ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠺᠣᠮᠢᠰ ᠢᠶᠠᠷ ᠲᠤᠭᠲᠠᠭᠠᠯᠭᠠᠭᠠᠳ᠂ | 2016 ᠣᠨ ᠠᠴᠠ ᠡᠬᠢᠯᠡᠨ᠂ ᠵᠢᠯ ᠪᠦᠷᠢ ᠶᠢᠨ ᠳᠡᠭᠡᠳᠦ ᠰᠤᠷᠭᠠᠭᠤᠯᠢ ᠳᠤ ᠰᠢᠯᠭᠠᠬᠤ ᠬᠤᠭᠤᠴᠠᠭᠠᠨ ᠳᠤ ᠵᠣᠬᠢᠶᠠᠨ | ᠪᠠᠶᠢᠭᠤᠯᠳᠠᠭ ︽ᠦᠨᠳᠦᠰᠦᠲᠡᠨ ᠤ ᠰᠤᠷᠤᠭᠴᠢ ᠶᠢᠨ ᠭᠤᠷᠪᠠᠳᠤᠭᠠᠷ ᠳᠡᠰ ᠤᠨ ᠬᠢᠲᠠᠳ ᠬᠡᠯᠡᠨ ᠤ ᠰᠢᠯᠭᠠᠯᠲᠠ︾ ᠳᠤ | ᠲᠤᠬᠢᠷᠠᠭᠤᠯᠤᠯᠲᠠ ᠬᠢᠵᠤ᠂ ᠡᠩ ᠤᠨ ᠳᠡᠭᠡᠲᠦ ᠳᠤᠮᠳᠠ ᠵᠡᠷᠭᠡ ᠶᠢᠨ ᠰᠤᠷᠭᠠᠭᠤᠯᠢ ᠨᠤᠭᠤᠳ ᠤᠨ ᠰᠤᠷᠤᠯᠭ᠎ᠠ ᠶᠢᠨ | ᠬᠢᠷᠢ ᠬᠡᠮᠵᠢᠶᠡᠨ ᠤ ᠰᠢᠯᠭᠠᠯᠲᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠬᠤ ᠪᠤᠯᠭᠠᠪᠠ᠃ ᠤᠤᠯ ᠤᠨ | ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠬᠤ ᠬᠢᠴᠢᠶᠡᠯ ᠲᠥᠷᠥᠯ ᠢ ᠴᠤ ᠵᠤᠬᠢᠴᠠᠭᠤᠯᠤᠨ ᠲᠤᠬᠢᠷᠠᠭᠤᠯᠪᠠ᠃ ︽ | ᠦᠨᠳᠦᠰᠦᠲᠡᠨ ᠤ ᠰᠤᠷᠤᠭᠴᠢ ᠶᠢᠨ ᠭᠤᠷᠪᠠᠳᠤᠭᠠᠷ ᠳᠡᠰ ᠤᠨ ᠬᠢᠲᠠᠳ ᠬᠡᠯᠡᠨ ᠤ ᠰᠢᠯᠭᠠᠯᠲᠠ︾ ᠳᠤ ᠨᠡᠷ᠎ᠡ | ᠮᠡᠳᠡᠭᠦᠯᠦᠭᠰᠡᠳ ᠨᠢ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠰᠢᠯᠭᠠᠯᠲᠠ ᠳᠤ ᠨᠡᠷ᠎ᠡ ᠮᠡᠳᠡᠭᠦᠯᠦᠭᠰᠡᠨ ᠮᠣᠩᠭᠤᠯ ᠬᠡᠯᠡ ᠪᠠᠷ ᠬᠢᠴᠢᠶᠡᠯᠯᠡᠭᠰᠡᠨ ᠪᠠ ᠰᠣᠯᠣᠩᠭᠤᠰ ᠬᠡᠯᠡ ᠪᠠᠷ | ᠬᠢᠴᠢᠶᠡᠯᠯᠡᠭᠰᠡᠨ ᠰᠢᠯᠭᠠᠭᠤᠯᠤᠭᠰᠠᠳ ᠪᠤᠯᠬᠤ ᠶᠤᠰᠤᠲᠠᠢ᠃ ᠡᠬᠦᠨ ᠤ ᠬᠠᠮᠲᠤ᠂ ︽ᠦᠨᠳᠦᠰᠦᠲᠡᠨ ᠤ ᠰᠤᠷᠤᠭᠴᠢ ᠶᠢᠨ | ᠭᠤᠷᠪᠠᠳᠤᠭᠠᠷ ᠳᠡᠰ ᠤᠨ ᠬᠢᠲᠠᠳ ᠬᠡᠯᠡᠨ ᠤ ᠰᠢᠯᠭᠠᠯᠲᠠ︾ ᠶᠢᠨ ᠬᠢᠷᠢ ᠪᠦᠲᠦᠮᠵᠢ ᠨᠢ ᠰᠢᠯᠭᠠᠭᠤᠯᠤᠭᠰᠠᠳ ᠤᠨ | ᠳᠡᠭᠡᠳᠦ ᠰᠤᠷᠭᠠᠭᠤᠯᠢ ᠳᠤ ᠰᠢᠯᠭᠠᠭᠤᠯᠬᠤ ᠬᠢᠷᠢ ᠪᠦᠲᠦᠮᠵᠢ ᠶᠢᠨ ᠵᠤᠬᠢᠬᠤ ᠪᠦᠷᠢᠯᠳᠦᠬᠦᠨ ᠬᠡᠰᠡᠭ ᠪᠣᠯᠤᠭᠰᠠᠨ ᠤ | ᠬᠤᠪᠢ ᠳᠤ᠂ ᠬᠤᠪᠢ ᠪᠤᠳᠤᠬᠤ ᠠᠷᠭ᠎ᠠ ᠶᠢ ᠮᠦᠨᠬᠦ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ | ᠰᠤᠷᠭᠠᠭᠤᠯᠢ ᠳᠤ ᠡᠯᠰᠡᠬᠦ ᠤᠤᠯ ᠤᠨ ᠲᠣᠭᠲᠠᠭᠠᠯ ᠶᠤᠰᠤᠭᠠᠷ ᠬᠡᠷᠡᠭᠵᠢᠭᠦᠯᠦᠨ᠎ᠡ᠃ 1 ᠳ᠋ᠤᠭᠡᠷ ᠰᠠᠷ᠎ᠠ ᠶᠢᠨ 11 ᠤ | ᠡᠳᠦᠷ ᠤᠨ ᠦᠳᠡ ᠶᠢᠨ ᠡᠮᠦᠨᠡᠬᠢ 9᠄ 00 — 11᠄ 10 ᠪᠤᠯᠲᠠᠯ᠎ᠠ ︽ᠦᠨᠳᠦᠰᠦᠲᠡᠨ ᠤ ᠰᠤᠷᠤᠭᠴᠢ ᠶᠢᠨ | ᠭᠤᠷᠪᠠᠳᠤᠭᠠᠷ ᠳᠡᠰ ᠤᠨ ᠬᠢᠲᠠᠳ ᠬᠡᠯᠡᠨ ᠤ ᠰᠢᠯᠭᠠᠯᠲᠠ︾ ᠬᠢᠨ᠎ᠡ᠂ ᠡᠭᠦᠨ ᠠᠴᠠ ᠭᠠᠳᠠᠨ᠎ᠠ᠂ ᠡᠨᠡ ᠤᠳᠠᠭᠠᠨ ᠤ | ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠨᠡᠷ᠎ᠡ ᠮᠡᠳᠡᠭᠦᠯᠵᠤ ᠰᠢᠯᠭᠠᠯᠲᠠ ᠶᠢᠨ ᠬᠢᠴᠢᠶᠡᠯ ᠲᠦᠷᠦᠯ ᠢ | ᠰᠣᠩᠭᠤᠬᠤ ᠳᠤ᠂ ᠰᠢᠯᠭᠠᠭᠤᠯᠤᠭᠰᠠᠳ ᠰᠤᠩᠭᠤᠬᠤ ᠴᠢᠬᠤᠯᠠ ᠦᠭᠡᠢ᠂ ᠲᠤᠰ ᠬᠢᠴᠢᠶᠡᠯ ᠲᠦᠷᠦᠯ ᠢ 2016 | ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠤ ᠳᠠᠷᠠᠭ᠎ᠠ ᠰᠢᠯᠭᠠᠯᠲᠠ ᠶᠢᠨ | ᠲᠠᠯᠠᠪᠤᠷ ᠢ ᠲᠤᠬᠢᠷᠠᠭᠤᠯᠤᠨ᠎ᠠ᠃ |