ᠥᠪᠥᠷ ᠮᠣᠩᠭᠤᠯ ᠤᠨ ᠣᠯᠠᠨ ᠠᠶᠢᠮᠠᠭ ᠬᠤᠲᠠ 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2015/10/16
     ᠥᠪᠥᠷ ᠮᠣᠩᠭᠤᠯ ᠬᠡᠰᠡᠭ ᠠᠶᠢᠮᠠᠭ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠤᠨ ᠠᠬᠢᠴᠠ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃ ᠡᠯ᠎ᠡ ᠠᠶᠢᠮᠠᠭ ᠬᠤᠲᠠ ᠴᠥᠮ  ᠡᠨᠡ ᠵᠢᠯ ᠤᠨ 10 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠠᠶᠢᠮᠠᠭ ᠬᠤᠲᠠ ᠬᠤᠰᠢᠭᠤ ᠰᠢᠶᠠᠨ ᠤ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠪᠠ ᠪᠠᠶᠢᠭᠤᠯᠤᠮᠵᠢ ᠪᠠᠶᠢᠭᠤᠯᠬᠤ ᠶᠢ ᠪᠡᠶᠡᠯᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠠᠵᠢᠯᠲᠠᠳ ᠢ ᠬᠤᠪᠢᠶᠠᠷᠢᠯᠠᠨ ᠰᠢᠯᠵᠢᠭᠦᠯᠬᠦ᠂ ᠮᠠᠲ᠋ᠧᠷᠢᠶᠠᠯ ᠰᠢᠯᠵᠢᠭᠦᠯᠦᠨ ᠲᠤᠰᠢᠶᠠᠬᠤ ᠪᠠ ᠲᠤᠭ᠎ᠠ ᠪᠠᠷᠢᠮᠲᠠ ᠶᠢᠨ ᠡᠮᠬᠢᠯᠡᠨ ᠨᠡᠶᠢᠯᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ ᠭᠡᠪᠡ᠃ ᠲᠦᠷᠦᠭᠦᠬᠡᠨ᠂ ᠤᠯᠤᠰ ᠤᠨ ᠭᠠᠵᠠᠷ ᠰᠢᠷᠣᠶ ᠶᠢᠨ ᠰᠢᠮᠳᠠᠭᠤᠯᠤᠨ ᠪᠠᠶᠢᠴᠠᠭᠠᠬᠤ ᠲᠣᠪᠴᠢᠶ᠎ᠠ ᠶᠢᠨ ᠪᠡᠭᠡᠵᠢᠩ ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠪᠠ ᠬᠢᠨᠠᠨ ᠪᠠᠶᠢᠴᠠᠭᠠᠬᠤ ᠶᠡᠷᠦᠩᠬᠡᠶ ᠠᠩᠭᠢ ᠪᠠᠷ ᠪᠦᠷᠢᠯᠳᠦᠭᠰᠡᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠯᠠᠭᠠᠨᠬᠠᠳᠠ᠂  ᠰᠢᠯᠢ ᠶᠢᠨ ᠭᠤᠣᠯ ᠠᠶᠢᠮᠠᠭ᠂ ᠦᠬᠠᠶ ᠬᠤᠲᠠ᠂ ᠠᠯᠠᠱᠠᠨ ᠠᠶᠢᠮᠠᠭ ᠪᠣᠯᠤᠨ ᠬᠥᠬᠡᠬᠤᠲᠠ ᠳᠤ ᠬᠦᠷᠴᠦ ᠲᠣᠬᠠᠢ ᠶᠢᠨ ᠭᠠᠵᠠᠷ ᠣᠷᠣᠨ ᠤ ᠲᠤᠰ ᠱᠠᠲᠤᠨ ᠤ ᠪᠠ  ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ  ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠦᠭᠰᠡᠨ᠂ ᠪᠠᠶᠢᠭᠤᠯᠤᠮᠵᠢ ᠪᠠᠶᠢᠭᠤᠯᠤᠭᠰᠠᠨ ᠠᠬᠢᠴᠠ ᠵᠢᠴᠢ ᠲᠥᠯᠥᠪᠯᠡᠭᠡ ᠲᠣᠬᠢᠷᠠᠭᠤᠯᠤᠯᠲᠠ ᠶᠢ ᠪᠡᠶᠡᠯᠡᠭᠦᠯᠬᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ ᠪᠠᠶᠢᠭᠤᠯᠤᠮᠵᠢ ᠪᠠᠶᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ᠂ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠪᠣᠯᠤᠨ ᠰᠠᠨᠠᠭᠤᠯᠭ᠎ᠠ ᠵᠡᠷᠭᠡ ᠬᠤᠯᠪᠣᠭᠳᠠᠯ ᠪᠦᠬᠦᠢ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃ ᠡᠯ᠎ᠡ ᠠᠶᠢᠮᠠᠭ ᠬᠤᠲᠠ ᠶᠢ ᠲᠣᠭᠲᠠᠭᠰᠠᠨ ᠬᠤᠭᠤᠴᠠᠭᠠᠨ ᠳᠣᠲᠣᠷ᠎ᠠ ᠡᠷᠬᠡᠪᠰᠢ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠪᠠ ᠪᠠᠶᠢᠭᠤᠯᠤᠮᠵᠢ ᠪᠠᠶᠢᠭᠤᠯᠬᠤ ᠶᠢ ᠱᠠᠭᠠᠷᠳᠠᠪᠠ᠃ ᠳᠠᠷᠠᠭ᠎ᠠ ᠠᠯᠬᠤᠮ ᠳᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠠᠴᠠ ᠡᠯ᠎ᠡ ᠠᠶᠢᠮᠠᠭ ᠬᠤᠲᠠ ᠶᠢᠨ ᠥᠯᠥ ᠬᠥᠳᠡᠯᠬᠦ ᠬᠦᠷᠦᠩᠭᠡ ᠶᠢ ᠳᠠᠩᠰᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠢᠳᠡᠪᠬᠢᠲᠠᠢ ᠪᠠᠷ ᠮᠦᠷᠳᠡᠵᠦ᠂ ᠠᠵᠢᠯ ᠢᠶᠠᠨ ᠠᠬᠢᠭᠤᠯᠬᠤ ᠡᠷᠴᠢᠮ ᠢᠶᠠᠷ ᠰᠤᠯᠠ ᠪᠤᠶᠤ ᠡᠰᠡ ᠦᠢᠯᠡᠳᠬᠦᠢ ᠵᠡᠷᠭᠡ ᠲᠣᠪᠤᠶᠢᠮ᠎ᠠ ᠠᠰᠠᠭᠤᠳᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠳᠡᠪᠰᠢᠭᠦᠯᠦᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃        ᠤᠯᠤᠰ ‍ᠤᠨ‌ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠮᠡᠳᠡᠭᠡ ᠶᠢ ᠦᠨᠳᠦᠰᠦᠯᠡᠪᠡᠯ᠂ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾᠎ ᠎ ᠤᠨ ᠬᠠᠣᠯᠢ ᠪᠠᠷ ᠲᠣᠭᠲᠠᠭᠠᠭᠰᠠᠨ ᠵᠢᠷᠤᠮ ᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠲᠡᠯᠡᠨ ᠬᠡᠷᠡᠭᠵᠢᠭᠦᠯᠬᠦ ᠨᠥᠬᠦᠴᠡᠯ ᠠᠩᠬ᠎ᠠ ᠠᠯᠬᠤᠮ ᠪᠦᠷᠢᠯᠳᠦᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号