ᠥᠪᠥᠷ ᠮᠣᠩᠭᠤᠯ ᠠᠷᠭ᠎ᠠ ᠭᠠᠷᠭᠠᠪᠠ᠄ ᠲᠤᠰᠢᠶᠠᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠠᠭᠤᠷᠢ ᠮᠥᠩᠭᠦ ᠶᠢ ᠨᠡᠭᠦᠯᠭᠡᠨ ᠬᠡᠷᠡᠭᠯᠡᠭᠰᠡᠨ ᠪᠠᠶᠢᠪᠠᠯ ᠴᠢᠩᠭ᠎ᠠ ᠪᠠᠷ ᠰᠢᠢᠳᠪᠦᠷᠢᠯᠡᠨ᠎ᠠ
ᠨᠡᠶᠢᠲᠡᠯᠡᠭᠰᠡᠨ ᠴᠠᠭ᠄
2015/10/16
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠣᠷᠴᠢᠮᠬᠠᠨ ᠳᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠳᠤ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠬᠤᠪᠢ ᠬᠥᠮᠦᠨ ᠤ ᠳᠠᠩᠰᠠᠨ ᠡᠷᠦᠬᠡ ᠳᠤ ᠪᠡᠯᠡ ᠮᠥᠩᠭᠦ ᠦᠭᠭᠦ ᠶᠠᠪᠤᠴᠠ ᠳᠤ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠥᠮᠦᠨ ᠤ ᠳᠠᠩᠰᠠᠨ ᠤ ᠰᠠᠭᠤᠷᠢ ᠮᠥᠩᠭᠦ ᠶᠢ ᠶᠠᠮᠠᠷᠪᠠ ᠨᠢᠭᠡᠴᠡ ᠪᠤᠶᠤ ᠬᠤᠪᠢ ᠬᠥᠮᠦᠨ ᠶᠠᠮᠠᠷ ᠨᠢᠭᠡᠨ ᠰᠢᠯᠲᠠᠭ ᠢᠶᠠᠷ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠤᠯᠬᠤ ᠦᠭᠡᠢ᠂ ᠣᠯᠵᠤ ᠮᠡᠳᠡᠪᠡᠯ ᠴᠢᠩᠭ᠎ᠠ ᠪᠠᠷ ᠰᠢᠢᠳᠪᠦᠷᠢᠯᠡᠨ᠎ᠡ ᠬᠡᠵᠤ ᠲᠤᠲᠤᠷᠬᠠᠶᠢᠯᠠᠪᠠ᠃      ︽ᠠᠷᠭ᠎ᠠ︾᠎ ᠳᠤ ᠲᠤᠲᠤᠷᠬᠠᠶᠢᠯᠠᠭᠰᠠᠨ ᠨᠢ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ ᠵᠠᠷᠤᠳᠠᠯ ᠳᠤ ᠬᠤᠪᠢ ᠬᠥᠮᠦᠨ ᠤ ᠳᠠᠩᠰᠠᠨ ᠡᠷᠦᠬᠡ ᠪᠣᠯᠤᠨ ᠨᠢᠭᠡᠳᠦᠯᠲᠡᠶ ᠲᠣᠬᠢᠷᠠᠭᠤᠯᠬᠤ ᠰᠠᠭᠤᠷᠢ ᠮᠥᠩᠭᠦ ᠶᠢ ᠤᠶᠠᠯᠳᠤᠭᠤᠯᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠎ᠡ ᠬᠡᠪᠡ᠃ ᠪᠤᠳᠠᠲᠠᠢ ᠠᠭᠤᠯᠭ᠎ᠠ ᠳᠤ᠄ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠨᠡᠷᠡᠰ ᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠶᠠᠷ ᠳᠠᠬᠢᠨ ᠬᠢᠨᠠᠭᠤᠯᠤᠭᠰᠠᠨ ᠤ ᠳᠠᠷᠠᠭ᠎ᠠ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠬᠤᠪᠢ ᠬᠥᠮᠦᠨ ᠤ ᠳᠠᠩᠰᠠᠨ ᠡᠷᠦᠬᠡ ᠳᠠᠬᠢ ᠪᠡᠯᠡ ᠮᠥᠩᠭᠦ ᠶᠢ ᠲᠤᠰ ᠱᠠᠲᠤᠨ ᠤ ᠠᠵᠢᠯ ᠠᠴᠠ ᠪᠠᠨ ᠰᠠᠯᠵᠤ ᠠᠮᠠᠷᠠᠭᠰᠠᠨ ᠺᠠᠳ᠋ᠷ ᠤᠨ ᠲᠤᠰ ᠬᠥᠮᠦᠨ ᠳᠤ ᠴᠠᠭ ᠲᠤᠬᠠᠢ ᠳᠤᠨᠢ ᠥᠭᠭᠦᠨ᠎ᠡ᠃ ᠵᠢᠯ ᠪᠦᠷᠢ ᠶᠢᠨ ᠬᠤᠪᠢ ᠬᠥᠮᠦᠨ ᠤ ᠳᠠᠩᠰᠠᠨ ᠡᠷᠦᠬᠡ ᠳᠠᠬᠢ ᠪᠡᠯᠡ ᠮᠥᠩᠭᠦ ᠶᠢᠨ ᠲᠤᠭ᠎ᠠ ᠨᠢ᠄ 80 ᠨᠠᠰᠤᠨ ᠠᠴᠠ ᠳᠡᠭᠡᠭᠰᠢᠬᠢ ᠮᠦᠷᠲᠡᠭᠡᠨ ︽ᠰᠣᠶᠣᠯ ᠤᠨ ᠶᠡᠭᠡ ᠬᠤᠪᠢᠰᠬᠠᠯ︾᠎ ᠳᠤ ᠪᠦᠷᠢᠨ ᠵᠡᠮᠳᠡᠭ ᠪᠤᠯᠤᠭᠰᠠᠨ ᠪᠠ ᠳᠡᠳ᠋ ᠠᠶᠢᠮᠠᠭ ᠤᠨ ᠱᠠᠲᠤᠨ ᠠᠴᠠ ᠳᠡᠭᠡᠭᠰᠢᠭᠢ ᠠᠵᠢᠯ ᠠᠴᠠ ᠪᠠᠨ ᠠᠮᠠᠷᠠᠭᠰᠠᠨ ᠺᠠᠳ᠋ᠷ ᠲᠤ ᠪᠦᠬᠦ ᠵᠢᠯ ᠳᠤ 8000 ᠲᠥᠭᠦᠷᠢᠭ᠂ 80 ᠨᠠᠰᠤ ᠬᠦᠷᠦᠭᠡᠳᠦᠢ ᠪᠤᠯᠪᠠᠴᠤ ︽ᠰᠣᠶᠣᠯ ᠤᠨ ᠶᠡᠭᠡ ᠬᠤᠪᠢᠰᠬᠠᠯ︾᠎ ᠳᠤ ᠦᠨᠳᠦᠰᠦᠨ ᠳᠡᠭᠡᠨ ᠵᠡᠮᠳᠡᠭ ᠪᠤᠯᠤᠭᠰᠠᠨ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠲᠤ ᠪᠦᠬᠦ ᠵᠢᠯ ᠳᠤ 7000 ᠲᠥᠭᠦᠷᠢᠭ᠂ ᠪᠤᠰᠤᠳ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠲᠤ ᠪᠦᠬᠦ ᠵᠢᠯ ᠳᠤ 6000 ᠲᠥᠭᠦᠷᠢᠭ︔ ᠬᠤᠪᠢ ᠬᠥᠮᠦᠨ ᠤ ᠳᠠᠩᠰᠠᠨ ᠡᠷᠦᠬᠡ ᠳᠠᠬᠢ ᠪᠡᠯᠡ ᠮᠥᠩᠭᠦ ᠶᠢ ᠲᠤᠰ ᠠᠷᠭ᠎ᠠ ᠶᠢᠨ ᠵᠥᠪᠰᠢᠶᠡᠷᠡᠬᠦ ᠬᠡᠪᠴᠢᠶᠡᠨ ᠳᠤ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠦᠪᠡᠷ ᠢᠶᠠᠨ ᠡᠵᠡᠨ ᠮᠡᠳᠡᠨ ᠵᠠᠷᠤᠵᠤ ᠡᠮᠨᠡᠭᠦᠯᠦᠨ᠎ᠡ᠂ ᠲᠤᠬᠠᠶᠢᠯᠠᠪᠠᠯ᠄ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠡᠮᠨᠡᠭᠦᠯᠵᠤ ᠪᠤᠯᠤᠨ᠎ᠠ᠂ ᠬᠢᠷᠢ ᠬᠡᠮ ᠪᠦᠬᠦᠢ ᠨᠡᠶᠢᠭᠡᠮ ᠲᠣᠭᠤᠷᠢᠭ ᠤᠨ ᠡᠭᠦᠳᠡᠨ ᠡᠮᠨᠡᠯᠭᠡ ᠳᠤ ᠡᠮᠨᠡᠭᠦᠯᠵᠤ ᠴᠤ ᠪᠣᠯᠤᠨ᠎ᠠ᠂ ᠵᠢᠭᠠᠨ ᠲᠣᠭᠲᠠᠭᠠᠭᠰᠠᠨ ᠡᠮ ᠤᠨ ᠳᠡᠯᠭᠡᠭᠦᠷ ᠠᠴᠠ ᠡᠮ ᠬᠤᠳᠠᠯᠳᠤᠵᠤ ᠠᠪᠤᠭᠰᠠᠨ ᠴᠤ ᠪᠤᠯᠤᠨ᠎ᠠ︔ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠵᠠᠷᠤᠴᠠᠭᠤᠯᠤᠭᠰᠠᠨ ᠠᠯᠢᠪᠠ ᠡᠮ ᠡᠮᠨᠡᠯᠭᠡ ᠶᠢᠨ ᠵᠠᠷᠤᠳᠠᠯ ᠢ ᠨᠢ ᠴᠥᠮ ᠲᠣᠭᠲᠠᠭᠠᠯ ᠶᠣᠰᠣᠭᠠᠷ ᠤᠷᠢᠳᠠᠪᠠᠷ ᠬᠤᠪᠢ ᠬᠥᠮᠦᠨ ᠤ ᠳᠠᠩᠰᠠᠨ ᠠᠴᠠ ᠭᠠᠷᠭᠠᠵᠤ᠂ ᠵᠢᠯ ᠤᠨ ᠡᠴᠦᠰ ᠲᠤ ᠬᠤᠪᠢ ᠬᠥᠮᠦᠨ ᠤ ᠳᠠᠩᠰᠠᠨ ᠡᠷᠦᠬᠡ ᠳᠤ ᠨᠢ ᠤᠷᠤᠭᠤᠯᠵᠤ᠂ ᠲᠤᠰ ᠵᠢᠯ ᠤᠨ ᠬᠤᠪᠢ ᠬᠥᠮᠦᠨ ᠤ ᠳᠠᠩᠰᠠᠨ ᠡᠷᠦᠬᠡ ᠠᠴᠠ ᠬᠡᠲᠦᠷᠡᠭᠰᠡᠨ ᠬᠡᠰᠡᠭ ᠢ ᠲᠣᠭᠲᠠᠭᠠᠯ ᠶᠣᠰᠣᠭᠠᠷ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠣᠲᠣᠷ᠎ᠠ ᠠᠴᠠ ᠪᠣᠳᠠᠲᠠᠶ ᠵᠠᠷᠤᠭᠰᠠᠨ ᠢᠶᠠᠷ ᠨᠢ ᠳᠠᠩᠰᠠ ᠪᠤᠳᠤᠨ᠎ᠠ︔ ᠬᠤᠶᠠᠳᠤᠭᠠᠷ ᠳᠡᠰ ᠤᠨ ᠬᠥᠬᠡᠭᠴᠢᠨ ᠵᠡᠷᠭᠡ ᠠᠴᠠ ᠳᠡᠭᠡᠭᠰᠢ ᠵᠡᠮᠳᠡᠭ ᠠᠷᠠᠳ ᠤᠨ ᠴᠠᠭᠳᠠᠭ᠎ᠠ ᠶᠢᠨ ᠳᠤᠲᠤᠷᠠᠬᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠪᠢᠰᠢ ᠬᠦᠮᠦᠨ ᠳᠤ ᠬᠤᠪᠢ ᠬᠥᠮᠦᠨ ᠤ ᠳᠠᠩᠰᠠᠨ ᠡᠷᠦᠬᠡ ᠪᠠᠶᠢᠭᠤᠯᠵᠤ ᠦᠭᠭᠦ ᠦᠭᠡᠢ᠂ ᠡᠭᠦᠨ ᠤ ᠬᠠᠮᠲᠤ ᠥᠮᠡᠨ ᠡᠪᠡᠳᠴᠢᠲᠡᠨ ᠪᠠ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠡᠪᠡᠳᠴᠢᠲᠡᠨ ᠵᠢᠯ ᠲᠤᠷᠰᠢ ᠡᠮᠨᠡᠯᠭᠡ ᠳᠤ ᠰᠠᠭᠤᠵᠤ ᠡᠮᠨᠡᠭᠦᠯᠪᠡᠯ᠂ ᠲᠤᠰ ᠬᠥᠮᠦᠨ ᠢᠶᠠᠷ ᠨᠢ ᠵᠦᠪᠰᠢᠶᠡᠷᠡᠭᠦᠯᠦᠭᠡᠳ ᠳᠠᠩᠰᠠᠨ ᠡᠷᠦᠬᠡ ᠪᠠᠶᠢᠭᠤᠯᠬᠤ ᠦᠭᠡᠢ ᠪᠠᠶᠢᠵᠤ ᠪᠤᠯᠤᠨ᠎ᠠ᠃ ᠬᠤᠪᠢ ᠬᠥᠮᠦᠨ ᠤ ᠳᠠᠩᠰᠠᠨ ᠡᠷᠦᠬᠡ ᠪᠠᠶᠢᠭᠤᠯᠬᠤ ᠦᠭᠡᠢ ᠳᠡᠭᠡᠷ᠎ᠡ ᠳᠤᠷᠠᠳᠤᠭᠰᠠᠨ ᠬᠥᠮᠦᠰ ᠤᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠰᠠᠷ᠎ᠠ ᠪᠦᠷᠢ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠠᠬᠢᠨ ᠬᠢᠨᠠᠭᠰᠠᠨ ᠤ ᠳᠠᠷᠠᠭ᠎ᠠ᠂ ᠲᠦᠯᠦᠭᠦᠯᠬᠦ ᠡᠮ ᠡᠮᠨᠡᠯᠭᠡ ᠶᠢᠨ ᠵᠠᠷᠤᠳᠠᠯ ᠢ ᠲᠡᠭᠦᠨ ᠤ ᠪᠠᠶᠢᠭ᠎ᠠ ᠨᠢᠭᠡᠴᠡ ᠳᠤ ᠲᠥᠪᠯᠡᠷᠡᠭᠦᠯᠦᠨ ᠦᠭᠴᠦ᠂ ᠨᠢᠭᠡᠴᠡ ᠠᠴᠠ ᠬᠤᠪᠢ ᠬᠦᠮᠦᠨ ᠳᠤ ᠨᠢ ᠭᠠᠷᠭᠠᠵᠤ ᠦᠭᠭᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号