ᠥᠪᠥᠷ ᠵᠠᠰᠠᠭ ᠲᠠᠷᠬᠠᠭᠠᠭᠰᠠᠨ ﹇2015﹈ 43 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠳᠡᠭᠡᠨ ᠵᠠᠰᠠᠬᠤ ᠣᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽2015 — 2017 ᠣᠨ ᠤ ᠴᠢᠬᠤᠯᠠ ᠶᠡᠭᠡ ᠲᠦᠷᠦᠯ ᠵᠦᠢᠯ ᠤᠨ ᠭᠤᠷᠪᠠᠨ ᠱᠠᠳᠤᠨ ᠤ ᠠᠬᠢᠭᠤᠯᠬᠤ | ᠲᠦᠯᠦᠪᠯᠡᠭᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠤᠶᠠᠯᠳᠤᠭᠤᠯᠵᠤ᠂ ᠬᠢᠨᠠᠮᠠᠭᠠᠢ | ᠵᠤᠬᠢᠶᠠᠨ ᠪᠠᠶᠢᠭᠤᠯᠤᠨ ᠬᠡᠷᠡᠭᠵᠢᠭᠦᠯᠳᠦᠭᠡᠢ᠃ | ᠦᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ | ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠣᠷᠤᠨ ᠤ ᠠᠵᠤ ᠠᠬᠤᠢ ᠶᠢᠨ ᠠᠵᠢᠯ ᠤᠨ | ᠬᠤᠷᠠᠯ ᠪᠣᠯᠤᠨ ᠪᠦᠬᠦ ᠣᠷᠤᠨ ᠤ ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠳᠦᠷᠦᠯ ᠵᠦᠢᠯ ᠢ ᠠᠬᠢᠭᠤᠯᠬᠤ ᠶᠡᠭᠡ | ᠬᠤᠷᠠᠯ ᠤᠨ ᠪᠠᠶᠢᠷᠢᠰᠢᠭᠤᠯᠤᠯᠳᠠ ᠶᠢ ᠦᠨᠳᠦᠰᠦᠯᠡᠵᠤ᠂ ︽2015 — 2017 ᠣᠨ ᠤ ᠴᠢᠬᠤᠯᠠ ᠶᠡᠭᠡ | ᠲᠦᠷᠦᠯ ᠵᠦᠢᠯ ᠤᠨ ᠭᠤᠷᠪᠠᠨ ᠱᠠᠳᠤᠨ ᠤ ᠠᠬᠢᠭᠤᠯᠬᠤ ᠲᠦᠯᠦᠪᠯᠡᠭᠡ︾ ᠳᠤ ᠨᠡᠶᠢᠳᠠ 631 ᠴᠢᠬᠤᠯᠠ ᠶᠡᠭᠡ | ᠲᠦᠷᠦᠯ ᠵᠦᠢᠯ ᠢ ᠵᠢᠭᠰᠠᠭᠠᠨ ᠣᠷᠤᠭᠤᠯᠪᠠ᠃ ᠡᠭᠦᠨ ᠳᠤ ᠦᠪᠡᠷᠳᠡᠭᠡᠨ ᠵᠠᠰᠠᠬᠤ ᠣᠷᠤᠨ ᠤ ᠭᠤᠣᠯᠳᠠᠯᠭ᠎ᠠ ᠲᠠᠢ | ᠲᠣᠬᠢᠷᠠᠭᠤᠯᠤᠨ ᠠᠬᠢᠭᠤᠯᠬᠤ ᠴᠢᠬᠤᠯᠠ ᠶᠡᠭᠡ ᠲᠦᠷᠦᠯ ᠵᠦᠢᠯ 240᠂ ᠠᠶᠢᠮᠠᠭ ᠬᠤᠳᠠ ᠶᠢᠨ ᠭᠤᠣᠯᠳᠠᠯᠭ᠎ᠠ ᠲᠠᠢ | ᠲᠣᠬᠢᠷᠠᠭᠤᠯᠤᠨ ᠠᠬᠢᠭᠤᠯᠬᠤ ᠴᠢᠬᠤᠯᠠ ᠶᠡᠭᠡ ᠲᠦᠷᠦᠯ ᠵᠦᠢᠯ 293᠂ ᠬᠤᠰᠢᠭᠤ ᠰᠢᠶᠠᠨ ︵ᠬᠤᠳᠠ᠂ ᠲᠣᠭᠤᠷᠢᠭ︶ | ᠠᠴᠠ ᠬᠠᠷᠢᠭᠤᠴᠠᠨ ᠠᠬᠢᠭᠤᠯᠬᠤ ᠴᠢᠬᠤᠯᠠ ᠶᠡᠭᠡ ᠲᠦᠷᠦᠯ ᠵᠦᠢᠯ 98 ᠪᠤᠢ᠃ | ᠨᠢᠭᠡ᠂ ᠵᠤᠬᠢᠶᠠᠨ ᠪᠠᠶᠢᠭᠤᠯᠤᠯᠳᠠ ᠶᠢᠨ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠢ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠠᠪᠤᠨ ᠱᠠᠳᠤᠨ ᠤ ᠵᠢᠱᠢᠶ᠎ᠡ ᠦᠵᠡᠭᠦᠯᠬᠦ ᠪᠠᠷ | ᠲᠠᠭᠠᠭᠤᠯᠬᠤ ᠶᠢ ᠠᠳᠬᠤᠬᠤ︾ ᠶᠢ ᠭᠦᠨᠵᠡᠭᠡᠢ ᠦᠷᠨᠢᠭᠦᠯᠬᠦ ᠠᠵᠢᠯ ᠤᠨ ᠱᠠᠭᠠᠷᠳᠠᠯᠭ᠎ᠠ ᠶᠣᠰᠤᠭᠠᠷ᠂ ᠦᠪᠡᠷᠳᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠠᠶᠢᠮᠠᠭ ᠬᠤᠳᠠ ᠪᠠᠷ ᠨᠢᠭᠡᠴᠡ ᠪᠣᠯᠭᠠᠵᠤ | ᠂ ᠦᠪᠡᠷᠳᠡᠭᠡᠨ ᠵᠠᠰᠠᠬᠤ ᠣᠷᠣᠨ ᠤ ᠱᠠᠳᠤᠨ ᠤ ᠴᠢᠬᠤᠯᠠ ᠶᠡᠭᠡ ᠲᠦᠷᠦᠯ ᠵᠦᠢᠯ ᠠᠬᠢᠭᠤᠯᠬᠤ ᠠᠵᠢᠯ ᠢ ᠬᠠᠷᠢᠭᠤᠴᠠᠵᠤ | ᠂ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠴᠠ ᠬᠤᠪᠢᠳᠠᠨ ᠬᠠᠮᠢᠶᠠᠷᠬᠤ ᠬᠡᠪᠴᠢᠶᠡᠨ ᠳᠠᠬᠢ ᠴᠢᠬᠤᠯᠠ | ᠶᠡᠭᠡ ᠲᠦᠷᠦᠯ ᠵᠦᠢᠯ ᠤᠨ ᠠᠬᠢᠭᠤᠯᠬᠤ ᠠᠵᠢᠯ ᠢ ᠬᠠᠷᠢᠭᠤᠴᠠᠨ᠎ᠠ᠃ ᠡᠯ᠎ᠡ ᠠᠶᠢᠮᠠᠭ ᠬᠤᠳᠠ᠂ ᠡᠯ᠎ᠡ ᠬᠤᠰᠢᠭᠤ | ᠰᠢᠶᠠᠨ ︵ᠬᠤᠳᠠ᠂ ᠲᠣᠭᠤᠷᠢᠭ︶ ᠴᠤ ᠱᠠᠳᠤ ᠱᠠᠳᠤ ᠪᠠᠷ ᠣᠳᠣᠷᠢᠳᠤᠯᠭ᠎ᠠ ᠪᠣᠯᠣᠨ ᠠᠬᠢᠭᠤᠯᠬᠤ ᠠᠵᠢᠯ ᠤᠨ | ᠲᠤᠭᠲᠠᠴᠠ ᠶᠢ ᠪᠠᠶᠢᠭᠤᠯᠤᠨ᠂ ᠠᠵᠢᠯ ᠤᠨ ᠡᠬᠡ ᠲᠠᠩᠰᠠ ᠶᠢ ᠳᠦᠷᠦᠯ ᠳᠠᠷᠠᠭᠠᠯᠠᠨ ᠪᠠᠶᠢᠭᠤᠯᠵᠤ᠂ | ᠬᠠᠷᠢᠭᠤᠴᠠᠯᠭᠠᠳᠠᠨ ᠢ ᠨᠠᠶᠢᠳᠠᠪᠤᠷᠢᠵᠢᠭᠤᠯᠤᠨ᠂ ᠴᠠᠭ ᠬᠤᠭᠤᠴᠠᠭ᠎ᠠ ᠶᠢᠨ ᠬᠦᠰᠦᠨᠦᠭᠳᠦ ᠲᠣᠭᠳᠠᠭᠠᠵᠤ᠂ ᠵᠤᠬᠢᠶᠠᠨ | ᠪᠠᠶᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠰᠠᠶᠢᠳᠣᠷ ᠠᠳᠬᠤᠬᠤ ᠬᠡᠷᠡᠭᠲᠡᠢ᠃ ᠦᠪᠡᠷᠳᠡᠭᠡᠨ ᠵᠠᠰᠠᠬᠤ | ᠣᠷᠣᠨ ᠤ ᠴᠢᠬᠤᠯᠠ ᠶᠡᠭᠡ ᠲᠦᠷᠦᠯ ᠵᠦᠢᠯ ᠤᠨ ᠤᠳᠤᠷᠢᠳᠬᠤ ᠲᠤᠭᠤᠶᠢᠯᠠᠩ ᠤᠨ ᠡᠯ᠎ᠡ ᠪᠦᠷᠢᠯᠳᠦᠭᠦᠨ | ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠶᠣᠰᠤᠭᠠᠷ᠂ ᠲᠦᠷᠦᠯ ᠵᠦᠢᠯ ᠢ | ᠵᠦᠪᠰᠢᠶᠡᠷᠡᠬᠦ᠂ ᠵᠢᠯᠣᠭᠤᠳᠬᠤ᠂ ᠦᠢᠯᠡᠴᠢᠯᠡᠬᠦ ᠪᠠ ᠬᠠᠮᠢᠶᠠᠷᠬᠤ ᠵᠡᠷᠭᠡ ᠠᠵᠢᠯ ᠢ ᠬᠠᠮᠳᠣᠷᠠᠨ ᠰᠠᠶᠢᠳᠣᠷ ᠬᠢᠬᠦ | ᠬᠡᠷᠡᠭᠲᠡᠢ᠃ | ᠬᠤᠶᠠᠷ᠂ ᠨᠢᠭᠡᠳᠦᠯᠲᠠᠢ ᠳᠦᠯᠦᠪᠯᠡᠨ ᠲᠣᠬᠢᠷᠠᠭᠤᠯᠬᠤ ᠶᠢ ᠬᠦᠴᠦᠯᠡᠨ ᠴᠢᠩᠭᠠᠳᠬᠠᠬᠤ ᠬᠡᠷᠡᠭᠲᠡᠢ | ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠴᠢᠬᠤᠯᠠ ᠶᠡᠭᠡ ᠲᠦᠷᠦᠯ ᠵᠦᠢᠯ ᠳᠤ ︿ᠰᠠᠷ᠎ᠠ ᠪᠠᠷ | ᠲᠣᠬᠢᠷᠠᠭᠤᠯᠬᠤ᠂ ᠤᠯᠠᠷᠢᠯ ᠢᠶᠠᠷ ᠵᠠᠳᠠᠯᠬᠤ᠂ ᠬᠠᠭᠠᠰ ᠵᠢᠯ ᠳᠤ ᠳ᠋ᠦᠩᠨᠡᠬᠦ᠂ ᠣᠨ ᠢᠶᠠᠷ ᠰᠢᠯᠭᠠᠨ ᠬᠢᠨᠠᠬᠤ﹀ ᠶᠢ | ᠬᠡᠷᠡᠭᠵᠢᠭᠦᠯᠵᠦ᠂ ᠠᠵᠢᠯ ᠡᠬᠢᠯᠡᠭᠦᠯᠵᠤ ᠰᠡᠷᠭᠦᠭᠡᠬᠦ᠂ ᠪᠡᠯᠡ ᠣᠷᠣᠭᠤᠯᠵᠤ ᠲᠣᠬᠢᠷᠠᠭᠤᠯᠬᠤ ᠪᠠ ᠬᠦᠴᠦᠨ ᠵᠦᠢᠯ ᠢ | ᠪᠠᠳᠣᠯᠠᠬᠤ ᠵᠡᠷᠭᠡ ᠵᠠᠩᠭᠢᠯᠠᠭ᠎ᠠ ᠶᠢ ᠭᠤᠣᠯᠳᠠᠯᠭ᠎ᠠ ᠲᠠᠢ ᠠᠳᠬᠤᠵᠤ᠂ ᠨᠢᠭᠡᠳᠤᠯᠲᠠᠢ ᠳᠦᠯᠦᠪᠯᠡᠵᠤ ᠲᠣᠬᠢᠷᠠᠭᠤᠯᠬᠤ ᠶᠢ | ᠱᠠᠳᠤ ᠬᠤᠪᠢᠶᠠᠵᠤ᠂ ᠳᠦᠷᠦᠯ ᠬᠤᠪᠢᠶᠠᠵᠤ᠂ ᠬᠤᠭᠤᠴᠠᠭ᠎ᠠ ᠬᠤᠪᠢᠶᠠᠵᠤ ᠪᠠᠶᠢᠭᠠᠳ ᠰᠠᠶᠢᠳᠣᠷ ᠬᠢᠬᠦ ᠬᠡᠷᠡᠭᠲᠡᠢ᠃ | ᠦᠪᠡᠷᠳᠡᠭᠡᠨ ᠵᠠᠰᠠᠬᠤ ᠣᠷᠣᠨ ᠠᠴᠠ ᠴᠢᠬᠤᠯᠠ ᠶᠡᠭᠡ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠳᠤ ᠰᠠᠷ᠎ᠠ ᠪᠦᠷᠢ | ᠨᠢᠭᠡ ᠣᠳᠠᠭ᠎ᠠ ᠳᠣᠬᠢᠷᠠᠭᠤᠯᠤᠯᠳᠠ ᠬᠢᠵᠤ᠂ ᠭᠤᠷᠪᠠᠨ ᠱᠠᠳᠤᠨ ᠤ ᠴᠢᠬᠤᠯᠠ ᠶᠡᠭᠡ ᠲᠦᠷᠦᠯ ᠵᠦᠢᠯ ᠤᠨ ᠠᠬᠢᠴᠠ ᠶᠢᠨ | ᠪᠠᠶᠢᠳᠠᠯ ᠢ ᠤᠯᠠᠷᠢᠯ ᠪᠦᠷᠢ ᠳᠤ ᠨᠢᠭᠡ ᠣᠳᠠᠭ᠎ᠠ ᠮᠡᠳᠡᠭᠳᠡᠵᠦ᠂ ᠳᠦᠷᠦᠯ ᠵᠦᠢᠯ ᠢ ᠠᠬᠢᠭᠤᠯᠬᠤ ᠶᠠᠪᠣᠴᠠ ᠶᠢᠨ ᠳᠣᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠣᠳᠣᠯᠣᠨ ᠰᠢᠢᠳᠪᠦᠷᠢᠯᠡᠬᠦ ᠬᠡᠷᠡᠭᠲᠡᠢ᠃ | ᠭᠤᠷᠪᠠ᠂ ᠬᠦᠳᠡᠯᠦᠩᠭᠦᠢ ᠪᠠᠶᠢᠳᠠᠯ ᠢ ᠲᠣᠬᠢᠷᠠᠭᠤᠯᠬᠤ ᠲᠣᠭᠳᠠᠴᠠ ᠶᠢ ᠪᠠᠶᠢᠭᠤᠯᠬᠤ ᠬᠡᠷᠡᠭᠲᠡᠢ | ᠨᠢᠭᠡ ᠪᠦᠯᠦᠭ ᠪᠠᠷᠢᠯᠭ᠎ᠠ ᠲᠠᠭᠤᠰᠪᠠᠯ᠂ ᠨᠢᠭᠡ ᠪᠦᠯᠦᠭ ᠪᠠᠷᠢᠯᠭ᠎ᠠ ᠶᠢ ᠡᠬᠢᠯᠡᠬᠦᠯᠬᠦ᠂ ᠨᠢᠭᠡ ᠪᠦᠯᠦᠭ ᠢ | ᠨᠦᠭᠡᠴᠡᠯᠡᠪᠡᠯ᠂ ᠨᠢᠭᠡ ᠪᠦᠯᠦᠭ ᠢ ᠳᠦᠰᠦᠪᠯᠡᠬᠦ ᠱᠠᠭᠠᠷᠳᠠᠯᠭ᠎ᠠ ᠶᠣᠰᠤᠭᠠᠷ᠂ ᠦᠪᠡᠷᠳᠡᠭᠡᠨ ᠵᠠᠰᠠᠬᠤ ᠣᠷᠤᠨ ᠤ | ᠠᠷᠠᠳ ᠤᠨ ᠵᠠᠰᠠᠭ ᠤᠨ ᠣᠷᠳᠤᠨ ᠠᠴᠠ ᠴᠢᠬᠤᠯᠠ ᠶᠡᠭᠡ ᠲᠦᠷᠦᠯ ᠵᠦᠢᠯ ᠤᠨ ᠭᠤᠷᠪᠠᠨ ᠱᠠᠳᠤᠨ ᠤ ᠠᠬᠢᠭᠤᠯᠬᠤ | ᠲᠦᠯᠦᠪᠯᠡᠭᠡ ᠳᠤ ᠬᠦᠳᠡᠯᠦᠩᠭᠦᠢ ᠬᠠᠮᠢᠶᠠᠷᠤᠯᠳᠠ ᠶᠢ ᠬᠡᠷᠡᠭᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠲᠣᠬᠢᠷᠠᠮᠵᠢᠲᠠᠢ ᠲᠣᠬᠢᠷᠠᠭᠤᠯᠤᠯᠳᠠ ᠬᠢᠵᠤ᠂ | ᠭᠤᠷᠪᠠᠨ ᠱᠠᠳᠤᠨ ᠤ ᠠᠬᠢᠭᠤᠯᠬᠤ ᠲᠦᠯᠦᠪᠯᠡᠭᠡ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠠᠶᠢᠮᠠᠭ ᠬᠤᠳᠠ᠂ ᠡᠯ᠎ᠡ | ᠬᠤᠰᠢᠭᠤ ᠰᠢᠶᠠᠨ ︵ᠬᠤᠳᠠ᠂ ᠲᠣᠭᠤᠷᠢᠭ︶ ᠨᠤᠭᠤᠳ ᠦᠪᠡᠷᠳᠡᠭᠡᠨ ᠵᠠᠰᠠᠬᠤ ᠣᠷᠤᠨ ᠤ ᠭᠤᠷᠪᠠᠨ ᠱᠠᠳᠤᠨ ᠤ | ᠠᠬᠢᠭᠤᠯᠬᠤ ᠲᠦᠯᠦᠪᠯᠡᠭᠡ ᠶᠢᠨ ᠳᠦᠷᠦᠯ ᠵᠦᠢᠯ ᠢᠶᠠᠷ ᠰᠠᠭᠤᠷᠢ ᠪᠣᠯᠭᠠᠵᠤ᠂ ᠲᠣᠰ ᠱᠠᠳᠤᠨ ᠤ ᠳᠦᠷᠦᠯ ᠵᠦᠢᠯ ᠤᠨ | ᠨᠦᠭᠡᠴᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠳᠦᠷᠪᠠ᠂ ᠰᠢᠮᠳᠠᠭᠤᠯᠤᠨ ᠪᠠᠶᠢᠴᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠨᠤᠭᠤᠳ ᠳᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢᠨ ᠠᠬᠢᠴᠠ ᠶᠢ ᠦᠨᠳᠦᠰᠦᠯᠡᠨ᠂ ᠱᠠᠳᠤ ᠦᠶ᠎ᠡ ᠶᠢᠨ ᠴᠢᠨᠠᠷᠲᠠᠢ ᠬᠠᠷᠠᠯᠲᠠ ᠪᠠᠨ ᠪᠡᠶᠡᠯᠡᠭᠦᠯᠦᠭᠰᠡᠨ | ᠪᠠᠶᠢᠳᠠᠯ ᠳᠤ ᠲᠣᠭᠳᠠᠮᠠᠯ ᠬᠤᠭᠤᠴᠠᠭ᠎ᠠ ᠲᠠᠢ ᠪᠠᠷ ᠦᠪᠡᠷᠳᠡᠭᠡᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ | ᠦᠷᠨᠢᠭᠦᠯᠵᠤ᠂ ᠳᠦᠷᠦᠯ ᠵᠦᠢᠯ ᠢ ᠵᠦᠪᠰᠢᠶᠡᠷᠡᠬᠦ᠂ ᠠᠵᠢᠯ ᠡᠬᠢᠯᠡᠭᠦᠯᠵᠤ ᠰᠡᠷᠭᠦᠭᠡᠬᠦ᠂ ᠪᠡᠯᠡ ᠣᠷᠣᠭᠤᠯᠤᠭᠰᠠᠨ | ᠠᠬᠢᠴᠠ ᠵᠡᠷᠭᠡ ᠶᠢᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠳᠠ ᠬᠢᠵᠤ᠂ ᠰᠢᠮᠳᠠᠭᠤᠯᠤᠨ ᠪᠠᠶᠢᠴᠠᠭᠠᠬᠤ ᠳᠣᠮᠳᠠ | ᠣᠯᠵᠤ ᠮᠡᠳᠡᠭᠰᠡᠨ ᠲᠣᠪᠤᠶᠢᠮ᠎ᠠ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠢ᠃ ᠡᠯ᠎ᠡ ᠭᠤᠣᠯ | ᠪᠤᠯᠬᠤ ᠰᠣᠨᠢᠨ ᠮᠡᠳᠡᠭᠡᠨ ᠤ ᠵᠠᠭᠤᠴᠢᠯᠠᠭᠤᠷ ᠤᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠤᠬᠠᠭᠤᠯᠵᠤ | ᠮᠡᠳᠡᠭᠡᠯᠡᠬᠦ ᠠᠵᠢᠯ ᠢ ᠴᠠᠭ ᠳᠣᠬᠠᠢ ᠳᠤᠨᠢ ᠰᠠᠶᠢᠳᠣᠷ ᠬᠢᠵᠤ᠂ ᠴᠢᠬᠤᠯᠠ ᠶᠡᠭᠡ ᠳᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠳᠤ ᠰᠠᠶᠢᠨ ᠰᠠᠶᠢᠬᠠᠨ ᠶᠡᠷᠢᠶ᠎ᠠ ᠬᠡᠯᠡᠯᠴᠡᠭᠡᠨ ᠤ ᠣᠷᠴᠢᠨ ᠨᠦᠬᠦᠴᠡᠯ ᠢ ᠡᠭᠦᠳᠬᠦ ᠬᠡᠷᠡᠭᠲᠡᠢ᠃ | | |