2016 ᠣᠨ ᠤ ᠤᠯᠤᠰ ᠤᠨ ᠠᠯᠪᠠᠲᠠᠨ ᠤ ᠰᠢᠯᠭᠠᠯᠲᠠ ᠨᠢ 10 ᠳ᠋ᠤᠭᠠᠷ ᠰᠠᠷ᠎ᠠ ᠶᠢᠨ 15 ᠤ ᠡᠳᠦᠷ ᠠᠴᠠ | 24 ᠤ ᠡᠳᠦᠷ ᠪᠣᠯᠲᠠᠯ᠎ᠠ ᠨᠡᠷ᠎ᠡ ᠮᠡᠳᠡᠭᠦᠯᠵᠦ᠂ ᠲᠤᠰᠢᠶᠠᠯ ᠤᠨ ᠪᠠᠶᠢᠷᠢ ᠶᠢᠨ ᠬᠦᠰᠦᠨᠦᠭᠲᠦ ᠶᠢᠨ ᠪᠦᠷᠢᠳᠬᠡᠯ ᠠᠴᠠ | ᠮᠡᠳᠡᠭᠰᠡᠨ ᠨᠢ᠂ ᠲᠤᠰ ᠤᠳᠠᠭᠠᠨ ᠤ ᠰᠢᠯᠭᠠᠯᠲᠠ ᠳᠤ ᠥᠪᠥᠷ ᠮᠣᠩᠭᠤᠯ ᠤᠨ ᠭᠠᠵᠠᠷ ᠣᠷᠣᠨ ︵ᠠᠵᠢᠯᠯᠠᠬᠤ ᠭᠠᠵᠠᠷ︶ | ᠳᠤ ᠨᠡᠶᠢᠲᠡ 500 ᠭᠠᠷᠤᠶ ᠲᠤᠰᠢᠶᠠᠯ ᠪᠠᠶᠢᠷᠢ ᠪᠠᠶᠢᠵᠤ᠂ 800 ᠭᠠᠷᠤᠢ ᠬᠥᠮᠦᠨ ᠡᠯᠰᠡᠬᠦ ᠪᠠᠷ ᠪᠤᠢ᠃ ᠬᠠᠮᠤᠭ | ᠠᠷᠪᠢᠨ ᠡᠯᠰᠡᠬᠦ ᠨᠢᠭᠡᠴᠡ ᠨᠢ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠶᠢᠵᠤ᠂ | 496 ᠬᠥᠮᠦᠨ ᠡᠯᠰᠡᠵᠦ᠂ ᠰᠢᠯᠭᠠᠨ ᠡᠯᠰᠡᠬᠦ ᠲᠤᠮᠤ ᠡᠷᠦᠬᠡ ᠪᠣᠯᠵᠠᠢ᠃ | ᠭᠠᠶᠢᠯᠢ ᠶᠢᠨ ᠶᠠᠪᠤᠳᠠᠯ ᠤᠨ ᠰᠢᠰᠲ᠋ᠧᠮ ᠰᠢᠯᠭᠠᠨ ᠡᠯᠰᠡᠬᠦ ᠲᠣᠮᠣ ᠡᠷᠦᠬᠡ ᠪᠣᠯᠪᠠ | 2016 ᠣᠨ ᠤ ᠤᠯᠤᠰ ᠤᠨ ᠠᠯᠪᠠᠲᠠᠨ ᠤ ᠰᠢᠯᠭᠠᠯᠲᠠ ᠳᠤ᠂ ᠥᠪᠥᠷ ᠮᠣᠩᠭᠤᠯ ᠤᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠡᠶᠢᠲᠡ 374 ᠠᠵᠢᠯ ᠤᠨ ᠪᠠᠶᠢᠷᠢ ᠲᠣᠬᠢᠷᠠᠭᠤᠯᠵᠤ᠂ ᠬᠥᠮᠦᠨ ᠬᠡᠷᠡᠭᠯᠡᠬᠦ | ᠨᠢᠭᠡᠴᠡ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ᠎ᠠ᠃ | ᠠᠵᠢᠯ ᠤᠨ ᠪᠠᠶᠢᠷᠢ ᠶᠢᠨ ᠡᠯᠰᠡᠬᠦ ᠬᠥᠮᠦᠨ ᠤ ᠲᠤᠭ᠎ᠠ ᠪᠠᠷ ᠬᠠᠮᠤᠭ ᠠᠷᠪᠢᠨ ᠨᠢ 4 ᠬᠥᠮᠦᠨ᠂ ᠬᠠᠮᠤᠭ ᠤᠨ ᠴᠦᠬᠡᠨ | ᠨᠢ 1 ᠬᠥᠮᠦᠨ ᠪᠣᠯᠣᠨ᠎ᠠ᠃ ᠡᠭᠦᠨ ᠳᠤ᠂ ᠬᠥᠬᠡᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | 40 ᠬᠥᠮᠦᠨ᠂ ᠪᠠᠶᠠᠨᠨᠠᠭᠤᠷ ᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 