2016 ᠣᠨ ᠳᠤ ᠥᠪᠥᠷ ᠮᠣᠩᠭᠤᠯ ᠤᠨ ᠠᠯᠪᠠᠨ ᠠᠴᠠ ᠡᠷᠬᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠬᠤᠳᠠᠯᠳᠤᠨ ᠠᠪᠬᠤ ᠰᠢᠨ᠎ᠡ ᠲᠣᠭᠲᠠᠭᠠᠯ ᠭᠠᠷᠬᠤ ᠪᠣᠯᠣᠨ᠎ᠠ
ᠨᠡᠶᠢᠲᠡᠯᠡᠭᠰᠡᠨ ᠴᠠᠭ᠄
2015/10/16
     ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠣᠷᠴᠢᠮᠬᠠᠨ 2016 ᠣᠨ ᠤ ᠪᠦᠬᠦ ᠣᠷᠣᠨ ᠤ ᠡᠯ᠎ᠡ ᠱᠠᠲᠤᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠡᠷᠬᠢᠯᠡᠭᠰᠡᠨ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠬᠤᠳᠠᠯᠳᠤᠨ ᠠᠪᠬᠤ ᠲᠥᠯᠥᠪᠯᠡᠭᠡ ᠬᠢᠭᠡᠳ ᠲᠥᠰᠦᠪ ᠤᠨ ᠮᠡᠳᠡᠭᠳᠡᠯ ᠢ ᠪᠠᠭᠤᠯᠭᠠᠵᠤ᠂ ᠡᠯ᠎ᠡ ᠨᠢᠭᠡᠴᠡ ᠶᠢ 2016 ᠣᠨ ᠤ ᠡᠮ ᠤᠨ ᠵᠦᠢᠯ ᠬᠤᠳᠠᠯᠳᠤᠨ ᠠᠪᠬᠤ ᠲᠥᠯᠥᠪᠯᠡᠭᠡ ᠨᠠᠶᠢᠷᠠᠭᠤᠯᠤᠨ ᠵᠣᠬᠢᠶᠠᠬᠤ ᠳᠠᠭᠠᠨ 2014 ᠣᠨ ᠤ ᠪᠣᠢ ᠪᠥᠬᠦᠢ ᠡᠮ ᠤᠨ ᠵᠦᠢᠯ ᠤᠨ ᠪᠤᠲᠠᠲᠠᠢ ᠬᠡᠷᠡᠭᠯᠡᠭᠰᠡᠨ ᠬᠡᠮᠵᠢᠶ᠎ᠡ ᠶᠢᠨ 80%᠎ ᠠᠴᠠ ᠳᠣᠣᠷ᠎ᠠ ᠦᠭᠡᠢ ᠪᠠᠶᠢᠯᠭᠠᠬᠤ ᠶᠢ ᠱᠠᠭᠠᠷᠳᠠᠪᠠ᠃      ᠲᠤᠰ ᠨᠢᠭᠡᠴᠡ ᠶᠢᠨ ᠪᠣᠳᠠᠲᠠᠶ ᠬᠡᠷᠡᠭᠯᠡᠬᠦ ᠡᠮ ᠪᠣᠯᠣᠨ ᠡᠮ ᠬᠡᠷᠡᠭᠯᠡᠬᠦ ᠲᠥᠯᠥᠪᠯᠡᠭᠡ ᠶᠢᠨ ᠪᠠᠶᠢᠳᠠᠯ ᠶᠣᠰᠤᠭᠠᠷ᠂ ᠨᠡᠶᠢᠳᠡᠮ ᠬᠡᠷᠡᠭᠯᠡᠭᠳᠡᠵᠦ ᠪᠠᠶᠢᠭ᠎ᠠ ᠨᠡᠷ᠎ᠡ᠂ ᠡᠮ ᠤᠨ ᠬᠡᠯᠪᠡᠷᠢ ᠪᠣᠯᠣᠨ ᠳᠦᠷᠢᠮ ᠲᠣᠭᠲᠠᠭᠠᠭᠰᠠᠨ ᠬᠡᠮᠵᠢᠶ᠎ᠡ ᠳᠤ ᠬᠦᠷᠲᠡᠯ᠎ᠡ ᠪᠣᠲᠠᠲᠠᠢ ᠪᠣᠯᠭᠠᠵᠤ᠂ ᠬᠤᠳᠠᠯᠳᠤᠨ ᠠᠪᠬᠤ ᠡᠮ ᠤᠨ ᠵᠦᠢᠯ ᠨᠢᠭᠡᠪᠦᠷᠢ ᠶᠢᠨ ᠡᠮ ᠤᠨ ᠬᠡᠯᠪᠡᠷᠢ ᠶᠢ ᠵᠠᠷᠴᠢᠮ ᠳᠡᠭᠡᠷ᠎ᠡ ᠪᠠᠨ 3 ᠲᠥᠷᠥᠯ ᠢ ᠳᠠᠪᠠᠭᠤᠯᠬᠤ ᠦᠭᠡᠢ ᠪᠠᠶᠢᠵᠤ᠂ ᠲᠥᠷᠥᠯ ᠪᠦᠷᠢ ᠶᠢᠨ ᠡᠮ ᠤᠨ ᠬᠡᠯᠪᠡᠷᠢ ᠶᠢᠨ ᠬᠠᠷᠭᠠᠯᠵᠠᠭᠰᠠᠨ ᠳᠦᠷᠢᠮ ᠲᠣᠭᠲᠠᠭᠠᠭᠰᠠᠨ ᠬᠡᠮᠵᠢᠶ᠎ᠡ ᠶᠢ ᠵᠠᠷᠴᠢᠮ ᠳᠡᠭᠡᠷ᠎ᠡ ᠪᠠᠨ 2 ᠲᠥᠷᠥᠯ ᠢ ᠳᠠᠪᠠᠭᠤᠯᠬᠤ ᠦᠭᠡᠢ ᠪᠠᠶᠢᠬᠤ ᠬᠡᠷᠡᠭᠲᠡᠢ᠃ ᠬᠡᠦᠬᠡᠳ ᠲᠤ ᠬᠡᠷᠡᠭᠯᠡᠬᠦ ᠡᠮ ᠳᠤ ᠬᠠᠷᠢᠶᠠᠯᠠᠭᠳᠠᠪᠠᠯ᠂ ᠣᠨᠴᠠᠭᠠᠶ ᠣᠨᠣᠰᠢᠯᠠᠨ ᠡᠮᠨᠡᠬᠦ ᠠᠴᠠ ᠪᠣᠯᠵᠤ ᠪᠤᠰᠤᠳ ᠡᠮ ᠤᠨ ᠬᠡᠯᠪᠡᠷᠢ ᠪᠣᠯᠣᠨ ᠡᠮ ᠤᠨ ᠳᠦᠷᠢᠮ ᠲᠣᠭᠲᠠᠭᠠᠭᠰᠠᠨ ᠬᠡᠮᠵᠢᠶ᠎ᠡ ᠪᠥᠬᠦᠢ ᠡᠮ ᠤᠨ ᠵᠦᠢᠯ ᠢ ᠬᠡᠷᠡᠭᠯᠡᠬᠦ ᠴᠢᠬᠤᠯᠠ ᠲᠠᠢ ᠪᠠᠶᠢᠳᠠᠯ ᠤᠨ ᠳᠣᠣᠷ᠎ᠠ᠂ ᠡᠯ᠎ᠡ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠡᠮ ᠤᠨ ᠲᠥᠷᠥᠯ ᠵᠦᠢᠯ ᠡᠮ ᠤᠨ ᠬᠡᠯᠪᠡᠷᠢ ᠳᠦᠷᠢᠮ ᠲᠣᠭᠲᠠᠭᠠᠭᠰᠠᠨ ᠬᠡᠮᠵᠢᠶ᠎ᠡ ᠶᠢᠨ ᠬᠢᠵᠠᠭᠠᠷᠯᠠᠯ ᠢ ᠠᠭᠤᠵᠢᠭᠤ ᠲᠠᠯᠪᠢᠵᠤ ᠪᠣᠯᠤᠨ᠎ᠠ᠃ ᠦᠷᠭᠦᠯᠵᠢ ᠬᠡᠷᠡᠭᠯᠡᠭᠳᠡᠬᠦ ᠬᠢᠮᠳᠠ ᠡᠮ ᠤᠨ ᠵᠦᠢᠯ᠂ ᠤᠯᠤᠰ ᠠᠴᠠ ᠴᠢᠭ᠋ ᠲᠣᠭᠲᠠᠭᠠᠨ ᠦᠢᠯᠡᠳᠪᠦᠷᠢᠯᠡᠬᠦ ᠡᠮ ᠤᠨ ᠵᠦᠢᠯ᠂ ᠮᠢᠨᠴᠦᠭᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠬᠠᠯᠳᠠᠪᠤᠷᠢᠲᠤ ᠡᠪᠡᠳᠴᠢᠨ ᠪᠣᠯᠣᠨ ᠮᠦᠯᠵᠢᠭᠦᠷ ᠬᠤᠷᠣᠬᠠᠢ ᠶᠢᠨ ᠡᠪᠡᠳᠴᠢᠨ ᠢ ᠰᠡᠷᠭᠡᠶᠢᠯᠡᠨ ᠵᠠᠰᠠᠬᠤ ᠦᠨ᠎ᠡ ᠲᠥᠯᠥᠪᠦᠷᠢ ᠦᠭᠡᠢ ᠡᠮ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ᠂ ᠲᠥᠯᠥᠪᠯᠡᠭᠡᠲᠦ ᠦᠷᠡᠵᠢᠯ᠂ ᠮᠣᠩᠭᠤᠯ ᠪᠡᠯᠡᠨ ᠡᠮ᠂ ᠡᠮᠨᠡᠯᠭᠡ ᠶᠢᠨ ᠬᠤᠷᠢᠶ᠎ᠠ ᠳᠠᠭᠠᠨ ᠨᠠᠶᠢᠷᠠᠭᠰᠠᠨ ᠮᠣᠩᠭᠤᠯ ᠡᠮ᠂ ᠮᠣᠩᠭᠤᠯ ᠲᠠᠩ ᠡᠮ᠂ ᠬᠢᠲᠠᠳ ᠳᠠᠩ ᠡᠮ ᠢ ᠭᠠᠷᠭᠠᠪᠠᠯ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠷᠡᠭᠯᠡᠬᠦ ᠪᠤᠶ ᠪᠦᠬᠦᠢ ᠡᠮ ᠤᠨ ᠵᠦᠢᠯ ᠢ ᠴᠦᠮ ᠲᠥᠯᠥᠪᠯᠡᠭᠡ ᠶᠢᠨ ᠨᠠᠶᠢᠷᠠᠭᠤᠯᠤᠨ ᠵᠣᠬᠢᠶᠠᠬᠤ ᠬᠡᠪᠴᠢᠶᠡᠨ ᠳᠤ ᠣᠷᠤᠭᠤᠯᠤᠨ᠎ᠠ᠃ ᠨᠠᠶᠢᠷᠠᠭᠤᠯᠤᠨ ᠵᠣᠬᠢᠶᠠᠭᠰᠠᠨ ᠲᠥᠯᠥᠪᠯᠡᠭᠡ ᠪᠠ ᠲᠥᠰᠦᠪ ᠨᠢ ᠲᠤᠰ ᠭᠠᠵᠠᠷ ᠤᠨ ᠡᠮᠨᠡᠯᠭᠡ ᠶᠢᠨ ᠳᠠᠭᠠᠳᠬᠠᠯ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠩᠰᠠ ᠲᠠᠶᠢᠯᠬᠤ ᠬᠢᠷᠢ ᠬᠡᠮᠵᠢᠶ᠎ᠡ ᠵᠢᠴᠢ ᠡᠪᠡᠳᠴᠢᠲᠡᠨ ᠤ ᠬᠦᠯᠢᠶᠡᠨ ᠠᠪᠬᠤ ᠴᠢᠳᠠᠪᠤᠷᠢ ᠶᠢ ᠨᠢᠬᠡᠲᠦᠯᠲᠡᠢ ᠲᠥᠯᠥᠪᠯᠡᠨ ᠪᠣᠳᠣᠯᠬᠢᠯᠠᠵᠤ᠂ ᠡᠮ ᠤᠨ ᠵᠠᠷᠤᠳᠠᠯ ᠤᠨ ᠲᠥᠰᠦᠪ ᠤᠨ ᠵᠠᠷᠤᠯᠭ᠎ᠠ ᠶᠢ ᠶᠡᠷᠦᠩᠬᠡᠢ ᠳᠡᠭᠡᠨ ᠲᠤᠰ ᠨᠢᠭᠡᠴᠡ ᠶᠢᠨ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ 25-30%᠎ ᠶᠢ ᠳᠠᠪᠠᠭᠤᠯᠬᠤ ᠦᠭᠡᠢ ᠪᠠᠶᠢᠯᠭᠠᠬᠤ ᠶᠢᠨ ᠬᠠᠮᠲᠤ ᠡᠮ ᠤᠨ ᠵᠦᠢᠯ ᠬᠤᠳᠠᠯᠳᠤᠨ ᠠᠪᠬᠤ ᠵᠠᠷᠤᠳᠠᠯ ᠢ ᠲᠥᠰᠦᠪ ᠤᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号