10 ᠳ᠋ᠤᠭᠠᠷ ᠰᠠᠷ᠎ᠠ ᠶᠢᠨ ᠡᠬᠢ ᠪᠠᠷ᠂ ᠥᠪᠥᠷ ᠮᠣᠩᠭᠤᠯ ᠤᠨ ᠭᠤᠤᠯ ᠪᠤᠯᠬᠤ ᠢᠳᠡᠭᠡᠨ ᠤ ᠦᠨ᠎ᠡ ᠪᠠᠭᠤᠷᠠᠵᠤ | ᠪᠠᠶᠢᠬᠤ ᠪᠠᠷ ᠭᠤᠤᠯ ᠪᠤᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠠᠮᠢᠳᠤᠷᠠᠯ ᠤᠨ ᠴᠢᠬᠤᠯᠠ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠰᠢᠰᠲ᠋ᠧᠮ ᠤᠨ ᠲᠤᠭ᠎ᠠ ᠪᠠᠷᠢᠮᠲᠠ ᠶᠢᠨ | ᠢᠯᠡᠷᠡᠭᠦᠯᠦᠭᠰᠡᠨ ᠢ ᠦᠨᠳᠦᠰᠦᠯᠡᠪᠡᠯ᠄ 10 ᠳ᠋ᠤᠭᠠᠷ ᠰᠠᠷ᠎ᠠ ᠶᠢᠨ ᠡᠬᠢ ᠪᠠᠷ᠂ ᠥᠪᠥᠷ ᠮᠣᠩᠭᠤᠯ ᠤᠨ ᠠᠮᠤ ᠪᠤᠳᠠᠭ᠎ᠠ᠂ | ᠢᠳᠡᠰᠢᠨ ᠲᠣᠰᠣ ᠶᠢᠨ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠬᠤ ᠦᠨ᠎ᠡ ᠲᠤᠰ ᠲᠤᠰ 5.7 ᠲᠥᠭᠦᠷᠢᠭ / | ᠺᠢᠯᠣᠭ᠍ᠷᠠᠮ᠂ 16.2 ᠲᠥᠭᠦᠷᠢᠭ / ᠺᠢᠯᠣᠭ᠍ᠷᠠᠮ ᠳᠤ ᠪᠠᠶᠢᠭᠰᠠᠭᠠᠷ ᠪᠠᠶᠢᠪᠠ︔ ᠮᠢᠬᠠᠨ ᠤ ᠵᠢᠵᠢᠭᠯᠡᠨ ᠬᠤᠳᠠᠯᠳᠤᠬᠤ | ᠦᠨ᠎ᠡ ᠳᠡᠭᠡᠷ᠎ᠡ ᠰᠠᠷ᠎ᠠ ᠶᠢᠨ ᠬᠢ ᠠᠴᠠ 1.45% ᠪᠠᠷ ᠦᠰᠪᠡ︔ ᠵᠤᠮᠠᠯᠤᠭᠰᠠᠨ ᠲᠠᠬᠢᠶ᠎ᠠ ᠶᠢᠨ ᠵᠢᠵᠢᠭᠯᠡᠨ | ᠬᠤᠳᠠᠯᠳᠤᠬᠤ ᠦᠨ᠎ᠡ ᠳᠡᠭᠡᠷ᠎ᠡ ᠰᠠᠷ᠎ᠠ ᠶᠢᠨ ᠬᠢ ᠠᠴᠠ 1.13% ᠪᠠᠷ ᠪᠠᠭᠤᠷᠠᠪᠠ︔ ᠲᠠᠬᠢᠶᠠᠨ ᠥᠨᠳᠡᠭᠡ ᠶᠢᠨ | ᠵᠢᠵᠢᠭᠯᠡᠨ ᠬᠤᠳᠠᠯᠳᠤᠬᠤ ᠦᠨ᠎ᠡ ᠳᠡᠭᠡᠷ᠎ᠡ ᠰᠠᠷ᠎ᠠ ᠶᠢᠨ ᠬᠢ ᠠᠴᠠ 2.86% ᠪᠠᠷ ᠪᠠᠭᠤᠷᠠᠪᠠ︔ ᠵᠢᠮᠢᠰ ᠤᠨ ᠵᠢᠵᠢᠭᠯᠡᠨ | ᠬᠤᠳᠠᠯᠳᠤᠬᠤ ᠦᠨ᠎ᠡ ᠶᠢᠨ ᠳᠡᠭᠡᠷ᠎ᠡ ᠰᠠᠷ᠎ᠠ ᠶᠢᠨ ᠬᠢ ᠠᠴᠠ 7.42% ᠢᠶᠠᠷ ᠪᠠᠭᠤᠷᠠᠪᠠ︔ ᠢᠳᠡᠰᠢᠨ ᠨᠣᠭᠤᠭ᠎ᠠ ᠶᠢᠨ | ᠵᠢᠵᠢᠭᠯᠡᠨ ᠬᠤᠳᠠᠯᠳᠤᠬᠤ ᠦᠨ᠎ᠡ ᠳᠡᠭᠡᠷ᠎ᠡ ᠰᠠᠷ᠎ᠠ ᠶᠢᠨ ᠬᠢ ᠠᠴᠠ 0.73% ᠪᠠᠷ ᠪᠠᠭᠤᠷᠠᠪᠠ︔ ᠳᠠᠪᠤᠰᠤ᠂ ᠰᠢᠬᠢᠷ᠂ | ᠴᠠᠭᠠᠨ ᠢᠳᠡᠭᠡᠨ ᠤ ᠦᠨ᠎ᠡ ᠬᠠᠩᠰᠢ ᠦᠨᠳᠦᠰᠦᠨ ᠳᠡᠭᠡᠨ ᠠᠳᠠᠯᠢ ᠪᠠᠶᠢᠨ᠎ᠠ᠃ ᠲᠠᠨᠢᠯᠴᠠᠭᠤᠯᠤᠭᠰᠠᠨ ᠢᠶᠠᠷ᠂ 10 | ᠳ᠋ᠤᠭᠠᠷ ᠰᠠᠷ᠎ᠠ ᠶᠢᠨ ᠡᠬᠢ ᠪᠠᠷ ᠤᠯᠤᠰ ᠤᠨ ᠪᠠᠶᠠᠷ ᠤᠨ ᠣᠷᠳᠣ ᠠᠮᠠᠷᠠᠯᠲᠠ ᠲᠤᠬᠢᠶᠠᠯᠳᠤᠭᠰᠠᠨ ᠪᠤᠯᠬᠤᠷ᠂ ᠥᠪᠥᠷ | ᠮᠣᠩᠭᠤᠯ ᠤᠨ ᠲᠠᠸᠠᠷ ᠠᠷᠠᠯᠵᠢᠶᠠᠯᠠᠬᠤ ᠬᠡᠮᠵᠢᠶ᠎ᠡ ᠱᠠᠲᠤ ᠦᠶ᠎ᠡ ᠶᠢᠨ ᠴᠢᠨᠠᠷᠲᠠᠶ ᠳᠡᠭᠡᠭᠰᠢᠯᠡᠪᠡ᠂ ᠬᠡᠳᠦ᠋ᠢᠪᠡᠷ ᠪᠠᠶᠠᠷ ᠤᠨ | ᠡᠳᠦᠷ ᠪᠣᠯᠵᠤ ᠪᠣᠷᠣᠯᠠᠭᠤᠯᠭ᠎ᠠ ᠨᠡᠮᠡᠭᠳᠡᠭᠰᠡᠨ ᠪᠤᠯᠪᠠᠴᠤ ᠦᠨ᠎ᠡ ᠬᠠᠨᠭ᠍ᠰᠢ ᠨᠢ ᠥᠰᠦᠭᠰᠡᠨ ᠦᠭᠡᠶ᠂ ᠬᠠᠷᠢᠨ ᠦᠨ᠎ᠡ | ᠪᠠᠭᠤᠷᠠᠭᠰᠠᠨ ᠨᠢ ᠠᠷᠪᠢᠨ ᠦᠰᠦᠭᠰᠡᠨ ᠨᠢ ᠴᠦᠬᠡᠨ ᠪᠠᠶᠢᠪᠠ᠃ ᠵᠢᠱᠢᠯᠲᠡ ᠪᠠᠷ ᠳᠠᠷᠠᠭ᠎ᠠ ᠪᠠᠷ ᠳᠡᠭᠡᠷ᠎ᠡ | ᠳᠤᠷᠠᠳᠤᠭᠰᠠᠨ ᠲᠠᠸᠠᠷ ᠤᠨ ᠦᠨ᠎ᠡ ᠥᠰᠴᠦ ᠪᠠᠭᠤᠷᠠᠬᠤ ᠠᠳᠠᠯᠢ ᠪᠤᠰᠤ ᠪᠠᠶᠢᠳᠠᠯ ᠭᠠᠷᠬᠤ ᠪᠣᠯᠤᠨ᠎ᠠ᠃ |