37 ᠬᠥᠮᠦᠨ᠂ | ᠪᠤᠭᠤᠲᠤ ᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 50 ᠬᠥᠮᠦᠨ᠂ ᠦᠬᠠᠶ ᠬᠤᠲᠠ ᠶᠢᠨ | ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 18 ᠬᠥᠮᠦᠨ᠂ ᠬᠥᠯᠥᠨ ᠪᠤᠶᠢᠷ ᠠᠶᠢᠮᠠᠭ ᠤᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ 46 ᠬᠥᠮᠦᠨ᠂ ᠠᠯᠠᠱᠠᠨ ᠠᠶᠢᠮᠠᠭ ᠤᠨ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ 24 ᠬᠥᠮᠦᠨ᠂ ᠬᠢᠩᠭᠠᠨ ᠠᠶᠢᠮᠠᠭ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ 26 ᠬᠥᠮᠦᠨ᠂ ᠮᠠᠨᠵᠤᠤᠷ ᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 16 | ᠬᠥᠮᠦᠨ᠂ ᠲᠦᠩᠯᠢᠶᠣᠣ ᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 45 ᠬᠥᠮᠦᠨ᠂ ᠡᠷᠢᠶᠡᠨ | ᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 14 ᠬᠥᠮᠦᠨ᠂ ᠤᠯᠠᠭᠠᠨᠬᠠᠳᠠ | ᠬᠤᠲᠠ ᠵᠢᠨᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 46 ᠬᠥᠮᠦᠨ᠂ ᠰᠢᠯᠢ ᠶᠢᠨ ᠭᠤᠣᠯ ᠠᠶᠢᠮᠠᠭ ᠤᠨ | ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ 45 ᠬᠥᠮᠦᠨ᠂ ᠤᠯᠠᠭᠠᠨᠴᠠᠪ ᠬᠤᠲᠠ ᠶᠢᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ 39 ᠬᠥᠮᠦᠨ᠂ ᠣᠷᠳᠣᠰ ᠬᠤᠲᠠ ᠶᠢᠨ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ 50 ᠬᠥᠮᠦᠨ ᠡᠯᠰᠡᠬᠦ ᠪᠠᠷ ᠪᠤᠢ᠃ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ | ᠲᠤᠰᠢᠶᠠᠯ ᠤᠨ ᠪᠠᠶᠢᠷᠢ ᠨᠢ᠂ 10% ᠰᠢᠬᠠᠮ ᠤᠨ ᠲᠤᠰᠢᠶᠠᠯ ᠤᠨ ᠪᠠᠶᠢᠷᠢ ᠨᠢ ᠦᠢᠯᠡᠴᠢᠯᠡᠭᠡᠨ ᠤ ᠬᠤᠭᠤᠴᠠᠭ᠎ᠠ ᠨᠢ | ᠳᠦᠭᠦᠷᠦᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠣᠶᠤᠲᠠᠨ ᠭᠠᠴᠠᠭᠠᠨ ᠳᠠᠷᠤᠭ᠎ᠠ᠂ ︽ᠭᠤᠷᠪᠠ ᠶᠢ | ᠲᠤᠰᠠᠯᠠᠨ ᠨᠢᠭᠡ ᠶᠢ ᠲᠡᠳᠬᠦᠬᠦ︾ ᠲᠥᠯᠥᠪᠯᠡᠭᠡ᠂ ︽ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠠᠬᠢ ᠰᠤᠷᠭᠠᠭᠤᠯᠢ ᠶᠢᠨ ᠪᠠᠭᠰᠢ ᠨᠡᠷ ᠲᠤ ᠣᠨᠴᠠᠭᠠᠶ ᠠᠵᠢᠯ ᠤᠨ ᠪᠠᠶᠢᠷᠢ ᠲᠣᠭᠲᠠᠭᠠᠬᠤ | ᠲᠥᠯᠥᠪᠯᠡᠭᠡ︾᠂ ︽ᠣᠶᠣᠲᠠᠳ ᠰᠠᠶᠢᠨ ᠳᠤᠷ᠎ᠠ ᠠᠴᠠ ᠪᠠᠨ ᠪᠠᠷᠠᠭᠤᠨ ᠬᠡᠰᠡᠭ ᠤᠨ ᠭᠠᠵᠠᠷ ᠣᠷᠣᠨ ᠳᠤ | ᠦᠢᠯᠡᠴᠢᠯᠡᠬᠦ ᠲᠥᠯᠥᠪᠯᠡᠭᠡ︾ ᠵᠡᠷᠭᠡ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠥᠮᠦᠰ ᠲᠤ | ᠲᠣᠬᠢᠷᠠᠭᠤᠯᠪᠠ᠃ ᠠᠵᠢᠯ ᠤᠨ ᠪᠠᠶᠢᠷᠢ ᠶᠢᠨ ᠰᠤᠷᠤᠯᠭ᠎ᠠ ᠶᠢᠨ ᠨᠠᠮᠲᠠᠷ ᠢ ᠵᠢᠩᠬᠢᠨᠢ ᠠᠩᠭᠢ ᠪᠠ ᠲᠡᠭᠦᠨ ᠠᠴᠠ ᠳᠡᠭᠡᠭᠰᠢ | ᠪᠠᠶᠢᠬᠤ ᠶᠢ ᠱᠠᠭᠠᠷᠳᠠᠵᠤ᠂ ᠲᠤᠰᠬᠠᠶ ᠮᠡᠷᠭᠡᠵᠢᠯ ᠤᠨ ᠣᠯᠠᠩᠬᠢ ᠨᠢ ᠬᠠᠤᠯᠢ ᠶᠢᠨ ᠤᠬᠠᠭᠠᠨ᠂ ᠠᠵᠤ ᠦᠢᠯᠡᠳᠪᠦᠷᠢ | ᠬᠤᠳᠠᠯᠳᠤᠭᠠᠨ ᠤ ᠬᠠᠮᠢᠶᠠᠷᠤᠯᠲᠠ᠂ ᠠᠵᠤ ᠠᠬᠤᠶ ᠶᠢᠨ ᠤᠬᠠᠭᠠᠨ ᠵᠡᠷᠭᠡ ᠬᠠᠮᠢᠶ᠎ᠠ ᠪᠦᠬᠦᠢ ᠲᠤᠰᠬᠠᠶ ᠮᠡᠷᠭᠡᠵᠢᠯ ᠵᠢᠴᠢ | ᠳᠤᠮᠳᠠᠳᠤ ᠤᠯᠤᠰ ᠤᠨ ᠦᠭᠡ ᠬᠡᠯᠡ ᠤᠳᠬ᠎ᠠ ᠵᠣᠬᠢᠶᠠᠯ᠂ ᠰᠣᠨᠢᠨ ᠮᠡᠳᠡᠭᠡ ᠤᠯᠠᠮᠵᠢᠯᠠᠭᠠᠨ ᠤ ᠲᠥᠷᠥᠯ ᠤᠨ ᠬᠠᠮᠢᠶ᠎ᠠ | ᠪᠦᠬᠦᠢ ᠲᠤᠰᠬᠠᠶ ᠮᠡᠷᠭᠡᠵᠢᠯ ᠲᠠᠢ ᠪᠠᠶᠢᠬᠤ ᠶᠢ ᠱᠠᠭᠠᠷᠳᠠᠨ᠎ᠠ᠃ | ᠲᠤᠰ ᠤᠳᠠᠭᠠᠨ ᠤ ᠤᠯᠤᠰ ᠤᠨ ᠠᠯᠪᠠᠲᠠᠨ ᠤ ᠰᠢᠯᠭᠠᠯᠲᠠ ᠶᠢᠨ ᠥᠪᠥᠷ ᠮᠣᠩᠭᠤᠯ ᠳᠠᠬᠢ ᠰᠢᠯᠭᠠᠨ ᠡᠯᠰᠡᠬᠦ | ᠲᠤᠰᠢᠶᠠᠯ ᠤᠨ ᠪᠠᠶᠢᠷᠢᠨ ᠳᠤ᠂ ᠬᠠᠤᠯᠢ ᠶᠢᠨ ᠤᠬᠠᠭᠠᠨ᠂ ᠮᠡᠳᠡᠭᠡ ᠰᠣᠨᠢᠨ᠂ ᠬᠢᠲᠠᠳ ᠬᠡᠯᠡ᠂ ᠠᠵᠤ ᠠᠬᠤᠶ ᠶᠢᠨ | ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠮᠥᠩᠭᠦᠨ ᠭᠦᠢᠯᠭᠡᠭᠡ᠂ ᠨᠢᠭᠲᠠᠯᠠᠨ ᠪᠣᠳᠣᠬᠤ᠂ ᠺᠣᠮᠫᠢᠦ᠋ᠲ᠋ᠧᠷ᠂ | ᠲᠣᠭᠠᠨ ᠤ ᠤᠬᠠᠭᠠᠨ᠂ ᠮᠣᠩᠭᠤᠯ ᠬᠡᠯᠡ᠂ ᠲᠤᠭ᠎ᠠ ᠪᠦᠷᠢᠳᠬᠡᠯ ᠤᠨ ᠤᠬᠠᠭᠠᠨ ᠤ ᠲᠤᠰᠬᠠᠶ ᠮᠡᠷᠭᠡᠵᠢᠯ ᠨᠢ ᠡᠯ᠎ᠡ ᠶᠡᠭᠡ | ᠨᠢᠭᠡᠴᠡ ᠶᠢᠨ ᠳᠤᠮᠳᠠ ᠬᠡᠷᠡᠭᠴᠡᠭᠡ ᠪᠠᠷ ᠬᠠᠮᠤᠭ ᠤᠨ ᠣᠯᠠᠨ ᠪᠠᠶᠢᠵᠤ᠂ ᠬᠠᠯᠠᠮᠰᠢᠯ ᠲᠤᠰᠬᠠᠢ ᠮᠡᠷᠭᠡᠵᠢᠯ ᠪᠣᠯᠣᠭᠰᠠᠨ | ᠪᠠᠶᠢᠨ᠎ᠠ᠃ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢᠨ ᠲᠠᠯ᠎ᠠ ᠪᠠᠷ᠂ ᠤᠯᠤᠰ ᠤᠨ ᠭᠠᠶᠢᠯᠢ ᠶᠢᠨ ᠶᠠᠪᠤᠳᠠᠯ ᠤᠨ | ᠰᠢᠰᠲ᠋ᠧᠮ ᠨᠢ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠪᠠᠷ ᠭᠤᠣᠯ | ᠪᠣᠯᠭᠠᠵᠤ᠂ ᠲᠡᠮᠦᠷ ᠵᠠᠮ ᠤᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ | ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠪᠠᠷ ᠭᠤᠣᠯ ᠪᠣᠯᠭᠠᠵᠤ᠂ ᠪᠤᠰᠤᠳ | ᠨᠢᠭᠡᠴᠡ ᠨᠦᠭᠦᠳ ᠦᠨᠳᠦᠰᠦᠨ ᠳᠡᠭᠡᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ | ᠪᠠᠶᠢᠬᠤ ᠪᠠᠷ ᠭᠤᠣᠯ ᠪᠣᠯᠭᠠᠵᠠᠢ᠃ | ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠶᠢᠨ ᠲᠠᠯ᠎ᠠ ᠪᠠᠷ᠂ ᠣᠯᠠᠩᠬᠢ ᠲᠤᠰᠢᠶᠠᠯ ᠤᠨ ᠪᠠᠶᠢᠷᠢ ᠨᠢ | ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠱᠠᠭᠠᠷᠳᠠᠬᠤ ᠦᠭᠡᠢ᠂ ᠤᠯᠤᠰ ᠲᠥᠷᠥ ᠶᠢᠨ ᠪᠠᠶᠢᠳᠠᠯ ᠢ ᠴᠤ | ᠬᠢᠵᠠᠭᠠᠷᠯᠠᠭᠰᠠᠨ ᠦᠭᠡᠢ᠃ | ᠬᠡᠰᠡᠭ ᠲᠤᠰᠢᠶᠠᠯ ᠤᠨ ᠪᠠᠶᠢᠷᠢ ᠨᠢ ᠠᠩᠭ᠍ᠯᠢ ᠬᠡᠯᠡᠨ ᠤ ᠬᠢᠷᠢ ᠬᠡᠮᠵᠢᠶᠡᠨ ᠳᠤ ᠱᠠᠭᠠᠷᠳᠠᠯᠭ᠎ᠠ ᠲᠠᠢ | ᠲᠤᠰ ᠤᠳᠠᠭᠠᠨ ᠤ ᠤᠯᠤᠰ ᠤᠨ ᠠᠯᠪᠠᠲᠠᠨ ᠤ ᠰᠢᠯᠭᠠᠯᠲᠠ ᠶᠢᠨ ᠥᠪᠥᠷ ᠮᠣᠩᠭᠤᠯ ᠤᠨ ᠰᠢᠯᠭᠠᠨ ᠡᠯᠰᠡᠬᠦ | ᠲᠤᠰᠢᠶᠠᠯ ᠤᠨ ᠳᠤᠮᠳᠠ᠂ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯᠰᠡᠨ ᠬᠡᠷᠡᠭᠯᠡᠬᠦ | ᠲᠤᠰᠢᠶᠠᠯ ᠤᠨ ᠬᠤᠶᠠᠳᠤᠭᠠᠷ ᠲᠤ ᠪᠠᠶᠢᠷᠢᠯᠠᠵᠤ᠂ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠱᠧᠨᠶᠠᠩ ᠤᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠪᠢᠨ ᠤ ᠲᠡᠮᠦᠷ | ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯᠯᠠᠬᠤ ᠭᠠᠵᠠᠷ ᠪᠣᠯᠬᠤ ᠥᠪᠥᠷ ᠮᠣᠩᠭᠤᠯ ᠳᠤ 84 | ᠠᠵᠢᠯ ᠤᠨ ᠪᠠᠶᠢᠷᠢ ᠲᠣᠬᠢᠷᠠᠭᠤᠯᠵᠤ᠂ ᠡᠭᠦᠨ ᠳᠤ᠂ ᠱᠧᠨᠶᠠᠩ ᠤᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠨᠢ ᠲᠦᠩᠯᠢᠶᠣᠣ ᠶᠢᠨ ᠬᠡᠰᠡᠭ ᠢᠶᠠᠷ ᠠᠵᠢᠯᠯᠠᠬᠤ ᠭᠠᠵᠠᠷ ᠢᠶᠠᠨ ᠪᠣᠯᠭᠠᠨ᠂ ᠬᠠᠷᠪᠢᠨ ᠤ ᠲᠡᠮᠦᠷ ᠵᠠᠮ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠶᠢᠯᠠᠷ ᠤᠨ ᠬᠡᠰᠡᠭ ᠢᠶᠠᠷ ᠠᠵᠢᠯᠯᠠᠬᠤ ᠭᠠᠵᠠᠷ ᠢᠶᠠᠨ ᠪᠣᠯᠭᠠᠪᠠ᠃ | ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ | ᠲᠣᠪᠴᠢᠶ᠎ᠠ ᠨᠡᠶᠢᠲᠡ 37 ᠠᠵᠢᠯ ᠤᠨ ᠪᠠᠶᠢᠷᠢ ᠲᠣᠬᠢᠷᠠᠭᠤᠯᠵᠤ᠂ ᠠᠵᠢᠯᠯᠠᠬᠤ ᠭᠠᠵᠠᠷ ᠨᠢ ᠮᠠᠨᠵᠤᠤᠷ᠂ ᠡᠷᠢᠶᠡᠨ | ᠬᠤᠲᠠ᠂ ᠪᠤᠭᠤᠲᠤ ᠬᠤᠲᠠ᠂ ᠡᠵᠡᠨ᠎ᠡ ᠵᠡᠷᠭᠡ ᠭᠠᠵᠠᠷ ᠢᠶᠠᠷ ᠲᠠᠷᠬᠠᠵᠤ ᠪᠤᠢ᠃ ᠡᠳᠡᠭᠡᠷ ᠲᠥᠷᠥᠯ ᠤᠨ ᠠᠵᠢᠯ ᠤᠨ | ᠪᠠᠶᠢᠷᠢ ᠨᠢ ᠠᠩᠭ᠍ᠯᠢ ᠬᠡᠯᠡᠨ ᠤ ᠬᠢᠷᠢ ᠬᠡᠮᠵᠢᠶᠡᠨ ᠳᠤ ᠱᠠᠭᠠᠷᠳᠠᠯᠭ᠎ᠠ ᠳᠤᠷᠠᠳᠴᠤ᠂ ᠡᠷᠬᠡᠪᠰᠢ ᠶᠡᠭᠡ ᠰᠤᠷᠭᠠᠭᠤᠯᠢ ᠶᠢᠨ | ᠠᠩᠭ᠍ᠯᠢ ᠬᠡᠯᠡᠨ ᠤ ᠳᠥᠷᠪᠡᠳᠦᠭᠡᠷ ᠳᠡᠰ ᠤᠨ ᠰᠢᠯᠭᠠᠯᠲᠠ ᠳᠤ ᠬᠢᠷᠢ ᠲᠡᠩᠴᠡᠭᠰᠡᠨ ︵ᠪᠤᠶᠤ 425 ᠬᠤᠪᠢ︶ ᠵᠢᠴᠢ | ᠲᠡᠭᠦᠨ ᠠᠴᠠ ᠳᠡᠭᠡᠭᠰᠢ ᠪᠠᠶᠢᠬᠤ ᠬᠡᠷᠡᠭᠲᠡᠢ᠃ ᠬᠡᠰᠡᠭ ᠠᠵᠢᠯ ᠤᠨ ᠪᠠᠶᠢᠷᠢ ᠨᠢ ᠥᠪᠥᠷ ᠮᠣᠩᠭᠤᠯ ᠤᠨ ᠡᠷᠦᠬᠡ ᠠᠮᠠ | ᠲᠠᠢ ᠰᠢᠯᠭᠠᠭᠤᠯᠤᠭᠰᠠᠳ ᠢᠶᠠᠷ ᠬᠢᠵᠠᠭᠠᠷᠯᠠᠨ᠎ᠠ ᠃ ᠪᠤᠰᠤᠳ ᠠᠵᠢᠯ ᠤᠨ ᠪᠠᠶᠢᠷᠢ ᠨᠢ ᠠᠯᠪᠠᠲᠠᠨ ᠤ ᠬᠠᠤᠯᠢ ᠪᠠᠷ | ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠪᠣᠯᠬᠤ ᠭᠠᠵᠠᠷ ᠬᠥᠳᠡᠯᠦᠯᠲᠡ ᠶᠢᠨ | ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠩᠭᠢ᠂ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠠᠴᠠ ︽ᠳᠠᠭᠠᠭᠠᠴᠢᠯᠠᠪᠠ︾᠃ ᠡᠭᠦᠨ ᠳᠤ᠂ ᠮᠥᠩᠭᠦᠨ ᠭᠦᠢᠯᠭᠡᠭᠡᠨ ᠤ ᠬᠢᠨᠠᠨ | ᠬᠠᠮᠢᠶᠠᠷᠤᠯᠲᠠ ᠶᠢᠨ ᠲᠣᠪᠴᠢᠶ᠎ᠠ 33 ᠠᠵᠢᠯ ᠤᠨ ᠪᠠᠶᠢᠷᠢ ᠲᠣᠬᠢᠷᠠᠭᠤᠯᠵᠤ᠂ ᠮᠥᠨ ᠴᠤ ᠠᠩᠭ᠍ᠯᠢ ᠬᠡᠯᠡᠨ ᠤ ᠬᠢᠷᠢ | ᠬᠡᠮᠵᠢᠶᠡᠨ ᠳᠤ ᠱᠠᠭᠠᠷᠳᠠᠯᠭ᠎ᠠ ᠲᠠᠢ ᠪᠠᠶᠢᠵᠤ᠂ ᠡᠷᠬᠡᠪᠰᠢ ᠤᠯᠤᠰ ᠤᠨ ᠠᠩᠭ᠍ᠯᠢ ᠬᠡᠯᠡᠨ ᠤ ᠳᠥᠷᠪᠡᠳᠦᠭᠡᠷ ᠳᠡᠰ ᠤᠨ | ᠦᠨᠡᠮᠯᠡᠯ ᠪᠤᠶᠤ ᠠᠩᠭ᠍ᠯᠢ ᠬᠡᠯᠡᠨ ᠤ ᠳᠥᠷᠪᠡᠳᠦᠭᠡᠷ ᠳᠡᠰ ᠤᠨ ᠬᠢᠷᠢ ᠪᠦᠲᠦᠮᠵᠢ ᠨᠢ 425 ᠬᠤᠪᠢ ᠠᠴᠠ ᠳᠡᠭᠡᠭᠰᠢ | ᠪᠠᠶᠢᠬᠤ ᠶᠢ ᠱᠠᠭᠠᠷᠳᠠᠵᠠᠢ᠃ |