ᠥᠪᠥᠷ ᠮᠣᠩᠭᠤᠯ ᠤᠨ ᠠᠭᠠᠷ ᠤᠨ ᠳᠤᠯᠠᠭᠠᠨ ᠪᠠᠭ᠋ᠠᠨ ᠳᠣᠣᠷ᠎ᠠ ᠪᠠᠶᠢᠵᠤ  ᠢᠷᠡᠬᠦ ᠭᠤᠷᠪᠠᠨ ᠡᠳᠦᠷ ᠬᠢᠷᠠᠭᠤ ᠤᠨᠠᠵᠤ ᠬᠥᠯᠳᠡᠨ᠎ᠡ
ᠨᠡᠶᠢᠲᠡᠯᠡᠭᠰᠡᠨ ᠴᠠᠭ᠄
2015/10/15
     10 ᠳ᠋ᠤᠭᠠᠷ ᠰᠠᠷ᠎ᠠ ᠠᠴᠠ ᠨᠠᠰᠢ᠂ ᠥᠪᠥᠷ ᠮᠣᠩᠭᠤᠯ ᠤᠨ ᠶᠡᠬᠡᠩᠬᠢ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠪᠠᠭ᠋ᠠᠨ ᠳᠣᠣᠷ᠎ᠠ ᠪᠠᠶᠢᠵᠤ᠂ ᠣᠳᠣᠬᠠᠨ ᠳᠤ ᠵᠡᠭᠦᠨ ᠬᠡᠰᠡᠭ ᠤᠨ ᠵᠠᠷᠢᠮ ᠭᠠᠵᠠᠷ ᠤᠳ ᠡᠪᠦᠯ ᠤᠨ ᠤᠯᠠᠷᠢᠯ ᠳᠤ ᠣᠷᠣᠵᠣ᠂ ᠡᠩ ᠤᠨ ᠵᠢᠯ ᠤᠨ ᠬᠢ ᠠᠴᠠ 5-10 ᠡᠳᠦᠷ ᠡᠷᠲᠡ ᠣᠷᠣᠪᠠ᠃ ᠵᠢᠱᠢᠭᠰᠡᠨ ᠢᠶᠠᠷ ᠢᠷᠡᠬᠦ ᠭᠤᠷᠪᠠᠨ ᠡᠳᠦᠷ ᠲᠤ᠂ ᠪᠦᠬᠦ ᠣᠷᠣᠨ ᠤ ᠶᠡᠬᠡᠩᠬᠢ ᠭᠠᠵᠠᠷ ᠲᠤ ᠴᠠᠭ ᠠᠭᠤᠷ ᠲᠤᠩᠭᠠᠯᠠᠭ ᠰᠠᠶᠢᠬᠠᠨ ᠪᠠᠶᠢᠵᠤ᠂ ᠳᠤᠮᠳᠠ ᠪᠠ ᠵᠡᠭᠦᠨ ᠬᠡᠰᠡᠭ ᠤᠨ ᠵᠠᠷᠢᠮ ᠭᠠᠵᠠᠷ ᠤᠳ ᠢᠶᠠᠷ ᠪᠣᠷᠣᠭᠠᠨ ᠴᠠᠰᠤ ᠣᠷᠣᠬᠤ ᠪᠠ ᠬᠢᠷᠠᠭᠤ ᠤᠨᠠᠵᠤ ᠬᠥᠯᠳᠡᠬᠦ ᠴᠠᠭ ᠠᠭᠤᠷ ᠭᠠᠷᠤᠨ᠎ᠠ᠃ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠮᠠᠲ᠋ᠧᠷᠢᠶᠠᠯ ᠠᠴᠠ ᠦᠵᠡᠪᠡᠯ᠂ 2015 ᠣᠨ ᠤ 10 ᠳ᠋ᠤᠭᠠᠷ ᠰᠠᠷ᠎ᠠ ᠶᠢᠨ ᠰᠢᠨᠡᠳ ᠲᠤ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠬᠢ ᠲᠠᠢ ᠣᠶᠢᠷᠠᠯᠴᠠᠭ᠎ᠠ ᠪᠤᠶᠤ ᠪᠠᠭ᠋ᠠᠨ ᠳᠣᠣᠷ᠎ᠠ ᠪᠠᠶᠢᠵᠤ᠂ ᠳᠤᠮᠳᠠᠴᠢ ᠠᠭᠠᠷ ᠤᠨ ᠳᠤᠯᠠᠭᠠᠨ ᠨᠢ 9.0℃᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 0.3℃ ᠳᠣᠣᠷ᠎ᠠ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.9 ℃ ᠳᠣᠣᠷ᠎ᠠ ᠪᠠᠶᠢᠵᠤ᠂ ᠢᠯᠠᠩᠭᠤᠶ᠎ᠠ ᠪᠠᠷᠠᠭᠤᠨ ᠬᠡᠰᠡᠭ ᠤᠨ ᠶᠡᠬᠡᠩᠬᠢ ᠬᠡᠰᠡᠭ ᠭᠠᠵᠠᠷ ᠣᠷᠣᠨ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 1 ~ 2.7 ℃ ᠳᠣᠣᠷ᠎ᠠ ᠪᠠᠶᠢᠬᠤ ᠪᠣᠯᠣᠨ᠎ᠠ᠃ ᠲᠡᠷᠡᠴᠢᠯᠡᠨ 10 ᠳ᠋ᠤᠭᠠᠷ ᠰᠠᠷ᠎ᠠ ᠠᠴᠠ ᠨᠠᠰᠢ᠂ ᠪᠦᠬᠦ ᠣᠷᠣᠨ ᠳᠤ 2 ᠤᠳᠠᠭ᠎ᠠ ᠬᠦᠢᠲᠡᠨ ᠠᠭᠤᠷ ᠠᠮᠢᠰᠬᠤᠯ ᠤᠨ ᠶᠠᠪᠤᠴᠠ ᠭᠠᠷᠴᠤ᠂ ᠥᠩᠭᠡᠷᠡᠭᠰᠡᠨ ᠤ ᠠᠳᠠᠯᠢ ᠬᠤᠭᠤᠴᠠᠭ᠎ᠠ ᠪᠣᠯᠣᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠴᠥᠮ 1 ᠤᠳᠠᠭ᠎ᠠ ᠢᠯᠡᠭᠦᠦ ᠪᠠᠶᠢᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠡᠷᠲᠡ ᠠᠴᠠ ᠡᠪᠦᠯ ᠤᠨ ᠬᠥᠰᠢᠭᠡ ᠪᠠᠨ ᠰᠡᠬᠦᠪᠡ᠃ 10 ᠳ᠋ᠤᠭᠠᠷ ᠰᠠᠷ᠎ᠠ ᠶᠢᠨ 10᠎ ᠤ ᠡᠳᠦᠷ ᠪᠣᠯᠲᠠᠯ᠎ᠠ᠂ ᠬᠥᠯᠥᠨ ᠪᠤᠶᠢᠷ  ᠬᠤᠲᠠ ᠶᠢᠨ ᠳᠤᠮᠳᠠ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ ᠤᠨ ᠳᠣᠮᠳᠠ ᠬᠡᠰᠡᠭ ᠪᠣᠯᠣᠨ ᠬᠢᠩᠭᠠᠨ ᠠᠶᠢᠮᠠᠭ ᠤᠨ ᠷᠠᠰᠢᠶᠠᠨ ᠬᠤᠲᠠ ᠵᠡᠷᠭᠡ ᠭᠠᠵᠠᠷ ᠤᠨ ᠨᠡᠶᠢᠲᠡ 15 