| 10 ᠳ᠋ᠤᠭᠠᠷ ᠰᠠᠷ᠎ᠠ ᠶᠢᠨ14 ᠤ ᠡᠳᠦᠷ ᠠᠴᠠ15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠣᠶ ᠰᠢᠭᠤᠶ ᠶᠢᠨ ᠠᠵᠤ ᠦᠢᠯᠡᠰ ᠤᠨ ᠲᠤᠬᠠᠢ ᠶᠢᠨ ᠲᠠᠯᠠᠪᠠᠢ ᠶᠢᠨ ᠬᠤᠷᠠᠯ ᠤᠯᠠᠭᠠᠨᠬᠠᠳᠠ ᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠢᠩᠬᠢᠮ ᠤᠨ ᠳᠠᠷᠤᠭ᠎ᠠ ᠬᠦᠴᠦᠨ ᠬᠤᠷᠠᠯ ᠳᠤ ᠣᠷᠣᠯᠴᠠᠪᠠ᠃ | ᠬᠦᠴᠦᠨ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠤᠯᠠᠭᠠᠨᠬᠠᠳᠠ ᠬᠤᠲᠠ ᠶᠢᠨ ᠣᠶ ᠰᠢᠭᠤᠶ ᠶᠢᠨ ᠠᠵᠤ | ᠦᠢᠯᠡᠰ ᠢᠯᠠᠩᠭᠤᠶ᠎ᠠ ᠣᠶ ᠵᠢᠮᠢᠰ ᠤᠨ ᠦᠢᠯᠡᠰ ᠢ ᠬᠥᠭᠵᠢᠭᠦᠯᠬᠦ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ | ᠨᠣᠳᠠᠯᠠᠵᠤ᠂ ᠡᠯ᠎ᠡ ᠭᠠᠵᠠᠷ ᠤᠨ ᠬᠢᠨ ᠨᠠᠷᠢᠨ ᠬᠢᠨᠠᠮᠠᠭᠠᠶ ᠰᠤᠷᠤᠯᠴᠠᠨ ᠲᠣᠯᠢᠳᠠᠬᠤ ᠬᠡᠷᠡᠭᠲᠡᠢ ᠭᠡᠵᠦ ᠱᠠᠭᠠᠷᠳᠠᠪᠠ᠃ | ᠲᠡᠷᠡ ᠵᠢᠭᠠᠵᠤ ᠭᠠᠷᠭᠠᠭᠰᠠᠨ ᠨᠢ᠂ ᠡᠯ᠎ᠡ ᠠᠶᠢᠮᠠᠭ ᠬᠤᠲᠠ ᠴᠦᠮ ᠪᠣᠳᠠᠲᠤ ᠪᠠᠶᠢᠳᠠᠯ ᠲᠠᠢ ᠨᠡᠢᠴᠡᠭᠰᠡᠨ ᠪᠣᠳᠣᠯᠭ᠎ᠠ | ᠪᠣᠯᠣᠨ ᠰᠡᠳᠬᠢᠮᠵᠢ ᠳᠤᠷᠠᠳᠤᠨ ᠭᠠᠷᠭᠠᠵᠠᠢ᠂ ᠬᠤᠶᠢᠰᠢᠳᠠ ᠶᠢᠨ ᠵᠠᠩᠭᠢᠯᠠᠭ᠎ᠠ ᠪᠣᠯ ᠡᠳᠡᠭᠡᠷ ᠰᠡᠳᠬᠢᠮᠵᠢ ᠪᠣᠯᠣᠨ ᠠᠷᠭ᠎ᠠ | ᠬᠡᠮᠵᠢᠶ᠎ᠡ ᠶᠢ ᠡᠯ᠎ᠡ ᠭᠠᠵᠠᠷ ᠤᠨ ᠪᠣᠳᠠᠲᠠᠶ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠦᠨᠡᠨ ᠬᠦ ᠦᠷ᠎ᠡ ᠪᠦᠲᠦᠮᠵᠢ | ᠭᠠᠷᠲᠠᠯ᠎ᠠ ᠠᠳᠬᠤᠬᠤ ᠬᠡᠷᠡᠭᠲᠡᠢ ᠬᠡᠪᠡ᠃ ᠲᠡᠷᠡ ᠴᠢᠬᠤᠯᠠᠴᠢᠯᠠᠭᠰᠠᠨ ᠨᠢ᠂ ᠡᠯ᠎ᠡ ᠠᠶᠢᠮᠠᠭ ᠬᠤᠲᠠ ᠪᠠᠶᠢᠳᠠᠯ ᠳᠤ | ᠵᠣᠬᠢᠴᠠᠭᠤᠯᠤᠨ᠂ ᠲᠠᠨᠢᠯᠲᠠ ᠪᠠᠨ ᠳᠡᠭᠡᠭᠰᠢᠯᠡᠭᠦᠯᠵᠦ᠂ ᠣᠶ ᠰᠢᠭᠤᠶ ᠶᠢᠨ ᠠᠵᠤ ᠦᠢᠯᠡᠰ ᠢ ᠬᠥᠭᠵᠢᠭᠦᠯᠬᠦ ᠲᠤᠯᠭᠠᠮ᠎ᠠ | ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠨᠡᠮᠡᠭᠳᠡᠬᠦᠯᠬᠦ ᠬᠡᠷᠡᠭᠲᠡᠢ︔ ᠰᠡᠳᠬᠢᠮᠵᠢ ᠪᠠᠨ | ᠲᠣᠳᠣᠷᠬᠠᠶᠢᠯᠠᠨ᠂ ᠭᠤᠣᠯᠳᠠᠯᠭ᠎ᠠ ᠪᠠᠨ ᠳᠣᠪᠦ᠋ᠯᠭᠠᠵᠤ᠂ ᠣᠶ ᠰᠢᠭᠤᠶ ᠶᠢᠨ ᠠᠵᠤ ᠦᠢᠯᠡᠰ ᠤᠨ ᠪᠦᠲᠦᠭᠡᠨ | ᠪᠠᠶᠢᠭᠤᠯᠤᠯᠲᠠ ᠶᠢᠨ ᠠᠮᠵᠢᠯᠲᠠ ᠪᠥᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠂ ᠴᠢᠷᠮᠠᠶᠢᠨ ᠠᠵᠢᠯᠯᠠᠵᠤ᠂ ᠣᠶ ᠰᠢᠭᠤᠶ ᠶᠢᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠡᠷᠴᠢᠮ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠢ ᠭᠡᠵᠡᠢ᠃ | ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠵᠧᠩ ᠵᠢᠶᠦ᠋ᠨ ᠬᠤᠷᠠᠯ ᠳᠡᠭᠡᠷ᠎ᠡ ᠶᠠᠷᠢᠶ᠎ᠠ | ᠲᠠᠯᠪᠢᠪᠠ᠃ ᠲᠡᠷᠡ ᠬᠡᠯᠡᠭᠰᠡᠨ ᠨᠢ᠂ ᠤᠷᠲᠤ ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠬᠢᠭᠡᠳ ᠣᠶ ᠰᠢᠭᠤᠶ ᠶᠢᠨ ᠲᠢᠩᠬᠢᠮ ᠤᠨ ᠬᠥᠨᠳᠥᠳᠬᠡᠯ ᠪᠣᠯᠣᠨ ᠳᠡᠮᠵᠢᠯᠭᠡ ᠳᠣᠣᠷ᠎ᠠ | ᠂ ᠤᠯᠠᠭᠠᠨᠬᠠᠳᠠ ᠬᠤᠲᠠ ᠠᠮᠢ ᠠᠬᠤᠶ ᠶᠢᠨ ᠬᠤᠲᠠ ᠪᠠᠶᠢᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠨᠢᠭᠡ ᠬᠤᠭᠤᠴᠠᠭ᠎ᠠ ᠨᠢ ᠨᠢᠭᠡ ᠬᠤᠭᠤᠴᠠᠭ᠎ᠠ ᠪᠠᠨ ᠵᠠᠯᠭᠠᠨ ᠠᠵᠢᠯᠯᠠᠬᠤ᠂ ᠨᠢᠭᠡᠨ ᠠᠤᠭ᠎ᠠ | ᠲᠥᠰᠥᠪ ᠢ ᠡᠴᠦᠰ ᠲᠤᠨᠢ ᠲᠤᠯᠲᠠᠯ᠎ᠠ ᠪᠡᠶᠡᠯᠡᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠯᠡᠰᠦ ᠶᠢ ᠰᠡᠷᠭᠡᠶᠢᠯᠡᠨ | ᠡᠯᠡᠰᠦ ᠶᠢ ᠵᠠᠰᠠᠬᠤ᠂ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠶᠢ ᠶᠡᠬᠡᠪᠡᠷ ᠬᠢᠵᠦ᠂ ᠪᠦᠬᠦ ᠬᠤᠲᠠ ᠶᠢᠨ ᠠᠮᠢ | ᠠᠬᠤᠶ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ ᠣᠶ ᠰᠢᠭᠤᠶ ᠶᠢᠨ ᠲᠠᠯᠠᠪᠠᠶ ᠨᠢ ᠤᠯᠤᠰ | ᠪᠠᠶᠢᠭᠤᠯᠤᠭᠳᠠᠭᠰᠠᠨ ᠤ ᠡᠬᠢᠨ ᠤ ᠦᠶ᠎ᠡ ᠳᠤ 682 ᠲᠥᠮᠡᠨ ᠮᠥ ᠪᠠᠶᠢᠭᠰᠠᠨ ᠠᠴᠠ 4500 ᠲᠦᠮᠡᠨ ᠮᠥ ᠪᠣᠯᠲᠠᠯ᠎ᠠ | ᠨᠡᠮᠡᠭᠳᠡᠵᠦ᠂ ᠣᠶ ᠰᠢᠭᠤᠶ ᠶᠢᠨ ᠪᠦᠷᠬᠦᠴᠡ 5 % ᠬᠦᠷᠬᠦ ᠦᠭᠡᠢ ᠪᠠᠶᠢᠭᠰᠠᠨ ᠠᠴᠠ ᠪᠠᠨ ᠳᠡᠭᠡᠭᠰᠢᠯᠡᠭᠡᠳ 35. | 4% ᠳᠤ ᠬᠦᠷᠴᠦ᠂ ᠣᠶ ᠰᠢᠭᠤᠶ ᠶᠢᠨ ᠬᠠᠳᠠᠭᠠᠯᠠᠭᠴᠠ 6394 ᠲᠥᠮᠡᠨ ᠪᠣᠰᠤᠭ᠎ᠠ ᠳᠥᠷᠪᠡᠯᠵᠢᠨ ᠮᠧᠲᠷ ᠲᠤ | ᠬᠦᠷᠴᠠᠢ᠃ ᠵᠧᠩ ᠵᠢᠶᠦ᠋ᠨ ᠵᠢᠭᠠᠵᠤ ᠭᠠᠷᠭᠠᠭᠰᠠᠨ ᠨᠢ᠂ ᠣᠷᠴᠢᠮ ᠤᠨ ᠵᠢᠯ ᠤᠳ ᠲᠤ᠂ ᠣᠯᠠᠭᠠᠨᠬᠠᠳᠠ ᠬᠤᠲᠠ ︽ | ᠠᠮᠢ ᠠᠬᠤᠶ ᠶᠢᠨ ᠪᠦᠲᠦᠭᠡᠨ ᠪᠠᠢᠭᠤᠯᠤᠯᠲᠠ ᠶᠢ ᠠᠵᠤ ᠦᠢᠯᠡᠰᠵᠢᠭᠦᠯᠬᠦ᠂ ᠠᠵᠤ ᠦᠢᠯᠡᠰ ᠶᠢᠨ ᠪᠥᠲᠦᠭᠡᠨ | ᠪᠠᠶᠢᠭᠤᠯᠤᠯᠲᠠ ᠶᠢ ᠠᠮᠢ ᠠᠬᠤᠶᠢᠵᠢᠭᠤᠯᠬᠤ︾ ᠬᠥᠭᠵᠢᠯᠲᠡ ᠶᠢᠨ ᠰᠡᠳᠬᠢᠮᠵᠢ ᠪᠠᠷ᠂ ᠣᠨᠴᠠᠯᠢᠭᠲᠤ ᠣᠶ ᠰᠢᠭᠤᠶ ᠶᠢᠨ | ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ | ᠤᠳᠤᠷᠢᠳᠤᠮᠵᠢ ᠪᠣᠯᠭᠠᠨ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠲᠦᠰᠢᠭ ᠪᠣᠯᠭᠠᠵᠤ᠂ | ᠲᠣᠯᠣᠭᠠᠶᠢᠯᠠᠭᠴᠢ ᠠᠵᠤ ᠠᠬᠤᠶᠢᠯᠠᠯ ᠢ ᠶᠡᠬᠡᠪᠡᠷ ᠲᠡᠳᠬᠦᠨ ᠲᠡᠮᠵᠢᠵᠦ᠂ ᠮᠣᠳᠣᠨ ᠮᠠᠲ᠋ᠧᠷᠢᠶᠠᠯ ᠢ ᠪᠣᠯᠪᠠᠰᠤᠷᠠᠭᠤᠯᠬᠤ | ᠪᠠ ᠶᠡᠷᠦᠩᠬᠡᠶᠢᠯᠡᠨ ᠠᠰᠢᠭᠯᠠᠬᠤ᠂ ᠣᠶ ᠰᠢᠭᠤᠶ ᠶᠢᠨ ᠡᠯᠡᠰᠦ ᠮᠠᠩᠬᠠᠨ ᠤ ᠵᠢᠭᠤᠯᠴᠢᠯᠠᠯ᠂ ᠣᠶ ᠰᠢᠭᠤᠶ ᠶᠢᠨ | ᠢᠳᠡᠭᠡᠨ ᠢ ᠴᠤᠭᠯᠠᠭᠤᠯᠤᠨ ᠪᠣᠯᠪᠠᠰᠤᠷᠠᠭᠤᠯᠬᠤ᠂ ᠣᠶ ᠮᠣᠳᠣᠨ ᠤ ᠴᠢᠬᠢ ᠬᠤᠸᠠᠷ ᠴᠡᠴᠡᠭ ᠲᠠᠷᠢᠬᠤ᠂ ᠠᠮᠢᠳᠤ | ᠪᠣᠳᠠᠰ ᠤᠨ ᠡᠨᠧᠷᠭᠢ ᠵᠡᠷᠭᠡ ᠭᠤᠣᠯᠯᠠᠬᠤ ᠠᠵᠤ ᠦᠢᠯᠡᠰ ᠢ ᠦᠨᠳᠦᠰᠦᠨ ᠳᠡᠭᠡᠨ ᠪᠦᠷᠢᠯᠳᠦᠭᠦᠯᠵᠦ᠂ ᠣᠶ ᠰᠢᠭᠤᠶ ᠶᠢᠨ | ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ ᠬᠡᠵᠡᠢ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠨᠢᠩᠴᠧᠩ ᠰᠢᠶᠠᠨ ᠤ ᠠᠵᠤ ᠠᠬᠤᠶ ᠶᠢᠨ ᠣᠶ ᠶᠢᠨ | ᠰᠠᠭᠤᠷᠢᠨ ᠭᠠᠵᠠᠷ᠂ ᠵᠠᠭᠤᠨ ᠣᠪᠣᠭᠲᠠᠨ ᠤ ᠣᠢ ᠵᠢᠮᠢᠰ ᠶᠢ ᠬᠥᠭᠵᠢᠭᠦᠯᠬᠦ ᠲᠤᠰᠬᠠᠶ ᠠᠵᠢᠯ ᠤᠨ ᠬᠤᠷᠰᠢᠶ᠎ᠠ᠂ ᠶᠣᠸᠠᠨ | ᠪᠣᠣ ᠱᠠᠨ ᠲᠣᠭᠤᠷᠢᠭ ᠤᠨ ᠶᠢᠨ ᠰᠢᠦ ᠱᠠᠨ ᠠᠭᠤᠯᠠᠨ ᠤ ᠪᠡᠯᠡᠳᠬᠡᠮᠵᠢᠲᠦ ᠣᠢ ᠵᠢᠮᠢᠰ ᠤᠨ ᠰᠠᠭᠤᠷᠢᠨ ᠭᠠᠵᠠᠷ᠂ | ᠬᠤᠩᠱᠠᠨ ᠲᠣᠭᠤᠷᠢᠭ ᠤᠨ ᠲᠢᠶᠠᠨ ᠬᠤᠨᠭ᠌ ᠬᠤᠸᠠᠷ ᠴᠡᠴᠡᠭ ᠤᠨ ᠵᠠᠬ᠎ᠠ ᠳᠡᠯᠭᠡᠭᠦᠷ ᠲᠤ ᠬᠦᠷᠴᠦ ᠲᠣᠭᠤᠷᠢᠨ ᠦᠵᠡᠪᠡ᠃ | ᠬᠤᠲᠠ ᠶᠢᠨ ᠳᠡᠳ᠋ ᠳᠠᠷᠤᠭ᠎ᠠ ᠸᠠᠩ ᠭᠥᠸᠧ ᠰᠧᠨ ᠪᠠᠷ᠎ᠠ ᠪᠣᠯᠪᠠ᠃ |