ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠶᠢᠨ ᠪᠣᠷᠣᠯᠠᠭᠤᠯᠤᠯᠲᠠ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠵᠤ  ᠠᠰᠠᠷ ᠲᠠᠭᠲᠤ ᠶᠢᠨ ᠵᠠᠬ᠎ᠠ ᠳᠡᠯᠭᠡᠭᠦᠷ ᠥᠭᠡᠳᠡᠯᠡᠬᠦ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2015/10/15
     ᠡᠨᠡ ᠵᠢᠯ ᠤᠨ ᠲᠦᠷᠦᠭᠦᠦ 8 ᠰᠠᠷ᠎ᠠ ᠳᠤ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ᠂ ᠪᠣᠷᠣᠯᠠᠭᠤᠯᠬᠤ ᠲᠤᠭ᠎ᠠ ᠨᠢ ᠴᠥᠮ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠵᠤ᠂  ᠲᠠᠸᠠᠷ ᠤᠨ ᠲᠠᠭᠲᠤ ᠶᠢᠨ ᠵᠠᠬ᠎ᠠ ᠳᠡᠯᠭᠡᠭᠦᠷ ᠵᠣᠬᠢᠬᠤ ᠥᠭᠡᠳᠡᠯᠡᠬᠦ ᠬᠠᠨᠳᠤᠰᠢ ᠲᠠᠢ ᠪᠣᠯᠪᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 866.31 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5%᠎ ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠲᠤᠭ᠎ᠠ 401.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. 9%᠎ ᠪᠠᠷ ᠨᠡᠮᠡᠭᠳᠡᠵᠦ᠂ ᠴᠥᠮ ᠳᠡᠭᠡᠷ᠎ᠡ ᠬᠠᠭᠠᠰ ᠵᠢᠯ᠂ 1 ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ ᠪᠠᠶᠢᠭᠰᠠᠨ ᠠᠴᠠ ᠪᠠᠨ ︽ᠬᠤᠣᠰ ᠨᠡᠮᠡᠭᠳᠡᠬᠦ︾ ᠪᠣᠯᠪᠠ᠃ ᠡᠭᠦᠨ ᠠᠴᠠ ᠭᠠᠳᠠᠨ᠎ᠠ᠂ ᠠᠳᠠᠯᠢ ᠬᠤᠭᠤᠴᠠᠭᠠᠨ ᠤ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠨᠢ ᠪᠠᠭᠤᠷᠠᠬᠤ ᠬᠠᠨᠳᠤᠰᠢ ᠲᠠᠢ ᠪᠣᠯᠵᠤ᠂ ᠪᠦᠬᠦ ᠣᠷᠣᠨ ᠤ ᠭᠡᠷ ᠭᠠᠵᠠᠷ ᠬᠥᠷᠥᠩᠭᠡ ᠶᠢᠨ ᠨᠡᠭᠡᠭᠡᠯᠲᠡ 690.58 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18%᠎ ᠪᠠᠷ ᠪᠠᠭᠤᠷᠠᠪᠠ᠃ ᠡᠨᠡ ᠵᠢᠯ ᠤᠨ ᠲᠦᠷᠦᠭᠦᠦ 7 ᠰᠠᠷ᠎ᠠ ᠳᠤ᠂ ᠥᠪᠥᠷ ᠮᠣᠩᠭᠤᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠨᠢ 695.36 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0 %᠎ ᠢᠶᠠᠷ ᠪᠠᠭᠤᠷᠠᠪᠠ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ  ᠲᠤᠭ᠎ᠠ ᠨᠢ 316.65 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3%᠎ ᠪᠠᠷ ᠪᠠᠭᠤᠷᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号