ᠴᠠᠭ ᠠᠭᠤᠷ ᠤᠨ ᠥᠷᠲᠡᠭᠡ ᠨᠢᠭᠡᠨᠲᠡ ᠡᠪᠦᠯ ᠤᠨ ᠤᠯᠠᠷᠢᠯ ᠳᠤ ᠣᠷᠣᠵᠣ᠂ 4 ᠥᠷᠲᠡᠭᠡ ᠶᠢᠨ ᠡᠪᠦᠯ ᠳᠤ ᠣᠷᠣᠭᠰᠠᠨ ᠬᠤᠭᠤᠴᠠᠭ᠎ᠠ ᠨᠢ ᠥᠩᠭᠡᠷᠡᠭᠰᠡᠨ ᠵᠢᠯ ᠤᠨ ᠬᠢ ᠲᠠᠢ ᠠᠳᠠᠯᠢ ᠪᠠᠶᠢᠬᠤ ᠶᠢ ᠭᠠᠷᠭᠠᠪᠠᠯ᠂ ᠪᠤᠰᠤᠳ ᠥᠷᠲᠡᠭᠡ ᠎ ᠨᠦᠭᠦᠳ ᠤᠨ ᠬᠢ ᠴᠥᠮ 5-10 ᠡᠳᠦᠷ ᠡᠷᠲᠡ ᠪᠣᠯᠪᠠ᠃      ᠡᠭᠦᠨ ᠠᠴᠠ ᠭᠠᠳᠠᠨ᠎ᠠ ᠥᠪᠥᠷ ᠮᠣᠩᠭᠤᠯ ᠤᠨ ᠴᠠᠭ ᠠᠭᠤᠷ ᠤᠨ ᠬᠤᠷᠢᠶ᠎ᠠ ᠶᠢᠨ ᠵᠢᠱᠢᠯᠲᠡ ᠪᠠᠷ᠂ ᠢᠷᠡᠬᠦ ᠭᠤᠷᠪᠠᠨ ᠡᠳᠦᠷ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠴᠡᠯᠮᠡᠭ ᠪᠣᠶᠤ ᠡᠭᠦᠯᠡᠷᠬᠡᠭ ᠴᠠᠭ ᠠᠭᠤᠷ ᠢᠶᠠᠷ ᠭᠤᠣᠯᠯᠠᠵᠤ᠂ ᠠᠭᠠᠷ ᠤᠨ ᠳᠤᠯᠠᠭᠠᠨ ᠳᠡᠭᠡᠭᠰᠢᠯᠡᠨ᠂ ᠣᠷᠳᠣᠰ ᠬᠤᠲᠠ ᠶᠢᠨ ᠵᠡᠭᠦᠨ ᠬᠤᠶᠢᠲᠤ ᠬᠡᠰᠡᠭ᠂ ᠬᠥᠬᠡᠬᠤᠲᠠ ᠶᠢᠨ ᠡᠮᠦᠨᠡᠲᠦ ᠬᠡᠰᠡᠭ ᠲᠤ ᠵᠢᠷᠤᠪᠰᠡᠬᠡᠨ ᠪᠠᠭ᠎ᠠ ᠪᠣᠷᠣᠭᠠᠨ ᠲᠠᠢ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠬᠦᠯᠦᠨ ᠪᠣᠶᠢᠷ ᠬᠤᠲᠠ ᠶᠢᠨ ᠶᠡᠬᠡᠩᠬᠢ ᠬᠡᠰᠡᠭ ᠭᠠᠵᠠᠷ ᠲᠤ ᠴᠠᠰᠤ ᠪᠣᠷᠣᠭᠠᠨ ᠬᠤᠯᠢᠯᠳᠤᠨ ᠣᠷᠣᠬᠤ ᠪᠣᠶᠤ ᠴᠠᠰᠤ ᠣᠷᠣᠵᠣ᠂ ᠳᠤᠮᠳᠠ ᠬᠡᠰᠡᠭ ᠠᠴᠠ ᠡᠮᠦᠨᠡᠰᠢᠬᠢ᠂ ᠵᠡᠭᠦᠨ ᠬᠤᠶᠢᠲᠤ ᠬᠡᠰᠡᠭ ᠤᠨ ᠭᠠᠵᠠᠷ ᠣᠷᠣᠨ ᠳᠤ ᠬᠢᠷᠠᠭᠤ ᠤᠨᠠᠵᠤ ᠬᠥᠯᠳᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号