ᠡᠨᠡ ᠵᠢᠯ ᠤᠨ 1-8 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠳᠤ | ᠬᠡᠷᠡᠭᠯᠡᠭᠰᠡᠨ ᠡᠳ᠋ ᠤᠨ ᠵᠠᠰᠠᠭ ᠤᠨ ᠵᠠᠷᠤᠯᠭ᠎ᠠ 500 ᠳ᠋ᠦᠩᠰᠢᠭᠤᠷ ᠲᠥᠭᠦᠷᠢᠭ ᠲᠤ ᠬᠦᠷᠴᠦ᠂ ᠵᠠᠷᠤᠯᠭ᠎ᠠ ᠶᠢᠨ | ᠠᠬᠢᠴᠠ ᠨᠢ 60.9% ᠪᠠᠶᠢᠵᠤ᠂ ᠪᠦᠬᠦ ᠣᠷᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠳᠤᠮᠳᠠᠴᠢ ᠠᠬᠢᠴᠠ ᠠᠴᠠ | 3.6 ᠵᠠᠭᠤᠨ ᠤ ᠬᠤᠪᠢ ᠪᠠᠷ ᠳᠡᠭᠡᠭᠰᠢᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 14.4% ᠪᠠᠷ | ᠨᠡᠮᠡᠭᠳᠡᠵᠡᠢ᠃ ᠡᠨᠡ ᠵᠢᠯ ᠠᠴᠠ ᠨᠠᠰᠢ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠳᠤᠲᠠᠭᠤᠳᠠᠯ ᠢ ᠨᠥᠬᠦᠵᠦ | ᠭᠦᠢᠴᠡᠭᠡᠬᠦ ᠶᠢᠨ ᠲᠤᠰᠠᠲᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠰᠲ᠋ᠧᠮ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠠᠷᠠᠯᠲᠠ ᠪᠠᠨ ᠪᠣᠯᠭᠠᠵᠤ᠂ ᠨᠡᠶᠢᠭᠡᠮ ᠤᠨ ᠪᠠᠲᠤᠯᠠᠭ᠎ᠠ ᠶᠢᠨ ᠪᠡᠯᠡ | ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠠᠰᠤᠷᠠᠯᠲᠠ ᠦᠭᠡᠶ ᠲᠥᠷᠭᠡᠳᠬᠡᠪᠡ᠃ 1-8 ᠳ᠋ᠤᠭᠠᠷ ᠰᠠᠷ᠎ᠠ ᠪᠣᠯᠲᠠᠯ᠎ᠠ᠂ | ᠪᠦᠬᠦ ᠣᠷᠣᠨ ᠤ ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ ᠪᠣᠯᠤᠨ ᠠᠵᠢᠯ ᠣᠯᠭᠤᠬᠤ ᠲᠠᠯ᠎ᠠ ᠪᠠᠷ ᠬᠢ ᠪᠡᠯᠡ | ᠮᠥᠩᠭᠦ ᠶᠢᠨ ᠵᠠᠷᠤᠯᠭ᠎ᠠ ᠶᠢᠨ ᠠᠬᠢᠴᠠ 63.4% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 16.1% ᠪᠠᠷ ᠨᠡᠮᠡᠭᠳᠡᠵᠡᠢ︔ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ | ᠲᠠᠯ᠎ᠠ ᠪᠠᠷ ᠬᠢ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠨᠢ 55.2% ᠪᠠᠶᠢᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 10.1% ᠪᠠᠷ ᠨᠡᠮᠡᠭᠳᠡᠵᠡᠢ᠃ |