ᠮᠠᠨ ᠤ ᠣᠷᠣᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠯᠠᠭᠠᠨᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/10/16
     10 ᠳ᠋ᠤᠭᠠᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ ᠮᠠᠨ ᠤ ᠣᠷᠣᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠯᠠᠭᠠᠨᠬᠤᠲᠠ ᠳᠤ ᠬᠤᠷᠠᠯᠳᠤᠪᠠ᠂ ᠲᠤᠰ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠤᠯᠪᠤᠭᠠᠯᠠᠨ ᠡᠷᠬᠢᠯᠡᠵᠡᠢ᠃ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠯᠢᠦ ᠶᠥᠩ ᡁᠢ᠂ ᠨᠤᠲᠤᠭ ᠪᠡᠯᠴᠢᠭᠡᠷ ᠬᠠᠮᠢᠶᠠᠷᠬᠤ ᠭᠠᠵᠠᠷ ᠤᠨ ᠳᠠᠷᠤᠭ᠎ᠠ ᠦ᠋ ᠪᠤᠤ ᠱᠠᠨ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠨᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠵᠡᠭᠦᠨ ᠭᠤᠷᠪᠠᠨ ᠠᠶᠢᠮᠠᠭ ᠤᠨ17 ᠲᠥᠷᠥᠯ ᠵᠦᠢᠯ ᠢ ᠳᠠᠭᠠᠭᠠᠨ ᠬᠢᠵᠦ ᠪᠠᠶᠢᠭ᠎ᠠ ᠬᠤᠰᠢᠭᠤ ᠰᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ ᠪᠠᠶᠢᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃ ᠲᠤᠰ ᠤᠳᠠᠭᠠᠨ ᠤ ᠬᠤᠷᠠᠯ ᠤᠨ ᠭᠤᠣᠯ ᠠᠭᠤᠯᠭ᠎ᠠ ᠭᠡᠪᠡᠯ 2014 ᠣᠨ ᠤ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠵᠦ᠂  2015 ᠣᠨ ᠤ ᠪᠦᠲᠦᠭᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠬᠡᠷᠬᠢᠨ ᠰᠠᠶᠢᠨ ᠬᠢᠬᠦ ᠶᠢ ᠰᠤᠳᠤᠯᠬᠤ ᠪᠣᠯᠣᠨ᠎ᠠ᠃ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ ᠠᠴᠠ 2014 ᠣᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠰᠠᠶᠢᠲᠤᠷ ᠬᠢᠵᠦ᠂ 2015 ᠣᠨ ᠤ ᠠᠵᠢᠯ ᠢᠶᠠᠨ ᠨᠠᠶᠢᠳᠠᠪᠤᠷᠢᠵᠢᠭᠤᠯᠬᠤ ᠶᠢ ᠲᠥᠯᠥᠪᠯᠡᠬᠦ ᠲᠣᠬᠠᠢ ᠴᠢᠬᠤᠯᠠ ᠶᠠᠷᠢᠶ᠎ᠠ ᠲᠠᠯᠪᠢᠪᠠ᠃ ᠡᠯ᠎ᠡ ᠠᠶᠢᠮᠠᠭ ᠬᠤᠲᠠ᠂ ᠲᠥᠷᠥᠯ ᠵᠦᠢᠯ ᠢ ᠳᠠᠭᠠᠭᠠᠨ ᠬᠢᠵᠦ ᠪᠠᠶᠢᠭ᠎ᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ  ᠬᠠᠮᠢᠶ᠎ᠠ ᠪᠦᠬᠦᠢ ᠤᠳᠤᠷᠢᠳᠤᠯᠭ᠎ᠠ ᠨᠠᠷ ᠲᠣᠬᠠᠢ ᠶᠢᠨ ᠭᠠᠵᠠᠷ ᠣᠷᠣᠨ ᠤ ᠪᠠᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠪᠣᠯᠣᠨ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠣᠬᠠᠢ ᠶᠠᠷᠢᠶ᠎ᠠ ᠲᠠᠯᠪᠢᠪᠠ᠃ ᠬᠠᠭᠠᠰ ᠡᠳᠦᠷ ᠤᠨ ᠪᠠᠴᠢᠮ ᠲᠤᠯᠭᠠᠭᠤ ᠬᠤᠷᠠᠯ ᠢᠶᠠᠷ ᠳᠠᠮᠵᠢᠭᠠᠳ᠂ ᠣᠯᠠᠨ ᠢᠶᠠᠷ ᠢᠶᠠᠨ ᠨᠢᠭᠡᠳᠦᠯᠲᠡᠢ ᠬᠠᠷᠠᠯᠲᠠ ᠪᠠᠨ ᠤᠯᠠᠮ ᠲᠣᠳᠣᠷᠬᠠᠶ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠭᠡᠳ᠂ ᠬᠤᠷᠠᠯ ᠨᠢ ᠵᠢᠱᠢᠭᠰᠡᠨ ᠠᠮᠵᠢᠯᠲᠠ ᠶᠢ ᠣᠯᠤᠭᠰᠠᠨ ᠪᠠᠶᠢᠨ᠎ᠠ᠃      ᠦᠳᠡ ᠶᠢᠨ ᠬᠤᠶᠢᠨ᠎ᠠ᠂ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ ᠵᠡᠭᠦᠨ ᠭᠤᠷᠪᠠᠨ ᠠᠶᠢᠮᠠᠭ ᠤᠨ ᠡᠪᠡᠰᠦ ᠪᠡᠯᠴᠢᠭᠡᠷ ᠮᠠᠯ ᠠᠵᠤ ᠠᠬᠤᠢ ᠶᠢᠨ ᠲᠤᠷᠰᠢᠯᠲᠠ ᠶᠢᠨ ᠬᠤᠰᠢᠭᠤ ᠰᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠤᠷᠠᠯ ᠨᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠶᠢᠲᠡᠯᠡᠭᠰᠡᠨ ︽ᠡᠪᠡᠰᠦ ᠪᠡᠯᠴᠢᠭᠡᠷ ᠮᠠᠯ ᠠᠵᠤ ᠠᠬᠤᠶ ᠶᠢᠨ ᠲᠤᠷᠰᠢᠯᠲᠠ ᠶᠢᠨ ᠠᠵᠢᠯ ᠤᠨ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ︵ᠲᠥᠰᠦᠯ︶᠎ ᠤᠨ ᠲᠣᠭᠤᠷᠢᠨ ᠳᠤ᠂  ᠡᠪᠡᠰᠦ ᠪᠡᠯᠴᠢᠭᠡᠷ ᠮᠠᠯ ᠠᠵᠤ ᠠᠬᠤᠶ ᠶᠢᠨ ᠲᠤᠷᠰᠢᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠶᠢ ᠭᠦᠨᠵᠡᠭᠡᠶ ᠶᠠᠷᠢᠯᠴᠠᠪᠠ᠃ ᠯᠢᠦ ᠲᠢᠩᠬᠢᠮ ᠤᠨ ᠳᠠᠷᠤᠭ᠎ᠠ ᠡᠯ᠎ᠡ ᠲᠤᠷᠰᠢᠯᠲᠠ ᠶᠢᠨ  ᠬᠤᠰᠢᠭᠤ ᠰᠢᠶᠠᠨ ᠢ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠡᠪᠡᠰᠦ ᠪᠡᠯᠴᠢᠭᠡᠷ ᠮᠠᠯ ᠠᠵᠤ ᠠᠬᠤᠶ ᠶᠢᠨ ᠲᠤᠷᠰᠢᠯᠲᠠ ᠶᠢᠨ ᠠᠵᠢᠯ ᠤᠨ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾᠎ ᠳᠠᠬᠢ ᠪᠠᠷᠢᠮᠲᠠᠯᠠᠬᠤ ᠶᠤᠰᠤᠲᠠᠢ ᠵᠠᠷᠴᠢᠮ ᠶᠣᠰᠣᠭᠠᠷ᠂ ᠰᠡᠳᠬᠢᠮᠵᠢ ᠪᠠᠨ ᠲᠤᠲᠤᠷᠬᠠᠶᠢᠯᠠᠨ᠂ ᠦᠵᠡᠯ ᠰᠠᠨᠠᠭ᠎ᠠ ᠪᠠᠨ ᠥᠷᠭᠡᠳᠬᠡᠵᠦ᠂ ᠭᠤᠣᠯᠳᠠᠯᠭ᠎ᠠ ᠪᠠᠨ ᠳᠣᠪᠤᠶᠢᠯᠭᠠᠵᠤ᠂ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ  ᠲᠡᠭᠦᠯᠳᠡᠷᠵᠢᠭᠦᠯᠦᠨ᠂ ᠡᠪᠡᠰᠦ ᠪᠡᠯᠴᠢᠭᠡᠷ ᠮᠠᠯ ᠠᠵᠤ ᠠᠬᠤᠶ ᠶᠢᠨ ᠲᠤᠷᠰᠢᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号