠲᠡᠩᠬᠡᠷᠡᠭᠦᠯᠦᠨ ᠲᠤᠰᠠᠯᠠᠬᠤ ᠬᠠᠷᠢᠴᠠᠯ ᠢ ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠬᠤ | ᠡᠲᠡᠭᠡᠳ ᠤᠨ ᠬᠢ ᠠᠴᠠ ᠳᠡᠭᠡᠭᠦᠷ ᠪᠠᠶᠢᠯᠭᠠᠵᠤ᠂ ᠣᠷᠣᠯᠭ᠎ᠠ ᠪᠠᠭᠠᠲᠠᠶ ᠲᠡᠩᠬᠡᠷᠡᠭᠦᠯᠦᠨ ᠲᠤᠰᠠᠯᠠᠬᠤ ᠡᠲᠡᠭᠡᠳ ᠤᠨ | ᠬᠢ ᠶᠢ ᠪᠤᠰᠤᠳ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠢ ᠠᠴᠠ ᠳᠡᠭᠡᠭᠦᠷ ᠪᠠᠶᠢᠯᠭᠠᠪᠠ︔ ᠠᠳᠠᠯᠢ | ᠲᠥᠷᠥᠯ ᠤᠨ ᠲᠡᠩᠬᠡᠷᠡᠭᠦᠯᠦᠨ ᠲᠤᠰᠠᠯᠠᠬᠤ ᠡᠲᠡᠭᠡᠳ ᠲᠤ ᠪᠣᠯ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ | ᠵᠠᠷᠤᠳᠠᠯ ᠤᠨ ᠲᠤᠭ᠎ᠠ ᠬᠡᠮᠵᠢᠶ᠎ᠡ ᠨᠢ ᠤᠯᠠᠮ ᠶᠡᠭᠡ ᠪᠠᠶᠢᠬᠤ ᠲᠤᠲᠤᠮ᠂ ᠲᠡᠩᠬᠡᠷᠡᠭᠦᠯᠦᠨ ᠲᠤᠰᠠᠯᠠᠬᠤ ᠬᠠᠷᠢᠴᠠᠯ ᠨᠢ | ᠤᠯᠠᠮ ᠦᠨᠳᠦᠷ ᠪᠣᠯᠤᠨ᠎ᠠ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠡᠩᠬᠡᠷᠡᠭᠦᠯᠦᠨ | ᠲᠤᠰᠠᠯᠠᠬᠤ ᠶᠢᠨ ᠬᠤᠷᠢᠭ᠎ᠠ ᠶᠢ ᠪᠦᠬᠦ ᠲᠠᠯ᠎ᠠ ᠪᠠᠷ ᠦᠭᠡᠶᠢᠰᠬᠡᠬᠦ ᠬᠡᠷᠡᠭᠲᠡᠶ︔ ᠡᠪᠡᠳᠴᠢᠨ ᠠᠴᠠ ᠪᠣᠯᠵᠤ | ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠳᠤ ᠡᠬᠢᠯᠡᠵᠦ ᠥᠭᠬᠦ ᠱᠤᠭᠤᠮ ᠪᠠᠶᠢᠷᠢᠯᠠᠭᠤᠯᠵᠤ ᠪᠣᠯᠤᠨ᠎ᠠ᠂ | ᠡᠬᠢᠯᠡᠵᠦ ᠥᠭᠬᠦ ᠱᠤᠭᠤᠮ ᠠᠴᠠ ᠳᠡᠭᠡᠭᠰᠢᠬᠢ ᠥᠪᠡᠰᠦᠪᠡᠨ ᠬᠠᠷᠢᠭᠤᠴᠠᠬᠤ ᠵᠠᠷᠤᠳᠠᠯ ᠳᠤ ᠲᠡᠩᠬᠡᠷᠡᠭᠦᠯᠦᠨ | ᠲᠤᠰᠠᠯᠠᠯᠲᠠ ᠬᠦᠷᠲᠡᠭᠡᠨ᠎ᠡ᠃ | ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠬᠡᠷᠡᠭᠯᠡᠬᠦ ᠡᠮ ᠤᠨ | ᠬᠡᠪᠴᠢᠶ᠎ᠡ᠂ ᠣᠨᠣᠰᠢᠯᠠᠨ ᠡᠮᠨᠡᠬᠦ ᠵᠦᠢᠯᠡᠰ ᠵᠡᠷᠭᠡ ᠳᠤ᠂ ᠵᠠᠷᠴᠢᠮ ᠳᠡᠭᠡᠷ᠎ᠡ ᠪᠠᠨ ᠦᠨᠳᠦᠰᠦᠨ ᠡᠮᠨᠡᠯᠭᠡ ᠶᠢᠨ ᠳᠠᠭᠠᠳᠬᠠᠯ | ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠢᠶ᠎ᠠ ᠪᠦᠬᠦᠢ | ᠲᠣᠭᠲᠠᠭᠠᠯ ᠢ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠡᠮᠨᠡᠯᠭᠡ ᠶᠢᠨ ᠪᠠᠶᠢᠭᠤᠯᠤᠮᠵᠢ ᠪᠤᠶᠤ | ᠰᠢᠶᠠᠨ ᠤ ᠬᠡᠪᠴᠢᠶ᠎ᠡ ᠠᠯᠤᠰᠯᠠᠨ ᠣᠨᠳᠣᠣ ᠭᠠᠵᠠᠷ ᠤᠨ ᠡᠮᠨᠡᠯᠭᠡ ᠶᠢᠨ ᠬᠤᠷᠢᠶ᠎ᠠ ᠳᠤ ᠡᠮᠨᠡᠭᠦᠯᠬᠦ ᠦᠨᠡᠨᠬᠦ ᠴᠢᠬᠤᠯᠠᠲᠠᠢ | ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ ᠲᠤ ᠪᠣᠯ᠂ ᠲᠣᠭᠲᠠᠭᠠᠯ ᠶᠣᠰᠣᠭᠠᠷ ᠡᠮᠨᠡᠯᠭᠡ ᠰᠢᠯᠵᠢᠭᠦᠯᠦᠨ | ᠣᠨᠣᠰᠢᠯᠠᠭᠤᠯᠬᠤ ᠪᠤᠶᠤ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠬᠦ ᠬᠡᠷᠡᠭᠲᠡᠶ᠃ ᠣᠨᠣᠰᠢᠯᠠᠨ ᠡᠮᠨᠡᠬᠦ ᠠᠷᠭ᠎ᠠ | ᠵᠠᠮ ᠢᠶᠠᠨ ᠨᠢᠭᠡᠨᠲᠡ ᠲᠣᠳᠣᠷᠬᠠᠶᠢᠯᠠᠭᠰᠠᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠲᠥᠷᠥᠯ ᠳᠤ ᠪᠣᠯ᠂ | ᠡᠪᠡᠳᠴᠢᠨ ᠤ ᠲᠥᠷᠥᠯ ᠵᠦᠢᠯ ᠢᠶᠠᠷ ᠨᠢ ᠵᠠᠷᠤᠳᠠᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠲᠡᠩᠬᠡᠷᠡᠭᠦᠯᠦᠨ | ᠲᠤᠰᠠᠯᠠᠵᠤ ᠪᠣᠯᠣᠨ᠎ᠠ᠃ |